ᠰᠡᠴᠡᠨᠴᠣᠭᠲᠤ
ᠨᠡᠶᠢᠲᠡᠯᠡᠭᠰᠡᠨ ᠴᠠᠭ᠄
2024/1/30
       ᠰᠡᠴᠡᠨᠴᠣᠭᠲᠤ ᠶᠢᠨ ᠲᠣᠪᠴᠢ ᠲᠠᠨᠢᠯᠴᠠᠭᠤᠯᠭ᠎ᠠ᠄       ᠰᠡᠴᠡᠨᠴᠣᠭᠲᠤ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠠᠷ ᠨᠤᠲᠤᠭ ᠲᠠᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠤᠯᠤᠰ ᠤᠨ ᠨᠢᠭᠡᠳᠦᠭᠡᠷ ᠲᠡᠰ ᠤᠨ ᠠᠶᠠᠯᠭᠤ ᠵᠣᠬᠢᠶᠠᠭᠴᠢ᠂ ᠲᠥᠪ ᠤᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠠᠶᠠᠯᠭᠤ ᠵᠣᠬᠢᠶᠠᠭᠴᠢ ᠶᠢᠨ ᠲᠤᠰᠬᠠᠢ ᠮᠡᠷᠭᠡᠵᠢᠯ ᠤᠨ ᠳ᠋ᠣᠺᠲ᠋ᠣᠷ᠃ ᠪᠦᠭᠦ ᠤᠯᠤᠰ ᠤᠨ ᠤᠷᠠᠯᠢᠭ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠠᠰᠫᠢᠷᠠᠨᠲ ᠤᠨ ᠵᠢᠭᠠᠨ ᠰᠤᠷᠭᠠᠯᠲᠠ ᠶᠢᠨ ᠵᠥᠪᠯᠡᠯ ᠤᠨ ᠭᠡᠰᠢᠭᠦᠨ᠂ ᠰᠤᠷᠭᠠᠨ ᠬᠥᠮᠦᠵᠢᠯ ᠤᠨ ᠶᠠᠮᠤᠨ ᠤ ᠰᠢᠨ᠎ᠡ ᠵᠠᠭᠤᠨ ᠤ ᠴᠢᠳᠠᠪᠤᠷᠢᠲᠠᠨ᠂ ᠲᠣᠮᠲᠠᠲᠣ ᠤᠯᠤᠰ ᠤᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠭᠡᠰᠢᠭᠦᠨ᠂ ᠲᠣᠮᠲᠠᠲᠣ ᠤᠯᠤᠰ ᠤᠨ ᠦᠨᠳᠦᠰᠦᠲᠡᠨ ᠤ ᠣᠷᠾᠧᠰᠲ᠋ᠧᠷ ᠬᠥᠭᠵᠢᠮ ᠤᠨ ᠨᠡᠶᠢᠭᠡᠮᠯᠢᠭ ᠤᠨ ᠵᠣᠬᠢᠶᠠᠨ ᠪᠦᠲᠦᠭᠡᠬᠦ ᠵᠥᠪᠯᠡᠯ ᠤᠨ ᠬᠡᠷᠡᠭ ᠡᠷᠭᠢᠯᠡᠭᠴᠢ᠃ ᠲᠣᠮᠲᠠᠲᠣ ᠤᠯᠤᠰ ᠤᠨ ᠮᠣᠩᠭᠤᠯ ᠦᠨᠳᠦᠰᠦᠲᠡᠨ ᠤ ᠠᠩᠬᠠᠨ ᠤ ᠠᠶᠠᠯᠭᠤ ᠵᠣᠬᠢᠶᠠᠭᠴᠢ ᠶᠢᠨ ᠲᠤᠰᠬᠠᠢ ᠮᠡᠷᠭᠡᠵᠢᠯ ᠤᠨ ᠳ᠋ᠣᠺᠲ᠋ᠣᠷ᠂ ᠲᠣᠮᠲᠠᠲᠣ ᠤᠯᠤᠰ ᠤᠨ ᠮᠣᠩᠭᠤᠯ ᠰᠤᠳᠤᠯᠤᠯ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠭᠢᠯᠡᠭᠴᠢ᠂ ᠡᠷᠳᠡᠮ ᠰᠢᠨᠵᠢᠯᠡᠭᠡᠨ ᠤ ᠭᠡᠰᠢᠭᠦᠨ᠃ ︽ᠬᠥᠬᠡ ᠮᠣᠩᠭᠤᠯ ᠤᠨ ᠥᠨᠳᠦᠷᠯᠢᠭ︾ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ︽ᠬᠠᠶᠢᠷ᠎ᠠ ᠶᠢᠨ ᠬᠠᠲᠠᠬ︾ ︽ᠬᠠᠯᠢᠭᠤᠨ ᠨᠠᠮᠤᠷ ᠤᠨ ᠰᠠᠯᠬᠢ︾  ᠵᠡᠷᠭᠡ ᠲᠥᠯᠥᠭᠡᠯᠡᠬᠦ  ᠪᠦᠲᠦᠭᠡᠯ  ᠲᠠᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ