ᠣᠶᠢᠷ᠎ᠠ ᠳᠤ᠂ ᠵᠠᠷᠢᠮ ᠰᠦᠯᠵᠢᠶ᠎ᠡ ᠶᠢᠨ ᠬᠢᠨ ︽ᠬᠠᠮᠤᠭ ᠤᠨ ᠰᠢᠨ᠎ᠡ ᠠᠷᠠᠳ ᠤᠨ ᠵᠣᠭᠤᠰ ᠤᠨ 6 ᠳ᠋ᠤᠭᠠᠷ ᠢᠵᠢ︾᠂ ︽ᠢᠷᠡᠬᠦ ᠵᠢᠯ ᠵᠠᠬ᠎ᠠ ᠳᠡᠯᠭᠡᠭᠦᠷ ᠲᠤ | 1000 ᠲᠥᠭᠦᠷᠢᠭ ᠤᠨ ᠠᠷᠠᠳ ᠤᠨ ᠵᠣᠭᠤᠰ ᠭᠠᠷᠭᠠᠬᠤ ᠭᠡᠵᠦ ᠪᠠᠶᠢᠨ᠎ᠠ︾ ᠭᠡᠬᠦ ᠮᠡᠳᠦ ᠶᠢᠨ ᠪᠢᠴᠢᠭᠡᠰᠦ ᠨᠡᠶᠢᠳᠡᠯᠡᠭᠰᠡᠨ ᠪᠥᠭᠡᠳ ᠪᠠᠰᠠ ︽ᠰᠢᠨ᠎ᠡ ᠠᠷᠠᠳ ᠤᠨ | ᠵᠣᠭᠤᠰ︾ ᠤᠨ ᠥᠯᠢᠭᠡᠷ ᠵᠢᠷᠤᠭ ᠢ ᠳᠠᠭᠠᠯᠳᠤᠭᠤᠯᠤᠬᠰᠠᠨ ᠪᠠᠶᠢᠨ᠎ᠠ᠃ ᠡᠨᠡ ᠨᠢ ᠦᠨᠡᠨ ᠦᠦ︖ | ᠬᠡᠷᠪᠡ ᠠᠷᠠᠳ ᠤᠨ ᠵᠣᠭᠤᠰ᠂ ᠳᠤᠷᠠᠰᠬᠠᠯ ᠤᠨ ᠵᠣᠭᠤᠰ ᠵᠡᠷᠭᠡ ᠶᠢᠨ ᠲᠤᠬᠠᠢ ᠵᠣᠬᠢᠬᠤ ᠣᠶᠢᠯᠠᠭᠠᠯᠲᠠ ᠲᠠᠢ ᠶᠤᠮ ᠪᠤᠯ ᠪᠠᠷᠤᠭ ᠦᠵᠡᠮᠡᠭᠴᠡ ᠢᠯᠭᠠᠵᠤ | ᠳᠡᠶᠢᠯᠳᠡᠭ᠂ ᠡᠨᠡ ᠪᠣᠯ ᠬᠤᠳᠠᠯ ᠬᠠᠭᠤᠷᠮᠠᠭ ᠴᠢᠮᠡᠭᠡ ᠶᠤᠮ᠃ | ᠰᠤᠷᠪᠤᠯᠵᠢᠯᠠᠭᠴᠢ ᠶᠢᠨ ᠬᠠᠷᠭᠤᠭᠤᠯᠤᠨ ᠪᠠᠶᠢᠴᠠᠭᠠᠭᠰᠠᠨ ᠢᠶᠠᠷ᠂ ᠯᠤᠤ ᠶᠢᠨ ᠵᠢᠷᠤᠭ ᠳᠠᠷᠤᠮᠠᠯᠯᠠᠭᠰᠠᠨ 1000 ᠲᠥᠭᠦᠷᠢᠭ ᠤᠨ ᠠᠷᠠᠳ ᠤᠨ ᠵᠣᠭᠤᠰ︾ ᠤᠨ | ᠥᠯᠢᠭᠡᠷ ᠵᠢᠷᠤᠭ ᠨᠢ 2000 ᠣᠨ ᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠲᠠᠷᠬᠠᠭᠠᠭᠰᠠᠨ ᠵᠠᠭᠤᠨ ᠲᠥᠭᠦᠷᠢᠭ ᠤᠨ ︽ᠮᠢᠩᠭᠠᠨ ᠲᠥᠭᠦᠷᠢᠭ ᠤᠨ | ᠯᠤᠤᠲᠤ ᠵᠣᠭᠤᠰ︾ ᠤᠨ ᠵᠢᠷᠤᠭ ᠲᠠᠢ ᠮᠠᠰᠢ ᠠᠳᠠᠯᠢ ᠪᠠᠶᠢᠵᠤ᠂ ᠵᠥᠪᠬᠡᠨ ᠨᠢᠭᠤᠷ ᠤᠨ ᠲᠤᠭ᠎ᠠ ᠪᠠ ᠨᠠᠷᠢᠨ ᠵᠦᠢᠯᠡᠰ ᠤᠨ ᠬᠡᠰᠡᠭ ᠨᠢ ᠵᠢᠭᠠᠬᠠᠨ ᠢᠯᠭᠠᠭ᠎ᠠ ᠲᠠᠢ | ᠪᠠᠶᠢᠨ᠎ᠠ᠂ ᠡᠨᠡ ᠨᠢ ᠬᠡᠯᠡᠯᠭᠡᠨ ᠦᠭᠡᠢ ᠵᠢᠷᠤᠭ ᠢ ᠵᠠᠰᠠᠭᠰᠠᠨ ᠤ ᠦᠷ᠎ᠡ ᠳ᠋ᠦᠩ ᠪᠤᠯᠤᠨ᠎ᠠ᠃ | ᠬᠡᠷᠡᠭ ᠳᠡᠭᠡᠷ᠎ᠡ ᠪᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠠᠤᠯᠢ︾ ᠶᠢᠨ ᠠᠷᠪᠠᠨ | ᠨᠠᠢᠮᠠᠳᠤᠭᠠᠷ ᠵᠦᠢᠯ ᠢ ᠦᠨᠳᠦᠰᠦᠯᠡᠪᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠨᠢ ᠰᠢᠨ᠎ᠡ ᠬᠡᠪᠯᠡᠯ ᠤᠨ ᠠᠷᠠᠳ ᠤᠨ ᠵᠣᠭᠤᠰ ᠢ ᠲᠠᠷᠬᠠᠭᠠᠬᠤ ᠳᠠᠭᠠᠨ | ᠲᠠᠷᠬᠠᠭᠠᠬᠤ ᠴᠠᠭ᠂ ᠨᠢᠭᠤᠷ ᠤᠨ ᠲᠤᠭ᠎ᠠ᠂ ᠵᠢᠷᠤᠭ᠂ ᠶᠠᠩᠵᠤ ᠬᠡᠯᠪᠡᠷᠢ᠂ ᠬᠡᠪ ᠪᠠᠷᠢᠮᠵᠢᠶ᠎ᠠ ᠶᠢ ᠵᠠᠷᠯᠠᠨ ᠨᠡᠶᠢᠲᠡᠯᠡᠬᠦ ᠬᠡᠷᠡᠭᠲᠡᠢ ᠶᠤᠮ᠃ ᠬᠡᠳᠡᠯ᠎ᠡ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠠᠯᠪᠠᠨ ᠤ ᠲᠠᠯ᠎ᠠ ᠶᠢᠨ ᠬᠢᠨ ᠰᠢᠨ᠎ᠡ ᠬᠡᠪᠯᠡᠯ ᠤᠨ ᠠᠷᠠᠳ ᠤᠨ ᠵᠣᠭᠤᠰ ᠲᠠᠷᠬᠠᠭᠠᠬᠰᠠᠨ ᠲᠤᠬᠠᠶ ᠶᠠᠮᠠᠷ ᠴᠤ ᠠᠯᠪᠠᠨ ᠵᠠᠷ ᠨᠡᠶᠢᠲᠡᠯᠡᠭᠰᠡᠨ | ᠥᠬᠡᠶ᠃ |