ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠲᠤᠭᠤᠷᠢᠭ ᠤᠨ ︽ᠵᠢᠶᠠᠨ ᠱᠧ ᠰᠤᠷᠭᠠᠭᠤᠯᠢ ᠶᠢᠨ ᠨᠢᠭᠡᠳᠦᠭᠡᠷ ᠬᠤᠭᠤᠴᠠᠭᠠᠨ ᠤ ᠰᠢᠨᠡᠳᠬᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ | ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠬᠡᠷᠡᠭᠯᠡᠬᠦ ᠡᠷᠬᠡ ᠶᠢ ᠬᠤᠷᠢᠶᠠᠨ ᠠᠪᠬᠤ ᠲᠤᠬᠠᠢ ᠵᠢᠭᠠᠪᠤᠷᠢ ᠠᠪᠬᠤ | ᠮᠡᠳᠡᠭᠦᠯᠦᠯᠲᠡ︾ ︵ᠬᠠᠶᠢᠯᠠᠷ ᠵᠠᠰᠠᠭ ᠲᠠᠷᠬᠠᠭᠠᠭᠰᠠᠨ ﹇2023﹈ 83 ᠳ᠋ᠤᠭᠠᠷ ᠲᠣᠭᠠᠲᠤ︶ ᠶᠢ ᠲᠤᠰᠴᠤ ᠠᠪᠤᠯ᠎ᠠ᠃ ᠬᠠᠶᠢᠯᠠᠷ ᠲᠣᠭᠤᠷᠢᠭ ᠤᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠢ ᠳᠡᠮᠵᠢᠵᠦ᠂ ᠭᠠᠵᠠᠷ ᠬᠡᠷᠡᠭᠯᠡᠬᠦ ᠪᠠᠶᠢᠷᠢᠰᠢᠯ ᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄ | ᠨᠢᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠲᠠᠪᠢᠨ ᠨᠠᠢᠮᠠᠳᠤᠭᠠᠷ ᠵᠦᠢᠯ | ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠪᠠᠯᠭᠠᠰᠤ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ | ᠰᠢᠯᠵᠢᠭᠦᠯᠦᠨ ᠬᠤᠳᠠᠯᠳᠤᠬᠤ ᠪᠠ ᠰᠢᠯᠵᠢᠭᠦᠯᠦᠨ ᠥᠭᠬᠦ ᠲᠦᠷ ᠬᠡᠷᠡᠭᠵᠢᠭᠦᠯᠬᠦ ᠳᠦᠷᠢᠮ︾ ᠤᠨ ᠳᠥᠴᠢᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ | ᠵᠢᠶᠠᠨ ᠱᠧ ᠰᠤᠷᠭᠠᠭᠤᠯᠢ ᠶᠢᠨ ᠨᠢᠭᠡᠳᠦᠭᠡᠷ ᠬᠤᠭᠤᠴᠠᠭᠠᠨ ᠤ ᠰᠢᠨᠡᠳᠬᠡᠨ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠤᠯᠤᠰ ᠤᠨ ᠥᠮᠴᠢᠯᠡᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠪᠤᠴᠠᠭᠠᠨ ᠠᠪᠬᠤ ᠶᠢ ᠵᠥᠪᠰᠢᠶᠡᠷᠡᠨ᠎ᠡ᠃ | ᠬᠤᠶᠠᠷ᠂ ᠤᠤᠯ ᠤᠨ ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠤ ᠬᠠᠮᠢᠶ᠎ᠠ ᠪᠦᠬᠦᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠬᠠᠶᠢᠯᠠᠷ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠤᠷᠢᠶᠠᠨ ᠠᠪᠬᠤ ᠶᠢᠨ ᠬᠠᠮᠲᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠬᠠᠮᠵᠢᠨ | ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠢ ᠬᠢᠨᠠᠨ ᠰᠢᠨᠵᠢᠬᠦ ᠪᠠ ᠬᠢᠨᠠᠨ ᠬᠠᠮᠢᠶᠠᠷᠬᠤ ᠰᠢᠰᠲ᠋ᠧᠮ ᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ | ᠤᠤᠯ ᠤᠨ ᠬᠤᠪᠢᠶᠠᠷᠢᠯᠠᠨ ᠣᠯᠭᠤᠭᠰᠠᠨ ᠭᠠᠵᠠᠷ ᠰᠢᠷᠣᠢ ᠶᠢᠨ ᠬᠠᠩᠭᠠᠯᠭ᠎ᠠ ᠶᠢᠨ ᠮᠡᠳᠡᠭᠡ ᠵᠠᠩᠭᠢ ᠶᠢ ᠬᠦᠴᠦᠨ ᠦᠭᠡᠢ ᠪᠣᠯᠭᠠᠨ᠎ᠠ᠃ | | ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃ | 2023 ᠣᠨ ᠤ 12 ᠰᠠᠷ᠎ᠠ ᠶᠢᠨ 29 | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | |