ᠬᠦᠯᠦᠨ ᠵᠠᠰᠠᠭ ᠠᠯᠪᠠᠨ ᠲᠠᠷᠬᠠᠭᠠᠭᠰᠠᠨ ︹2020︺ 27 ᠳ᠋ᠤᠭᠠᠷ ᠲᠣᠭᠠᠲᠤ | | | ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠥᠯᠥᠨ | ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠳᠤ᠄ | ︽ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ︾ ᠶᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ | 5 ᠳ᠋ᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠭᠦᠯᠦᠭᠰᠡᠨ ᠤ ᠬᠠᠮᠲᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ | ᠪᠤᠶᠢᠷ ᠬᠤᠳᠠ ᠶᠢᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 106 ᠳ᠋ᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠪᠠᠲᠤᠯᠠᠭᠠᠳ᠂ ᠡᠳᠦᠭᠡ ᠳᠠᠷᠤᠮᠠᠯᠯᠠᠨ | ᠲᠠᠷᠬᠠᠭᠠᠪᠠ᠃ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠬᠤ᠂ ᠬᠢᠨᠠᠨ ᠪᠠᠶᠢᠴᠠᠭᠠᠬᠤ᠂ ᠪᠠᠶᠢᠴᠠᠭᠠᠨ | ᠰᠤᠳᠤᠯᠤᠯᠲᠠ ᠬᠢᠬᠦ᠂ ᠵᠠᠰᠠᠪᠤᠷᠢ ᠣᠷᠣᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠲᠣᠭᠲᠠᠭᠠᠬᠤ ᠴᠢᠨᠠᠷ ᠪᠠ ᠪᠦᠲᠦᠮᠵᠢ ᠶᠢ ᠪᠠᠲᠤᠯᠠᠵᠤ᠂ | ᠬᠠᠤᠯᠢ ᠲᠣᠭᠲᠠᠭᠠᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠲᠠᠶ ᠳᠥᠯᠭᠢᠨ ᠠᠬᠢᠭᠤᠯᠲᠤᠭᠠᠢ ᠃ | | 2024 ᠣᠨ ᠤ 5 ᠰᠠᠷ᠎ᠠ ᠶᠢᠨ 20 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ | | ︵2024 ᠣᠨ ᠤ 4 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠪᠡ︔ 2024 | ᠣᠨ ᠤ 5 ᠳ᠋ᠤᠭᠠᠷ ᠰᠠᠷ᠎ᠠ ᠶᠢᠨ 15 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠳᠠ ᠶᠢᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 106 ᠳ᠋ᠤᠭᠠᠷ ᠤᠳᠠᠭ᠎ᠠ ᠶᠢᠨ ᠬᠤᠷᠠᠯ ᠠᠴᠠ ᠬᠢᠨᠠᠨ ᠪᠠᠲᠤᠯᠠᠪᠠ︶ | ᠨᠢᠭᠡ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠲᠥᠷᠥᠯ ᠵᠦᠢᠯ | ︵ᠨᠢᠭᠡ︶ ᠲᠦᠷᠦᠯ ᠵᠦᠢᠯ ᠢ ᠬᠢᠨᠠᠨ ᠵᠦᠪᠯᠡᠬᠦ | 1. ︽ᠬᠦᠯᠦᠨ ᠪᠤᠶᠢᠷ ᠬᠤᠳᠠ ᠶᠢᠨ ᠪᠤᠯᠪᠠᠰᠤᠨ ᠳᠠᠬᠢᠯᠭ᠎ᠠ ᠶᠢᠨ ᠲᠦᠷᠢᠮ︾ | ᠲᠤᠭᠤᠷᠪᠢᠨ ᠪᠢᠴᠢᠭᠰᠡᠨ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ | 2. ︽ᠬᠦᠯᠦᠨ ᠪᠤᠶᠢᠷ ᠬᠤᠳᠠ ᠶᠢᠨ ᠲᠡᠥᠬᠡᠨ ᠪᠠᠷᠢᠯᠭ᠎ᠠ ᠶᠢ ᠬᠠᠮᠠᠭᠠᠯᠠᠬᠤ ᠲᠦᠷᠢᠮ︾ | ᠲᠤᠭᠤᠷᠪᠢᠨ ᠪᠢᠴᠢᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ︵ᠬᠤᠶᠠᠷ︶ ᠪᠠᠶᠢᠴᠠᠭᠠᠨ ᠰᠤᠳᠤᠯᠬᠤ ᠲᠦᠷᠦᠯ ᠵᠦᠢᠯ | 1᠂ ︽ᠬᠥᠯᠥᠨ ᠪᠤᠶᠢᠷ ᠬᠤᠲᠠ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ | ᠲᠤᠭᠤᠷᠪᠢᠨ ᠪᠢᠴᠢᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2. ︽ᠬᠥᠯᠥᠨ ᠪᠤᠶᠢᠷ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠠᠮᠢᠶᠠᠷᠤᠯᠲᠠ ᠶᠢᠨ ᠲᠣᠭᠲᠠᠭᠠᠯ︾ | ᠲᠤᠭᠤᠷᠪᠢᠨ ᠪᠢᠴᠢᠬᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠬᠤᠶᠠᠷ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠷᠥᠯ ᠵᠦᠢᠯ | ᠵᠠᠰᠠᠪᠤᠷᠢ ᠣᠷᠣᠭᠤᠯᠤᠭᠰᠠᠨ ᠲᠥᠷᠥᠯ ᠵᠦᠢᠯ᠄ ︽ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ᠴᠤᠪᠤᠷᠠᠯ ᠤᠨ ᠲᠣᠭᠲᠠᠭᠠᠯ︾ | ᠲᠤᠭᠤᠷᠪᠢᠨ ᠪᠢᠴᠢᠬᠦ ᠨᠢᠭᠡᠴᠡ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | ︵ᠳᠡᠭᠡᠷᠡᠬᠢ ᠬᠠᠤᠯᠢ ᠲᠣᠭᠲᠠᠭᠠᠬᠤ ᠵᠦᠢᠯᠡᠰ ᠤᠨ ᠨᠡᠷᠡᠶᠢᠳᠦᠯ ᠨᠢ ᠴᠥᠮ ᠲᠦᠷ ᠲᠣᠭᠲᠠᠭᠠᠭᠰᠠᠨ ᠨᠡᠷᠡᠶᠢᠳᠦᠯ ᠪᠠᠶᠢᠵᠤ᠂ ᠬᠠᠤᠯᠢ ᠲᠣᠭᠲᠠᠭᠠᠬᠤ ᠪᠣᠳᠠᠲᠠᠢ | ᠪᠠᠶᠢᠳᠠᠯ ᠪᠠ ︽ᠪᠠᠭ᠎ᠠ ᠣᠭᠲᠣᠯᠤᠭᠠᠰᠤ︾ ᠶᠢᠨ ᠬᠠᠤᠯᠢ ᠲᠣᠭᠲᠠᠭᠠᠬᠤ ᠱᠠᠭᠠᠷᠳᠠᠯᠭ᠎ᠠ ᠶᠢ ᠦᠨᠳᠦᠰᠦᠯᠡᠨ᠂ ᠲᠣᠬᠢᠷᠠᠭᠤᠯᠤᠯᠲᠠ ᠬᠢᠵᠦ ᠪᠣᠯᠣᠨ᠎ᠠ᠃︶ | |