10 ᠳ᠋ᠤᠭᠠᠷ ᠰᠠᠷ᠎ᠠ ᠶᠢᠨ 15 ᠤ ᠡᠳᠦᠷ ᠪᠦᠬᠦ ᠪᠥᠮᠪᠥᠷᠴᠡᠭ ᠲᠠᠬᠢ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠶ ᠮᠠᠲ᠋ᠧᠷᠢᠶᠠᠯ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠪᠤᠭᠤᠲᠤ ᠬᠤᠲᠠ ᠳᠤ ᠠᠰᠢᠭᠯᠠᠯᠲᠠ ᠳᠤ ᠣᠷᠣᠪᠠ᠃ ᠲᠣᠰ ᠰᠠᠭᠤᠷᠢᠨ ᠭᠠᠵᠠᠷ ᠤᠨ ᠶᠡᠷᠦᠩᠬᠡᠶ ᠪᠠᠯᠠ ᠣᠷᠣᠭᠤᠯᠤᠯᠲᠠ ᠨᠢ | 77.9 ᠳ᠋ᠦᠩᠰᠢᠭᠤᠷ ᠲᠥᠭᠦᠷᠢᠭ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ 90 ᠭᠠᠷᠤᠶ ᠨᠢᠭᠡᠴᠢ ᠨᠦᠭᠦᠳ ᠲᠤᠰ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠳᠤ ᠣᠷᠣᠯᠴᠠᠵᠠᠶ᠃ ᠲᠥᠷᠥᠯ ᠵᠦᠢᠯ ᠪᠦᠬᠦᠨ ᠢᠶᠠᠷ ᠢᠶᠠᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠬᠤᠯᠢᠮᠠᠭ ᠬᠤᠪᠣᠷ | ᠰᠢᠷᠣᠶ ᠶᠢᠨ ᠨᠠᠷᠢᠯᠢᠭ ᠠᠭᠤᠷᠬᠠᠶ ᠶᠢ 19.8 ᠲᠦᠮᠡᠨ ᠲᠣᠨ᠂ ᠴᠤᠭᠯᠠᠭᠤᠯᠤᠨ ᠰᠠᠯᠭᠠᠭᠰᠠᠨ ᠬᠤᠪᠣᠷ ᠰᠢᠷᠣᠶ ᠶᠢᠨ ᠢᠰᠦᠯ ᠢ 10.6 ᠲᠦᠮᠡᠨ ᠲᠣᠨ᠂ ᠬᠤᠪᠣᠷ | ᠰᠢᠷᠣᠶ ᠶᠢᠨ 15 ᠡᠯᠧᠮᠧᠨ᠋ᠲ ᠢ ᠪᠦᠬᠦᠨ ᠢ ᠰᠠᠯᠭᠠᠬᠤ ᠴᠢᠳᠠᠪᠤᠷᠢ ᠶᠢ ᠪᠦᠷᠢᠯᠳᠦᠭᠦᠯᠵᠦ᠂ ᠬᠦᠬᠦᠷ ᠬᠦᠴᠢᠯ ᠤᠨ ᠬᠤᠪᠣᠷ ᠰᠢᠷᠣᠶ᠂ ᠾᠯᠣᠷᠲᠤ ᠬᠤᠪᠣᠷ ᠰᠢᠷᠣᠶ᠂ | ᠨᠡᠭᠦᠷᠡᠰᠦ ᠬᠦᠴᠢᠯ ᠤᠨ ᠬᠤᠪᠣᠷ ᠰᠢᠷᠣᠶ᠂ ᠢᠰᠦᠯᠳᠦᠭᠰᠡᠨ ᠬᠤᠪᠣᠷ ᠰᠢᠷᠣᠶ ᠵᠡᠷᠭᠡ ᠵᠢᠷᠭᠤᠭᠠᠨ ᠶᠡᠭᠡ ᠰᠢᠷᠢᠰ᠂ 100 ᠭᠠᠷᠤᠶ ᠵᠦᠢᠯ ᠤᠨ ᠬᠤᠪᠣᠷ ᠰᠢᠷᠣᠶ ᠶᠢᠨ | ᠦᠢᠯᠡᠳᠬᠦᠨ ᠢ ᠦᠢᠯᠡᠳᠪᠦᠷᠢᠯᠡᠵᠦ᠂ ᠦᠢᠯᠡᠳᠬᠦᠨ ᠤ ᠴᠡᠪᠡᠷ ᠤᠨ ᠬᠡᠮᠵᠢᠶ᠎ᠡ 99.9% ᠠᠴᠠ ᠳᠡᠭᠡᠭᠰᠢ ᠳᠤ ᠬᠦᠷᠴᠦ᠂ ᠬᠡᠷᠡᠭᠯᠡᠭᠰᠡᠳ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ᠢ ᠠᠮᠢᠳᠤᠯᠢᠭ ᠢᠶᠠᠷ ᠰᠣᠯᠢᠵᠤ᠂ ᠬᠠᠮᠤᠭ ᠤᠨ ᠶᠡᠭᠡ ᠬᠡᠮᠵᠢᠶ᠎ᠡ ᠪᠠᠷ ᠳᠣᠤᠷᠠᠳᠤ | ᠤᠷᠤᠰᠬᠠᠯ ᠤᠨ ᠬᠡᠷᠡᠭᠯᠡᠭᠴᠢᠳ ᠲᠤ ᠡᠯ᠎ᠡ ᠲᠥᠷᠥᠯ ᠤᠨ ᠲᠦᠭᠦᠬᠡᠶ ᠮᠠᠲ᠋ᠧᠷᠢᠶᠠᠯ ᠤᠨ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠣᠯᠤᠨ᠎ᠠ᠃ ᠠᠵᠢᠯ | ᠲᠥᠷᠥᠯ ᠤᠨ ᠬᠠᠮᠤᠭ ᠤᠨ ᠲᠡᠷᠢᠭᠦᠨ ᠤ ᠤᠷᠠᠨ ᠳᠠᠷᠬ᠎ᠠ᠂ ᠮᠡᠷᠭᠡᠵᠢᠯ ᠵᠢᠴᠢ ᠲᠣᠨᠤᠭ ᠲᠥᠬᠦᠭᠡᠷᠦᠮᠵᠢ ᠶᠢ ᠬᠡᠷᠡᠭᠯᠡᠬᠦ ᠪᠠᠷ ᠳᠠᠮᠵᠢᠭᠤᠯᠤᠨ᠂ ᠬᠦᠴᠢᠯ ᠱᠦᠯᠲᠦ ᠶᠢᠨ | ᠨᠢᠭᠡᠴᠢ ᠬᠤᠷᠣᠭᠳᠠᠯ ᠢ 20% ᠠᠴᠠ ᠳᠡᠭᠡᠭᠰᠢ ᠪᠠᠭᠤᠷᠠᠭᠤᠯᠵᠤ᠂ ᠰᠢᠨ᠎ᠡ ᠤᠰᠤ ᠬᠡᠷᠡᠭᠯᠡᠬᠦ ᠬᠡᠮᠵᠢᠶ᠎ᠡ ᠶᠢ 30% ᠪᠠᠷ ᠪᠠᠭᠤᠷᠠᠭᠤᠯᠤᠨ᠂ 15% ᠶᠢᠨ ᠣᠷᠴᠢᠮ | ᠡᠨᠧᠷᠭᠢ ᠶᠢ ᠠᠷᠪᠢᠯᠠᠵᠤ᠂ ᠴᠥᠮ ᠠᠵᠢᠯ ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠪᠡ᠃ ︵ᠪᠤᠭᠤᠲᠤ ᠬᠤᠲᠠ ᠶᠢᠨ ᠵᠠᠰᠠᠭ ᠤᠨ ᠣᠷᠳᠣᠨ᠂ | ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ︶ | |