ᠬᠦᠯᠦᠨ ᠵᠠᠰᠠᠭ ᠦᠰᠦᠭ ︹2022︺ 36 ᠳ᠋ᠤᠭᠠᠷ ᠲᠣᠭᠠᠲᠤ | ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠳᠤ᠄ | ᠲᠠᠨ ᠤ ᠲᠣᠪᠴᠢᠶ᠎ᠠ ᠶᠢᠨ ︽ᠬᠥᠯᠥᠨ ᠪᠤᠶᠢᠷ ᠬᠤᠲᠠ ᠶᠢᠨ ᠠᠷᠠᠳ ᠤᠨ ᠬᠤᠪᠢᠰᠬᠠᠯᠳᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠭᠤᠳᠠᠮ | ᠲᠠᠯᠠᠪᠠᠶ ᠶᠢᠨ ᠬᠠᠮᠠᠭᠠᠯᠠᠯᠲᠠ ᠶᠢᠨ ᠲᠠᠰ ᠢ ᠬᠤᠲᠠ ᠶᠢᠨ ᠲᠠᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠦᠭᠦᠭᠡᠷᠦᠮᠵᠢ ᠪᠠᠷ ᠲᠤᠭᠲᠠᠭᠠᠬᠤ ᠲᠤᠬᠠᠶ | ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠴᠡᠷᠢᠭ ᠤᠨ ᠠᠯᠪᠠ ᠠᠴᠠ ᠬᠠᠯᠠᠭᠳᠠᠭᠰᠠᠳ ᠲᠠᠷᠬᠠᠭᠠᠭᠰᠠᠨ ︹2024︺ 3 ᠳ᠋ᠤᠭᠠᠷ ᠲᠣᠭᠠᠲᠤ︶ ᠶᠢ ᠬᠤᠷᠢᠶᠠᠨ | ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ᠬᠥᠯᠥᠨ ᠪᠤᠶᠢᠷ ᠬᠤᠲᠠ ᠶᠢᠨ ᠠᠷᠠᠳ ᠤᠨ ᠬᠤᠪᠢᠰᠬᠠᠯᠳᠤ ᠪᠠᠭᠠᠲᠤᠷᠴᠤᠳ ᠤᠨ ᠳᠤᠷᠠᠰᠬᠠᠯ ᠤᠨ ᠠᠭᠤᠳᠠᠮ ᠲᠠᠯᠠᠪᠠᠶ ᠶᠢ ᠬᠤᠲᠠ ᠶᠢᠨ ᠲᠠᠰ ᠤᠨ | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠪᠠᠷ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠬᠠᠤᠯᠢ ᠲᠣᠭᠲᠠᠭᠠᠯ ᠶᠣᠰᠣᠭᠠᠷ ᠪᠦᠷᠢᠳᠬᠡᠨ | ᠳᠠᠩᠰᠠᠯᠠᠬᠤ ᠪᠠ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠶᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷᠡᠭᠳᠡᠭᠰᠡᠨ ᠪᠠᠭᠠᠲᠤᠷᠴᠤᠳ ᠤᠨ ᠬᠠᠮᠠᠭᠠᠯᠠᠯᠲᠠ ᠶᠢᠨ ᠬᠠᠤᠯᠢ︾᠂ ︽ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠬᠠᠮᠠᠭᠠᠯᠠᠨ ᠬᠠᠮᠢᠶᠠᠷᠬᠤ ᠠᠷᠭ᠎ᠠ︾ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠴᠢᠩᠭ᠎ᠠ | ᠵᠢᠷᠤᠮᠯᠠᠨ᠂ ᠬᠥᠯᠥᠨ ᠪᠤᠶᠢᠷ ᠬᠤᠲᠠ ᠶᠢᠨ ᠠᠷᠠᠳ ᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠭᠤᠳᠠᠮ ᠲᠠᠯᠠᠪᠠᠶ ᠶᠢ ᠰᠠᠶᠢᠲᠤᠷ | ᠬᠠᠮᠢᠶᠠᠷᠴᠤ᠂ ᠰᠠᠶᠢᠲᠤᠷ ᠬᠠᠮᠠᠭᠠᠯᠠᠬᠤ ᠬᠡᠷᠡᠭᠲᠡᠶ᠃ | ᠭᠤᠷᠪᠠ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢᠨ ᠲᠠᠬᠢᠯᠭ᠎ᠠ᠂ ᠤᠬᠠᠭᠤᠯᠭ᠎ᠠ᠂ ᠬᠥᠮᠦᠵᠢᠯ ᠵᠡᠷᠭᠡ ᠴᠢᠳᠠᠮᠵᠢ ᠶᠢ ᠭᠦᠢᠴᠡᠳ | ᠪᠠᠳᠠᠷᠠᠭᠤᠯᠵᠤ᠂ ᠬᠥᠯᠥᠨ ᠪᠤᠶᠢᠷ ᠬᠤᠳᠠ ᠶᠢᠨ ᠠᠷᠠᠳ ᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠭᠤᠳᠠᠮ ᠲᠠᠯᠠᠪᠠᠢ ᠶᠢ | ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠰᠤᠷᠤᠯᠴᠠᠬᠤ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠤᠪᠢᠰᠬᠠᠯ ᠤᠨ | ᠠᠮᠢᠨ ᠰᠤᠳᠠᠰᠤ ᠶᠢ ᠦᠷᠭᠦᠯᠵᠢᠯᠡᠭᠦᠯᠬᠦ ᠬᠤᠪᠢᠰᠬᠠᠯ ᠤᠨ ᠬᠥᠮᠦᠵᠢᠯ ᠤᠨ ᠵᠢᠭᠰᠠᠭᠠᠯ ᠤᠨ ᠭᠠᠵᠠᠷ ᠪᠣᠯᠭᠠᠬᠤ ᠬᠡᠷᠡᠭᠲᠡᠢ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | 2024 ᠣᠨ ᠤ 8 ᠰᠠᠷ᠎ᠠ ᠶᠢᠨ 16 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | |