2023 ᠣᠨ ᠳᠤ᠂ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠡᠩᠨᠡᠭᠡ ᠪᠠᠨ ᠲᠠᠰᠤᠷᠠᠯᠲᠠ ᠦᠭᠡᠢ ᠬᠦᠴᠦᠷᠬᠡᠭᠵᠢᠭᠦᠯᠵᠦ᠂ ᠪᠦᠲᠦᠴᠡ ᠶᠢ ᠰᠢᠯᠢᠳᠡᠭᠵᠢᠭᠦᠯᠦᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠬᠠᠷᠠᠭᠠᠯᠵᠠᠯ ᠢ ᠪᠠᠲᠤᠯᠠᠵᠤ᠂ ᠪᠠᠭᠰᠢ ᠶᠢᠨ ᠡᠩᠨᠡᠭᠡ ᠶᠢ ᠨᠡᠩ ᠢᠯᠡᠭᠦᠦ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠪᠠ᠃ | ᠬᠡᠪᠴᠢᠶ᠎ᠡ ᠪᠠ ᠬᠡᠪ ᠴᠢᠨᠠᠷ ᠲᠣᠭᠲᠠᠭᠤᠨ ᠢᠶᠠᠷ ᠳᠡᠭᠡᠭᠰᠢᠯᠡᠪᠡ | ᠪᠠᠴᠢᠮ ᠲᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠪᠠᠭᠰᠢ ᠶᠢᠨ ᠨᠥᠬᠦᠪᠦᠷᠢ ᠶᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠰᠢᠯᠢᠳᠡᠭ ᠪᠠᠭᠰᠢ᠂ | ᠰᠤᠷᠭᠠᠭᠤᠯᠢ ᠶᠢᠨ ᠵᠠᠬᠢᠷᠤᠯ ᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ ᠰᠤᠷᠭᠠᠭᠤᠯᠢ ᠳᠠᠰᠢ ᠰᠢᠯᠵᠢᠭᠦ ᠶᠢ ᠭᠤᠣᠯᠳᠠᠯᠭ᠎ᠠ ᠲᠠᠢ ᠴᠢᠩᠭᠠᠳᠬᠠᠨ᠂ ᠪᠦᠭᠦ | ᠣᠷᠣᠨ ᠳᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢ ᠨᠡᠶᠢᠲᠡ 10000 ᠰᠢᠬᠠᠮ ᠡᠯᠰᠡᠵᠦ᠂ ᠡᠭᠦᠨ ᠳᠤ ᠬᠥᠳᠡᠭᠡ ᠲᠣᠰᠬᠤᠨ ᠤ | ᠪᠠᠭᠰᠢ ᠶᠢ 1000 ᠭᠠᠷᠤᠢ ᠡᠯᠰᠡᠪᠡ᠃ 6700 ᠭᠠᠷᠤᠢ ᠪᠠᠭᠰᠢ᠂ ᠰᠤᠷᠭᠠᠭᠤᠯᠢ ᠶᠢᠨ ᠵᠠᠬᠢᠷᠤᠯ ᠠᠵᠢᠯ ᠤᠨ ᠪᠠᠶᠢᠷᠢ ᠡᠭᠡᠯᠵᠢᠯᠡᠭᠦᠯᠬᠦ ᠳᠤ ᠣᠷᠣᠯᠴᠠᠵᠠᠢ᠃ ᠣᠲᠣ | ᠪᠤᠯᠲᠠᠯ᠎ᠠ᠂ ᠪᠦᠭᠦ ᠣᠷᠣᠨ ᠤ ᠪᠠᠭᠰᠢ ᠠᠵᠢᠯᠲᠠᠨ ᠤ ᠲᠤᠭ᠎ᠠ 41.38 ᠲᠦᠮᠡ ᠳᠤ ᠬᠦᠷᠴᠦ᠂ ᠡᠭᠦᠨ ᠳᠤ ᠲᠤᠰᠬᠠᠢ ᠲᠤᠰᠢᠶᠠᠯᠲᠤ ᠪᠠᠭᠰᠢ 31.26 ᠲᠦᠮᠡ ᠪᠠᠶᠢᠵᠤ᠂ | ᠲᠦᠷᠦᠭᠦᠸ ᠵᠢᠯ ᠤᠨ ᠬᠢ ᠠᠴᠠ 1.9% ᠪᠠᠷ ᠨᠡᠮᠡᠭᠳᠡᠵᠡᠢ᠃ ᠬᠤᠲᠠ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠩᠬᠢᠨᠢ | ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠳᠡᠭᠡᠷ᠎ᠡ ᠵᠢᠯ ᠤᠨ ᠬᠢ ᠠᠴᠠ ᠲᠣᠰ ᠲᠣᠰ 1.16% ᠪᠠ 2. | 72% ᠢᠶᠠᠷ ᠨᠡᠮᠡᠭᠳᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠰᠫᠢᠷᠠᠨᠲ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ | ᠪᠠᠭᠰᠢ ᠶᠢᠨ ᠡᠵᠡᠯᠡᠬᠦ ᠬᠠᠷᠢᠴᠠᠯ 19.09% ᠳᠤ ᠬᠦᠷᠴᠦ᠂ ᠶᠡᠭᠡ ᠳᠡᠭᠡᠳᠦ ᠰᠤᠷᠭᠠᠭᠤᠯᠢ ᠶᠢᠨ ᠳ᠋ᠣᠺᠲ᠋ᠣᠷ ᠴᠣᠯᠠ ᠲᠠᠢ ᠪᠠᠭᠰᠢ ᠶᠢᠨ ᠡᠵᠡᠯᠡᠬᠦ ᠬᠠᠷᠢᠴᠠᠯ 21. | 57% ᠳᠤ ᠬᠦᠷᠴᠦ᠂ ᠪᠠᠭᠰᠢ ᠶᠢᠨ ᠬᠥᠭᠵᠢᠯᠲᠡ ᠶᠢᠨ ᠪᠠᠲᠤᠯᠠᠭ᠎ᠠ ᠬᠦᠴᠦᠲᠡᠢ ᠪᠣᠯᠵᠤ᠂ ᠪᠠᠭᠰᠢ ᠶᠢᠨ ᠡᠩᠨᠡᠭᠡ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ | ᠢᠯᠡᠳᠲᠡ ᠳᠡᠭᠡᠭᠰᠢᠯᠡᠪᠡ᠃ | ᠪᠠᠭᠰᠢ ᠶᠢᠨ ᠮᠣᠷᠠᠯ ᠰᠤᠷᠲᠠᠯ ᠦᠷᠭᠦᠯᠵᠢᠯᠡᠨ ᠰᠠᠶᠢᠵᠢᠷᠠᠪᠠ | ᠪᠠᠭᠰᠢ ᠶᠢᠨ ᠮᠣᠷᠠᠯ ᠰᠤᠷᠲᠠᠯ ᠢ ᠲᠡᠷᠢᠭᠦᠨ ᠳᠤ ᠲᠠᠯᠪᠢᠬᠤ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ︽ᠦᠵᠡᠯ ᠰᠠᠨᠠᠭ᠎ᠠ ᠶᠢᠨ ᠰᠦᠭ | ᠰᠦᠨᠡᠰᠦ ᠶᠢ ᠱᠤᠭᠤᠬᠤ︾ ᠵᠡᠷᠭᠡ 6 ᠵᠦᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠪᠠᠭᠰᠢ ᠶᠢᠨ ᠮᠣᠷᠠᠯ ᠰᠤᠷᠲᠠᠯ ᠤᠨ ᠤᠷᠢᠳᠴᠢᠯᠠᠨ ᠰᠡᠷᠡᠮᠵᠢᠯᠡᠭᠦᠯᠭᠦ᠂ ᠪᠠᠭᠰᠢ ᠶᠢᠨ | ᠮᠣᠷᠠᠯ ᠰᠤᠷᠲᠠᠯ ᠳᠤ ᠬᠤᠯᠪᠣᠭᠳᠠᠭᠰᠠᠨ ᠬᠡᠷᠡᠭ ᠢ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ᠂ ᠪᠠᠭᠰᠢ ᠶᠢᠨ ᠮᠣᠷᠠᠯ ᠤᠨ ᠲᠣᠭᠲᠠᠭᠠᠯ ᠠᠴᠠ ᠵᠥᠷᠢᠴᠡᠭᠰᠡᠨ | ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ ᠢᠯᠡᠴᠢᠯᠡᠬᠦ ᠲᠣᠭᠲᠠᠴᠠ ᠶᠢ ᠪᠦᠷᠢᠨᠰᠢᠭᠦᠯᠵᠦ᠂ ᠪᠠᠭᠰᠢ ᠠᠵᠢᠯᠲᠠᠨ ᠤ ᠠᠵᠢᠯ ᠲᠦᠷᠦᠯ ᠳᠤ ᠣᠷᠣᠬᠤ ᠶᠢ ᠵᠥᠪᠰᠢᠶᠡᠷᠡᠬᠦ | ᠪᠠᠶᠢᠴᠠᠭᠠᠨ ᠯᠠᠪᠯᠠᠯᠲᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠢᠰᠲ᠋ᠧᠮ ᠪᠦᠷᠢᠨ ᠲᠡᠭᠦᠯᠳᠡᠷ᠂ ᠬᠡᠷᠡᠭᠵᠢᠭᠦᠯᠦᠯᠲᠡ ᠴᠢᠩᠭ᠎ᠠ᠂ ᠬᠠᠷᠢᠭᠤᠴᠠᠯᠭ᠎ᠠ ᠨᠡᠬᠡᠮᠵᠢᠯᠡᠬᠦ ᠳᠤ | ᠦᠨᠳᠦᠰᠦ ᠪᠠᠷᠢᠮᠲᠠ ᠲᠠᠢ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ ᠪᠠᠭᠰᠢ ᠶᠢᠨ ᠮᠣᠷᠠᠯ | ᠰᠤᠷᠲᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ ᠬᠥᠮᠥᠵᠢᠭᠦᠯᠵᠦ᠂ ᠠᠩᠬᠠᠳᠤᠭᠠᠷ ᠬᠤᠭᠤᠴᠠᠭᠠᠨ ᠤ ᠬᠠᠮᠤᠭ ᠤᠨ ᠭᠤᠶᠤ ᠪᠠᠭᠰᠢ ᠶᠢᠨ ᠱᠠᠩᠨᠠᠯ | ᠣᠯᠭᠤᠬᠤ ᠦᠳᠡᠰᠢᠯᠡᠭᠡ ᠶᠢ ᠡᠷᠭᠢᠯᠡᠵᠦ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ ᠫᠷᠤᠹᠧᠰᠰᠤᠷ ᠪᠦᠭᠦ ᠤᠯᠤᠰ ᠤᠨ | ᠠᠷᠪᠠᠨ ︽ᠬᠠᠮᠤᠭ ᠤᠨ ᠭᠤᠶᠤ ᠪᠠᠭᠰᠢ︾ ᠪᠠᠷ ᠦᠨᠡᠯᠡᠭᠳᠡᠵᠦ᠂ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠤᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ | ᠰᠤᠷᠲᠠᠯ ᠴᠢᠬᠡᠴᠢ ᠣᠪᠣᠷ ᠲᠥᠪ ᠬᠥᠮᠥᠨ ᠢ ᠬᠥᠮᠥᠵᠢᠭᠦᠯᠬᠦ ᠠᠭᠤᠷ ᠠᠮᠢᠰᠬᠤᠯ ᠨᠡᠩ ᠥᠳᠬᠡᠨ ᠵᠤᠵᠠᠭᠠᠨ ᠪᠣᠯᠪᠠ᠃ | ᠪᠣᠯᠪᠠᠰᠤᠷᠠᠯ ᠢᠶᠠᠷ ᠬᠠᠪᠰᠤᠷᠤᠨ ᠲᠡᠳᠬᠦᠵᠦ ᠪᠠᠶᠢᠩᠭᠤ ᠶᠢᠨ ᠦᠷ᠎ᠡ ᠪᠦᠲᠦᠮᠵᠢ ᠣᠯᠪᠠ | ᠨᠠᠷᠢᠯᠢᠭ ᠣᠨᠣᠴᠠᠲᠠᠢ ᠪᠠᠷ ᠪᠣᠯᠪᠠᠰᠤᠷᠠᠯ ᠬᠦᠷᠲᠡᠭᠡᠬᠦ ᠥᠭᠡᠷᠡᠴᠢᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠦᠯᠦᠭ ᠬᠤᠪᠢᠶᠠᠨ 150 ᠪᠠᠶᠢᠭᠤᠯᠪᠠ᠃ 7500 ᠲᠦᠮᠡᠨ | ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠪᠠᠭᠰᠢ ᠶᠢ 2.5 ᠲᠦᠮᠡᠨ ᠬᠥᠮᠥᠨ ᠤᠳᠠᠭ᠎ᠠ | ᠪᠣᠯᠪᠠᠰᠤᠷᠠᠯ ᠬᠦᠷᠲᠡᠭᠡᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠣᠭᠠᠴᠢᠯᠠᠭᠰᠠᠨ ᠭᠡᠯᠪᠡᠷᠢ ᠲᠡᠶᠢᠰᠢ ᠬᠤᠪᠢᠷᠠᠬᠤ ᠶᠢ ᠢᠳᠡᠪᠬᠢᠲᠡᠢ ᠠᠬᠢᠭᠤᠯᠵᠤ᠂ ᠣᠶᠤᠨᠴᠢ | ᠰᠤᠷᠭᠠᠨ ᠬᠥᠮᠦᠵᠢᠯ ᠤᠨ ᠲᠠᠪᠴᠠᠩ ᠢᠶᠠᠷ ᠪᠠᠭᠰᠢ ᠨᠠᠷ ᠤᠨ ᠵᠤᠨ ᠤ ᠠᠮᠠᠷᠠᠯᠲᠠ ᠳᠤ ᠰᠦᠯᠵᠢᠶᠡᠨ ᠳᠡᠭᠡᠷ᠎ᠡ ᠰᠤᠳᠤᠯᠤᠨ ᠰᠤᠷᠤᠯᠴᠠᠬᠤ ᠶᠢ ᠥᠷᠨᠢᠭᠦᠯᠵᠦ᠂ | ᠣᠷᠣᠯᠴᠠᠬᠰᠠᠨ ᠪᠠᠭᠰᠢ ᠨᠠᠷ 24 ᠲᠦᠮᠡ ᠶᠢ ᠳᠠᠪᠠᠪᠠ᠃ ᠪᠦᠯᠭᠦᠮ ᠪᠠᠶᠢᠭᠤᠯᠬᠤ ᠮᠠᠶ᠋ᠢᠭ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠢ ᠥᠷᠨᠢᠭᠦᠯᠵᠦ᠂ 1122 | ᠪᠠᠭᠰᠢ ᠶᠢ ᠨᠢᠭᠡᠳᠦᠯᠲᠡᠢ ᠲᠥᠯᠥᠪᠯᠡᠨ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ ᠰᠤᠷᠭᠠᠭᠤᠯᠢ ᠳᠤ | ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠳᠡᠮᠵᠢᠪᠡ᠃ ᠳᠡᠮᠵᠢᠵᠦ ᠪᠠᠶᠢᠭ᠎ᠠ ᠰᠤᠷᠭᠠᠭᠤᠯᠢ ᠶᠢᠨ ᠨᠠᠷᠠᠲᠤ ᠰᠤᠷᠭᠠᠭᠤᠯᠢ ᠶᠢᠨ ᠵᠠᠬᠢᠷᠤᠯ ᠨᠠᠷᠠᠲᠤ ᠪᠠᠭᠰᠢ ᠶᠢᠨ | ᠠᠵᠢᠯᠯᠠᠬᠤ ᠦᠷᠦᠭᠡ ᠶᠢ ᠠᠰᠢᠭᠯᠠᠨ ᠲᠤᠰᠠᠯᠠᠮᠵᠢ ᠬᠦᠷᠲᠡᠵᠦ ᠪᠠᠶᠢᠭ᠎ᠠ ᠰᠤᠷᠭᠠᠭᠤᠯᠢ ᠠᠴᠠ ᠪᠠᠭᠰᠢ ᠡᠯᠰᠡᠨ᠂ 11500 ᠭᠠᠷᠤᠢ ᠤᠳᠠᠭᠠᠨ ᠤ ᠵᠢᠭᠠᠬᠤ ᠶᠢ | ᠰᠤᠳᠤᠯᠬᠤ ᠠᠵᠢᠯᠯᠠᠭ᠎ᠠ ᠥᠷᠨᠢᠭᠦᠯᠪᠡ᠃ ᠲᠤᠰᠠᠯᠠᠮᠵᠢ ᠬᠦᠷᠲᠡᠵᠦ ᠪᠠᠶᠢᠭ᠎ᠠ ᠰᠤᠷᠭᠠᠭᠤᠯᠢ 435 ᠭᠤᠣᠯᠯᠠᠬᠤ ᠪᠠᠭᠰᠢ ᠶᠢ ᠰᠢᠯᠢᠨ ᠰᠣᠩᠭᠤᠵᠤ᠂ ᠲᠡᠮᠵᠢᠵᠦ ᠪᠠᠶᠢᠭ᠎ᠠ | ᠰᠤᠷᠭᠠᠭᠤᠯᠢ ᠳᠤ ᠬᠦᠷᠭᠡᠨ ᠠᠵᠢᠯ ᠤᠨ ᠪᠠᠶᠢᠷᠢ ᠲᠠᠭᠠᠨ ᠰᠤᠷᠤᠯᠴᠠᠭᠤᠯᠪᠠ᠃ ᠮᠠᠨ ᠤ ᠣᠷᠣᠨ ᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠴᠢᠳᠠᠪᠤᠷᠢᠲᠠᠨ ᠢ ᠳᠡᠮᠵᠢᠬᠦ | ᠲᠥᠯᠥᠪᠯᠡᠭᠡ ᠶᠢᠨ ᠪᠠᠭᠰᠢ ᠶᠢᠨ ᠲᠤᠰᠬᠠᠢ ᠲᠥᠯᠥᠪᠯᠡᠭᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠤᠭᠤᠷᠤᠯᠴᠤᠳ ᠤᠨ ᠬᠢᠴᠢᠶᠡᠯ ᠵᠢᠭᠠᠬᠤ ᠲᠥᠯᠥᠪᠯᠡᠭᠡ ᠶᠢ | ᠦᠷᠭᠦᠯᠵᠢᠯᠡᠨ ᠬᠡᠷᠡᠭᠵᠢᠭᠦᠯᠵᠦ᠂ ᠨᠡᠶᠢᠲᠡ 454 ᠰᠢᠯᠢᠳᠡᠭ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠳᠡᠮᠵᠢᠬᠦ᠂ | ᠰᠤᠳᠤᠯᠭᠠᠨ ᠢ ᠳᠡᠮᠵᠢᠬᠦ ᠠᠵᠢᠯ ᠢ ᠥᠷᠨᠢᠭᠦᠯᠵᠦ᠂ ᠰᠤᠷᠭᠠᠨ ᠬᠥᠮᠦᠵᠢᠯ ᠤᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ | ᠴᠢᠳᠠᠪᠤᠷᠢ ᠶᠢ ᠨᠡᠮᠡᠭᠳᠡᠭᠦᠯᠪᠡ᠃ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠣᠳᠠᠲᠠᠢ ᠨᠠᠶᠢᠳᠠᠪᠤᠷᠢᠵᠢᠭᠤᠯᠪᠠ | ᠡᠯ᠎ᠡ ᠰᠠᠯᠠᠭ᠎ᠠ ᠮᠥᠴᠢᠷ ᠤᠨ ᠠᠵᠢᠯ ᠤᠨ ᠬᠠᠮᠲᠤᠷᠠᠯ ᠤᠨ ᠬᠦᠴᠦᠨ ᠢ ᠲᠥᠪᠯᠡᠷᠡᠭᠦᠯᠵᠦ᠂ ᠪᠠᠭᠰᠢ ᠶᠢᠨ ᠡᠩᠨᠡᠭᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠥᠭᠡᠷᠡᠴᠢᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ 12 ᠳᠡᠭᠡᠳᠦ ᠰᠤᠷᠭᠠᠭᠤᠯᠢ ᠳᠤ 18684 ᠠᠵᠢᠯᠲᠠᠨ ᠤ ᠶᠡᠷᠦᠩᠬᠡᠢ ᠲᠤᠭ᠎ᠠ ᠶᠢ ᠬᠢᠨᠠᠨ | ᠲᠣᠭᠲᠠᠭᠠᠵᠤ᠂ ᠬᠢᠵᠠᠭᠠᠷᠯᠠᠬᠤ ᠬᠡᠪᠴᠢᠶᠡᠨ ᠳᠤ 3326 ᠰᠢᠨ᠎ᠡ ᠪᠠᠷ ᠨᠡᠮᠡᠭᠳᠡᠭᠦᠯᠪᠡ᠃ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ ᠨᠡᠶᠢᠲᠡᠯᠡᠭᠰᠡᠨ ᠪᠥᠭᠡᠳ ᠪᠠᠷᠢᠮᠵᠢᠶ᠎ᠠ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠮᠠᠨ ᠤ | ᠣᠷᠣᠨ ᠤ ᠪᠠᠭᠰᠢ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠪᠦᠭᠦ ᠰᠤᠷᠤᠯᠭ᠎ᠠ ᠶᠢᠨ ᠱᠠᠲᠤ ᠶᠢ ᠬᠠᠮᠤᠷᠪᠠ᠃ ᠥᠪᠡᠷᠲᠡᠭᠡᠨ ᠵᠠᠰᠠᠬᠤ ᠣᠷᠣᠨ ᠤ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠬᠢᠷᠢ ᠭᠡᠮ ᠲᠠᠢ︾ ᠪᠠᠭᠰᠢ ᠶᠢ ᠮᠠᠭᠠᠳᠯᠠᠨ ᠲᠣᠭᠲᠠᠭᠠᠬᠤ ᠠᠵᠢᠯ ᠢ ᠠᠩᠬᠠᠯᠠᠨ ᠥᠷᠨᠢᠭᠦᠯᠵᠦ᠂ 9702 | ᠪᠠᠭᠰᠢ ᠶᠢ ︽ᠬᠤᠣᠰ ᠬᠢᠷᠢ ᠭᠡᠮ ᠲᠠᠢ︾ ᠪᠠᠭᠰᠢ ᠪᠠᠷ ᠮᠠᠭᠠᠳᠯᠠᠨ ᠲᠣᠭᠲᠠᠭᠠᠵᠤ᠂ ᠡᠨᠡ ᠨᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ | ᠬᠢᠴᠢᠶᠡᠯ ᠤᠨ ᠪᠠᠭᠰᠢ ᠶᠢᠨ ᠪᠦᠭᠦ ᠲᠣᠭᠠᠨ ᠤ 57.78% ᠶᠢ ᠡᠵᠡᠯᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ | ᠬᠤᠭᠤᠴᠠᠭ᠎ᠠ ᠲᠠᠢ ᠪᠠᠷ ᠳᠠᠩᠰᠠᠯᠠᠬᠤ ᠲᠤᠷᠰᠢᠯᠲᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠭ᠎ᠠ | ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢ ᠬᠠᠮᠤᠷᠴᠤ᠂ ᠳᠠᠪᠰᠢᠵᠤ ᠪᠠᠭᠤᠵᠤ ᠪᠦᠷ ᠪᠤᠯᠬᠤ ᠬᠢᠨᠠᠨ ᠰᠢᠯᠭᠠᠬᠤ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠪᠡ᠃ | ᠳᠡᠭᠡᠳᠦ ᠲᠠᠰ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ | ︽ᠭᠠᠷᠴᠤ ᠰᠤᠷᠤᠯᠴᠠᠬᠤ᠂ ᠤᠷᠢᠵᠤ ᠠᠪᠴᠢᠷᠠᠬᠤ︾ ᠶᠢ ᠪᠠᠷᠢᠮᠲᠠᠯᠠᠨ᠂ ︽ᠦᠯᠡᠳᠡᠭᠡᠵᠦ ᠳᠡᠶᠢᠯᠭᠦ᠂ ᠰᠠᠶᠢᠲᠤᠷ ᠬᠡᠷᠡᠭᠯᠡᠬᠦ︾ ᠶᠢ ᠴᠢᠬᠤᠯᠠᠴᠢᠯᠠᠵᠤ᠂ ᠳᠡᠭᠡᠳᠦ ᠲᠡᠰ | ᠤᠨ ᠴᠢᠳᠠᠪᠤᠷᠢᠲᠠᠨ ᠢ ᠤᠷᠢᠨ ᠬᠥᠮᠥᠵᠢᠭᠦᠯᠵᠦ ᠦᠯᠡᠳᠡᠭᠡᠨ ᠬᠡᠷᠡᠭᠯᠡᠬᠦ ᠪᠠᠶᠢᠭᠤᠯᠤᠮᠵᠢ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠪᠠ᠃ ︽ᠡᠬᠢ ᠡᠭᠦᠰᠦᠯ ᠠᠴᠠ ᠨᠢ | ᠬᠥᠮᠥᠵᠢᠭᠦᠯᠬᠦ ᠰᠢᠨ᠎ᠡ ᠬᠥᠮᠥᠨ ᠢ ᠬᠥᠮᠥᠵᠢᠭᠦᠯᠬᠦ︾ ᠶᠢ ᠪᠠᠷᠢᠮᠲᠠᠯᠠᠵᠤ᠂ 4 ᠬᠥᠮᠥᠨ︽ᠴᠠᠩ ᠵᠢᠶᠠᠩ ᠡᠷᠳᠡᠮᠲᠡᠨ ᠢ ᠱᠠᠩᠨᠠᠬᠤ ᠲᠥᠯᠥᠪᠯᠡᠭᠡ︾ ᠶᠢᠨ ᠣᠨᠴᠠ ᠤᠷᠢᠭᠰᠠᠨ | ᠫᠷᠤᠹᠧᠰᠰᠤᠷ ᠤᠨ ᠲᠦᠷᠦᠯ ᠵᠦᠢᠯ ᠳᠤ ᠰᠣᠩᠭᠤᠬᠳᠠᠪᠠ; 1 ᠬᠥᠮᠥᠨ ᠵᠠᠯᠠᠭᠤᠴᠤᠳ ᠤᠨ ᠴᠠᠩ ᠵᠢᠶᠠᠩ ᠲᠦᠷᠦᠯ ᠵᠦᠢᠯ ᠳᠤ ᠰᠣᠩᠭᠤᠬᠳᠠᠪᠠ; 2 ᠬᠥᠮᠥᠨ | ᠤᠯᠤᠰ ᠤᠨ ᠳᠡᠭᠡᠳᠦ ᠲᠠᠰ ᠤᠨ ᠴᠢᠳᠠᠪᠤᠷᠢᠲᠠᠨ ᠤ ᠣᠨᠴᠠᠭᠠᠶ ᠳᠡᠮᠵᠢᠯᠭᠡ ᠶᠢᠨ ᠲᠥᠯᠥᠪᠯᠡᠭᠡ ᠶᠢᠨ ᠵᠠᠯᠠᠭᠤ ᠣᠷᠣᠶᠢᠯᠠᠭᠰᠠᠨ ᠴᠢᠳᠠᠪᠤᠷᠢᠲᠠᠨ ᠢᠶᠠᠷ ᠰᠣᠩᠭᠤᠭᠳᠠᠵᠤ᠂ 2 | ᠬᠥᠮᠥᠨ ᠤᠯᠤᠰ ᠤᠨ ᠳᠡᠭᠡᠳᠦ ᠲᠠᠰ ᠤᠨ ᠴᠢᠳᠠᠪᠤᠷᠢᠲᠠᠨ ᠤ ᠣᠨᠴᠠᠭᠠᠶ ᠳᠡᠮᠵᠢᠯᠭᠡ ᠶᠢᠨ ᠲᠥᠯᠥᠪᠯᠡᠭᠡ ᠶᠢᠨ ᠵᠢᠭᠠᠨ ᠰᠤᠷᠭᠠᠯᠲᠠ ᠶᠢᠨ ᠨᠠᠷᠠᠲᠤ ᠪᠠᠭᠰᠢ ᠪᠠᠷ | ᠰᠣᠩᠭᠤᠭᠳᠠᠵᠤ᠂ 2 ᠪᠦᠯᠭᠦᠮ ᠪᠦᠭᠦ ᠤᠯᠤᠰ ᠤᠨ ᠬᠤᠸᠠᠩ ᠳ᠋ᠠ ᠨᠢᠶᠠᠨ ᠮᠠᠶ᠋ᠢᠭ ᠤᠨ ᠪᠠᠭᠰᠢ ᠶᠢᠨ ᠪᠦᠯᠭᠦᠮ ᠢᠶᠠᠷ ᠰᠣᠩᠭᠤᠬᠳᠠᠪᠠ; 8 ᠪᠠᠭᠰᠢ ᠰᠤᠷᠭᠠᠭᠤᠯᠢ ᠶᠢᠨ | ᠵᠠᠬᠢᠷᠤᠯ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠬᠤᠣᠰ ᠨᠡᠷᠡᠳᠦ ᠪᠠᠭᠰᠢ︾ ᠶᠢᠨ ᠲᠥᠯᠥᠪᠯᠡᠭᠡ ᠳᠤ ᠰᠣᠩᠭᠤᠭᠳᠠᠵᠤ᠂ 6 ᠪᠠᠭᠰᠢ ᠰᠤᠷᠭᠠᠭᠤᠯᠢ ᠶᠢᠨ | ᠵᠠᠬᠢᠷᠤᠯ ᠤᠯᠤᠰ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠭᠤᠷᠪᠠᠨ ᠨᠡᠷᠡᠳᠦ ᠪᠠᠭᠰᠢ︾ ᠶᠢᠨ ᠲᠥᠯᠥᠪᠯᠡᠭᠡ ᠳᠤ ᠰᠣᠩᠭᠤᠭᠳᠠᠵᠤ᠂ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ᠬᠤᠶᠢᠰᠢᠳᠠ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠠᠭᠰᠢ ᠶᠢᠨ | ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ | ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠢᠷᠠᠭᠤ ᠠᠯᠳᠠᠷ ᠢ | ᠬᠥᠬᠢᠭᠦᠯᠦᠨ ᠰᠠᠶᠢᠰᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ ᠨᠡᠶᠢᠭᠡᠮ ᠢᠶᠠᠷ ᠢᠶᠠᠨ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ | ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠠᠭᠰᠢ ᠨᠠᠷ ᠢ ᠨᠡᠶᠢᠭᠡᠮ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠪᠠ ᠪᠠᠭᠰᠢ ᠶᠢᠨ ᠠᠵᠢᠯ ᠢ ᠬᠥᠮᠥᠰ ᠢ | ᠪᠢᠰᠢᠷᠡᠭᠦᠯᠦᠮ᠎ᠡ ᠠᠵᠢᠯ ᠮᠡᠷᠭᠡᠵᠢᠯ ᠪᠤᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ |