ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 37 ᠳ᠋ᠤᠭᠠᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ | ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ | | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠥᠪᠡᠷᠲᠡᠭᠡᠨ | ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︿ | ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠲᠥᠰᠥᠯ﹀ ᠢ ᠤᠯᠠᠮᠵᠢᠯᠠᠨ | ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2024﹈ 20 ᠳ᠋ᠤᠭᠠᠷ | ᠲᠣᠭᠠᠲᠤ︶ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | 2025 ᠣᠨ ᠪᠣᠯᠬᠤ ᠳᠤ᠂ ᠪᠥᠬᠦ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠳᠦᠷᠢᠮ ᠤᠨ | ᠲᠣᠭᠲᠠᠯᠴᠠᠭ᠎ᠠ ᠶᠢ ᠨᠠᠩ ᠪᠦᠷᠢᠨᠰᠢᠭᠦᠯᠵᠦ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ | ᠲᠠᠯ᠎ᠠ ᠪᠠᠷ ᠬᠡᠷᠡᠭᠵᠢᠭᠦᠯᠦᠨ᠂ ᠰᠢᠨ᠎ᠡ ᠪᠠᠷ ᠪᠠᠶᠢᠭᠤᠯᠤᠭᠰᠠᠨ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ᠂ ᠡᠨᠧᠷᠭᠢ ᠶᠢᠨ ᠬᠤᠷᠣᠭᠳᠠᠯ ᠪᠠᠷᠤᠭ ᠦᠭᠡᠢ | ᠪᠠᠷᠢᠯᠭ᠎ᠠ ᠶᠢᠨ ᠲᠠᠯᠠᠪᠠᠶ ᠶᠢ 30 ᠲᠦᠮᠡᠨ ᠲᠡᠭᠰᠢ ᠳᠥᠷᠪᠡᠯᠵᠢᠨ ᠮᠧᠲᠷ ᠠᠴᠠ ᠳᠠᠪᠠᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠲᠠᠯᠠᠪᠠᠶ ᠶᠢ 2023 ᠣᠨ ᠤ ᠬᠢ ᠠᠴᠠ 500 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢ ᠨᠡᠮᠡᠭᠳᠡᠭᠦᠯᠦᠨ᠂ ᠪᠠᠷᠢᠯᠭ᠎ᠠ ᠳᠤ | ᠬᠡᠷᠡᠭᠯᠡᠬᠦ ᠡᠨᠧᠷᠭᠢ ᠳᠠᠬᠢ ᠴᠠᠬᠢᠯᠭᠠᠨ ᠬᠦᠴᠦᠨ ᠤ ᠬᠡᠷᠡᠭᠯᠡᠭᠡ ᠶᠢᠨ ᠡᠵᠡᠯᠡᠬᠦ ᠬᠠᠷᠢᠴᠠᠯ ᠢ 40% ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ᠂ ᠬᠤᠲᠠ | ᠪᠠᠯᠭᠠᠰᠤᠨ ᠤ ᠪᠠᠷᠢᠯᠭ᠎ᠠ ᠶᠢᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠷᠢᠯᠭ᠎ᠠ ᠶᠢᠨ | ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠭᠠᠨ᠎ᠠ᠃ 2027 ᠣᠨ ᠪᠣᠯᠬᠤ ᠳᠤ᠂ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠢᠭᠡ ᠪᠦᠯᠦᠭ ᠬᠡᠲᠦ ᠳᠣᠣᠷ᠎ᠠ | ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠪᠠᠶᠢᠭᠤᠯᠤᠨ ᠪᠦᠲᠦᠭᠡᠵᠦ᠂ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠪᠦᠲᠦᠴᠡ ᠶᠢ ᠨᠠᠩ ᠰᠢᠯᠢᠳᠡᠭᠵᠢᠭᠦᠯᠦᠨ᠂ | ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠵᠦ᠂ | ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠦᠪᠰᠢᠨ ᠢ | ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢᠷᠤᠭ ᠲᠥᠯᠥᠪᠯᠡᠭᠡ ᠶᠢ | ᠰᠢᠯᠢᠳᠡᠭᠵᠢᠭᠦᠯᠵᠦ᠂ ᠠᠶᠠᠨᠳᠠᠭᠠᠨ ᠤ ᠭᠡᠷᠡᠯ ᠠᠪᠤᠯᠭ᠎ᠠ ᠪᠠ ᠰᠠᠯᠬᠢ ᠨᠡᠪᠲᠡᠷᠡᠭᠦᠯᠬᠦ ᠶᠢ ᠭᠦᠢᠴᠡᠳ ᠠᠰᠢᠭᠯᠠᠨ᠂ ᠥᠨᠳᠥᠷ ᠦᠷ᠎ᠡ ᠪᠦᠲᠦᠮᠵᠢᠲᠡᠶ ᠡᠨᠧᠷᠭᠢ ᠳᠤ ᠠᠷᠪᠢᠲᠠᠢ | ᠨᠡᠭᠦᠷᠡᠰᠦᠲᠥ᠋ᠷᠥᠭᠴᠢ ᠪᠠᠭᠠᠲᠠᠢ ᠲᠥᠬᠦᠭᠡᠷᠦᠮᠵᠢ ᠶᠢ ᠬᠡᠷᠡᠭᠯᠡᠵᠦ᠂ ᠪᠠᠷᠢᠯᠭ᠎ᠠ ᠶᠢᠨ ᠬᠦᠷᠢᠶᠡᠯᠡᠨ ᠬᠠᠮᠠᠭᠠᠯᠠᠬᠤ ᠪᠦᠲᠦᠴᠡ ᠶᠢᠨ ᠳᠤᠯᠠᠭᠠᠨ ᠢ ᠬᠠᠮᠠᠭᠠᠯᠠᠨ ᠢᠯᠴᠢ | ᠬᠠᠯᠬᠠᠯᠠᠬᠤ ᠪᠠ ᠭᠠᠯ ᠰᠡᠷᠭᠡᠶᠢᠯᠡᠬᠦ ᠴᠢᠳᠠᠪᠬᠢ ᠶᠢ ᠨᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶᠠᠨ ᠤ ᠪᠦᠬᠦ ᠶᠠᠪᠤᠴᠠ ᠶᠢᠨ ᠬᠠᠮᠢᠶᠠᠷᠤᠯᠲᠠ᠂ ᠢᠯᠠᠩᠭᠤᠶ᠎ᠠ ᠪᠠᠷᠢᠯᠭ᠎ᠠ ᠶᠢᠨ ᠠᠵᠢᠯ ᠤᠨ ᠵᠢᠷᠤᠭ ᠢ ᠬᠢᠨᠠᠨ ᠪᠠᠶᠢᠴᠠᠭᠠᠬᠤ ᠪᠠ ᠪᠠᠷᠢᠯᠭ᠎ᠠ ᠶᠢᠨ ᠲᠥᠷᠥᠯ | ᠵᠦᠢᠯ ᠢ ᠰᠢᠯᠭᠠᠨ ᠬᠤᠷᠢᠶᠠᠵᠤ ᠠᠪᠬᠤ ᠭᠤᠭᠴᠤᠭ᠎ᠠ ᠶᠢ ᠴᠢᠩᠭᠠᠳᠬᠠᠨ᠂ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠬᠡᠷᠡᠭᠵᠢᠭᠦᠯᠦᠯᠲᠡ ᠶᠢᠨ ᠨᠣᠷᠮ᠎ᠠ ᠶᠢ 100% ᠳᠤ | ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠣᠨ ᠤ ᠠᠵᠢᠯᠯᠠᠭᠠᠨ ᠤ ᠡᠨᠧᠷᠭᠢ ᠶᠢᠨ ᠬᠤᠷᠣᠭᠳᠠᠯ ᠨᠢ 1000 ᠲᠣᠨ ᠪᠠᠷᠢᠮᠵᠢᠶᠠᠲᠤ ᠨᠡᠭᠦᠷᠡᠰᠦ ︵ᠪᠤᠶᠤ ᠴᠠᠬᠢᠯᠭᠠᠨ ᠤ | ᠬᠤᠷᠣᠭᠳᠠᠯ ᠨᠢ 500 ᠲᠦᠮᠡᠨ ᠺᠢᠯᠣᠸᠠᠲ ᠴᠠᠭ︶ ᠵᠢᠴᠢ ᠲᠡᠭᠦᠨ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ ᠳᠠᠬᠢ ᠡᠨᠧᠷᠭᠢ ᠠᠷᠪᠢᠯᠠᠬᠤ ᠬᠢᠨᠠᠨ | ᠪᠠᠶᠢᠴᠠᠭᠠᠯᠲᠠ ᠶᠢ ᠴᠢᠩᠭᠠᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠦᠨ᠎ᠡ᠃ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠪᠠ ᠪᠣᠬᠢᠷᠲᠤᠯ ᠦᠭᠡᠢ ᠪᠠᠷᠢᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ | ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ ᠶᠢ | ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠂ ᠬᠥᠬᠡᠬᠤᠲᠠ᠂ ᠪᠤᠭᠤᠲᠤ ᠬᠤᠲᠠ᠂ | ᠣᠷᠳᠣᠰ ᠬᠤᠲᠠ ᠵᠡᠷᠭᠡ ᠨᠥᠬᠦᠴᠡᠯ ᠲᠠᠢ ᠭᠠᠵᠠᠷ ᠣᠷᠣᠨ ᠨᠢ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ | ᠲᠦᠷᠭᠡᠳᠬᠡᠨ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠳᠣᠲᠣᠷᠠᠬᠢ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ ᠬᠠᠷᠢᠴᠠᠯ ᠢ | ᠦᠷᠭᠦᠯᠵᠢᠯᠡᠨ ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠠᠯᠪᠠᠯᠠᠬᠤ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠪᠠᠷᠢᠯᠭ᠎ᠠ᠂ 2 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ | ᠳᠥᠷᠪᠡᠯᠵᠢᠨ ᠮᠧᠳ᠋ᠷ ᠠᠴᠠ ᠳᠡᠭᠡᠭᠰᠢᠬᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ᠂ ᠬᠤᠲᠠ ᠶᠢᠨ ᠰᠢᠨ᠎ᠡ ᠪᠠᠷ ᠪᠠᠶᠢᠭᠤᠯᠬᠤ ᠲᠣᠭᠤᠷᠢᠭ ᠬᠢᠭᠡᠳ ᠪᠣᠬᠢᠷᠲᠤᠯ | ᠦᠭᠡᠢ ᠠᠮᠢ ᠠᠬᠤᠶᠢᠲᠤ ᠬᠤᠲᠠ ᠶᠢᠨ ᠲᠣᠭᠤᠷᠢᠭ ᠲᠠᠬᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ | ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠨᠥᠬᠦᠴᠡᠯ ᠤᠨ ᠪᠢᠴᠢᠭ ᠵᠢᠴᠢ ᠭᠠᠵᠠᠷ | ᠰᠣᠩᠭᠤᠬᠤ ᠰᠠᠨᠠᠯ ᠤᠨ ᠪᠢᠴᠢᠭ ᠢ ᠬᠠᠷᠭᠤᠭᠤᠯᠤᠨ ᠣᠯᠭᠤᠬᠤ ᠳᠤ᠂ ︽ᠪᠦᠲᠦᠭᠡᠨ ᠪᠠᠶᠢᠭᠤᠯᠬᠤ ᠱᠠᠭᠠᠷᠳᠠᠯᠭ᠎ᠠ︾ ᠳᠤ ᠣᠳᠣᠨ ᠲᠠᠰ ᠤᠨ ᠪᠣᠬᠢᠷᠲᠤᠯ ᠦᠭᠡᠢ | ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠪᠠᠨ ᠲᠣᠳᠣᠷᠬᠠᠶᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠤᠨ᠎ᠠ᠃ ᠳᠣᠣᠷᠠᠬᠢ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠵᠤ ᠵᠢᠭᠰᠠᠭᠠᠬᠤ ᠦᠭᠡᠢ︶ | ︵ᠬᠤᠶᠠᠷ︶ ᠬᠤᠲᠠ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠡᠨᠧᠷᠭᠢ ᠶᠢᠨ | ᠠᠰᠢᠭᠯᠠᠮᠵᠢ ᠶᠢᠨ ᠣᠨᠣᠰᠢᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠶᠢᠨ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠦᠨ᠂ ᠠᠶᠢᠮᠠᠭ ᠬᠤᠲᠠ ᠶᠢᠨ ᠱᠠᠲᠤᠨ ᠤ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ | ᠥᠭᠡᠷᠡᠴᠢᠯᠡᠯᠲᠡ ᠶᠢᠨ ᠳ᠋ᠠᠶᠢᠲ᠋ᠠ ᠬᠥᠮᠥᠷᠭᠡ ᠪᠠ ᠲᠥᠷᠥᠯ ᠵᠦᠢᠯ ᠨᠥᠭᠡᠴᠡᠯᠡᠬᠦ ᠬᠥᠮᠥᠷᠭᠡ ᠶᠢ ᠪᠠᠶᠢᠭᠤᠯᠤᠨ᠎ᠠ᠃ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠨᠲᠡ | ᠪᠠᠶᠢᠭ᠎ᠠ ᠪᠠᠷᠢᠯᠭ᠎ᠠ ᠶᠢᠨ ᠣᠨ ᠤ ᠥᠭᠡᠷᠡᠴᠢᠯᠡᠯᠲᠡ ᠶᠢᠨ ᠲᠥᠯᠥᠪᠯᠡᠭᠡ ᠶᠢ ᠲᠣᠭᠲᠠᠭᠠᠵᠤ᠂ ᠥᠭᠡᠷᠡᠴᠢᠯᠡᠬᠦ ᠴᠠᠭ ᠤᠨ ᠳᠡᠰ ᠳᠠᠷᠠᠭᠠᠯᠠᠯ ᠢ ᠵᠦᠢ ᠵᠣᠬᠢᠰᠲᠠᠢ ᠲᠣᠭᠲᠠᠭᠠᠨ᠂ | ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠲᠠᠢ ᠤᠶᠠᠯᠳᠤᠭᠤᠯᠤᠨ᠂ ᠠᠭᠠᠷ ᠲᠣᠬᠢᠷᠠᠭᠤᠯᠤᠭᠴᠢ᠂ ᠭᠡᠷᠡᠯᠲᠦᠭᠦᠯᠭᠡ᠂ ᠴᠠᠬᠢᠯᠭᠠᠨ ᠱᠠᠲᠤ ᠵᠡᠷᠭᠡ ᠭᠤᠣᠯᠳᠠᠯᠭᠠᠲᠤ | ᠡᠨᠧᠷᠭᠢ ᠬᠡᠷᠡᠭᠯᠡᠬᠦ ᠲᠥᠬᠦᠭᠡᠷᠦᠮᠵᠢ ᠪᠠ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠡᠭᠦᠳᠡ ᠴᠣᠩᠬᠤ ᠵᠡᠷᠭᠡ ᠪᠠᠷ ᠭᠤᠣᠯᠳᠠᠯᠭ᠎ᠠ ᠲᠠᠢ ᠠᠭᠤᠯᠭ᠎ᠠ ᠪᠣᠯᠭᠠᠵᠤ ᠳᠡᠰ | ᠳᠡᠪᠰᠢᠭᠦᠯᠦᠨ ᠥᠭᠡᠷᠡᠴᠢᠯᠡᠬᠦ ᠶᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠭᠤᠣᠯᠳᠠᠯᠭ᠎ᠠ ᠲᠠᠢ | ᠬᠤᠲᠠ ᠳᠤ ᠣᠷᠣᠭᠤᠯᠤᠭᠰᠠᠨ ᠬᠥᠬᠡᠬᠤᠲᠠ᠂ ᠪᠤᠭᠤᠲᠤ ᠬᠤᠲᠠ ᠪᠠ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠳᠤ ᠣᠷᠣᠭᠤᠯᠤᠭᠰᠠᠨ ᠬᠥᠬᠡᠬᠤᠲᠠ᠂ | ᠪᠤᠭᠤᠲᠤ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠵᠡᠷᠭᠡ ᠪᠠᠷ ᠭᠤᠣᠯᠳᠠᠯᠭ᠎ᠠ ᠪᠣᠯᠭᠠᠵᠤ᠂ ᠪᠤᠰᠤᠳ ᠠᠶᠢᠮᠠᠭ ᠬᠤᠲᠠ ᠨᠢ ᠨᠥᠬᠦᠴᠡᠯ ᠪᠦᠷᠢᠳᠦᠭᠦᠯᠵᠦ | ᠢᠳᠡᠪᠬᠢᠲᠡᠢ ᠠᠬᠢᠭᠤᠯᠤᠨ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠯᠠᠨ ᠨᠡᠶᠢᠲᠡ ᠶᠢᠨ ᠪᠠᠶᠢᠭᠤᠯᠤᠮᠵᠢ ᠡᠭᠦᠳᠦᠨ ᠪᠠᠶᠢᠭᠤᠯᠬᠤ | ᠠᠵᠢᠯ ᠲᠠᠢ ᠤᠶᠠᠯᠳᠤᠭᠤᠯᠤᠨ᠂ ᠨᠢᠭᠡᠨᠲᠡ ᠪᠠᠶᠢᠭ᠎ᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ | ᠥᠷᠨᠢᠭᠦᠯᠦᠨ᠎ᠡ᠃ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠬᠡᠰᠡᠭ ᠤᠨ ᠡᠨᠧᠷᠭᠢ ᠶᠢᠨ ᠠᠰᠢᠭᠯᠠᠮᠵᠢ ᠶᠢ ᠣᠲᠣ ᠶᠢᠨ | ᠬᠡᠷᠡᠭᠵᠢᠭᠦᠯᠵᠦ ᠪᠠᠶᠢᠭ᠎ᠠ ᠪᠠᠷᠢᠮᠵᠢᠶᠠᠨ ᠤ ᠲᠣᠭᠲᠠᠭᠠᠯ ᠳᠤ ᠬᠦᠷᠦᠭᠦᠯᠵᠦ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠣᠯᠠᠨ ᠨᠡᠶᠢᠲᠡ ᠶᠢᠨ | ᠪᠠᠷᠢᠯᠭ᠎ᠠ ᠶᠢ ᠥᠭᠡᠷᠡᠴᠢᠯᠡᠭᠰᠡᠨ ᠤ ᠳᠠᠷᠠᠭ᠎ᠠ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ ᠶᠢ 20% ᠠᠴᠠ ᠳᠡᠭᠡᠭᠰᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠭᠤᠷᠪᠠ︶ ᠪᠠᠷᠢᠯᠭ᠎ᠠ ᠶᠢᠨ ᠠᠵᠢᠯᠯᠠᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠣᠷᠣᠨ | ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠬᠦ ᠪᠠᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠢ ᠡᠨᠧᠷᠭᠢ ᠠᠷᠪᠢᠯᠠᠬᠤ ᠭᠡᠷ ᠤᠨ ᠴᠠᠬᠢᠯᠭᠠᠨ | ᠬᠡᠷᠡᠭᠰᠡᠯ ᠵᠡᠷᠭᠡ ᠲᠥᠬᠦᠭᠡᠷᠦᠮᠵᠢ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠠᠷᠠᠳ ᠤᠨ ᠦᠷ᠎ᠡ ᠠᠰᠢᠭ ᠢᠶᠠᠷ ᠳᠣᠣᠷ᠎ᠠ ᠮᠥᠷᠲᠡᠭᠡᠨ | ᠬᠤᠴᠤᠷᠤᠩᠭᠤᠢ ᠡᠨᠧᠷᠭᠢ ᠬᠡᠷᠡᠭᠯᠡᠬᠦ ᠲᠥᠬᠦᠭᠡᠷᠦᠮᠵᠢ ᠪᠠᠨ ᠰᠣᠯᠢᠬᠤ ᠶᠢ ᠨᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠦᠢᠯᠡᠳᠬᠦᠨ ᠪᠠ ᠮᠡᠷᠭᠡᠵᠢᠯ ᠢ | ᠳᠡᠯᠭᠡᠷᠡᠭᠦᠯᠬᠦ ᠭᠠᠷᠴᠠᠭ ᠢᠶᠠᠨ ᠨᠠᠶᠢᠷᠠᠭᠤᠯᠤᠨ ᠵᠣᠬᠢᠶᠠᠵᠤ ᠵᠠᠰᠠᠪᠤᠷᠢ ᠣᠷᠣᠭᠤᠯᠤᠨ᠎ᠠ᠃ ᠡᠯ᠎ᠡ ᠠᠶᠢᠮᠠᠭ ᠬᠤᠲᠠ ᠨᠢ ᠣᠯᠠᠨ ᠨᠡᠶᠢᠲᠡ ᠶᠢᠨ ᠪᠠᠷᠢᠯᠭ᠎ᠠ ᠶᠢᠨ ᠥᠷᠥᠭᠡᠨ ᠤ | ᠳᠤᠯᠠᠭᠠᠨ ᠤ ᠬᠡᠮᠵᠢᠶ᠎ᠡ ᠶᠢ ᠡᠵᠡᠮᠳᠡᠬᠦ ᠲᠣᠭᠲᠠᠴᠠ ᠶᠢ ᠲᠦᠷᠭᠡᠳᠬᠡᠨ ᠪᠠᠶᠢᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠦᠨ᠂ ᠬᠠᠤᠯᠢ ᠠᠴᠠ ᠵᠥᠷᠢᠴᠡᠨ ᠡᠨᠧᠷᠭᠢ | ᠬᠡᠷᠡᠭᠯᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠨ ᠠᠵᠢᠯ ᠪᠠ ᠮᠡᠷᠭᠡᠵᠢᠯ ᠤᠨ | ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠯᠪᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠵᠠᠮ | ᠬᠠᠷᠢᠯᠴᠠᠭᠠᠨ ᠤ ᠲᠠᠯᠠᠪᠤᠷ ᠥᠷᠳᠡᠭᠡ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠥᠷᠥᠭᠡᠨ ᠤ ᠡᠪᠦᠯ ᠵᠤᠨ ᠤ | ᠳᠤᠯᠠᠭᠠᠨ ᠤ ᠬᠡᠮᠵᠢᠶ᠎ᠡ ᠶᠢ ᠡᠵᠡᠮᠳᠡᠬᠦ᠂ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠰᠢᠰᠲ᠋ᠧᠮ ᠤᠨ ᠠᠵᠢᠯᠯᠠᠭᠠᠨ ᠤ ᠵᠡᠷᠭᠡ ᠪᠠᠶᠢᠳᠠᠯ ᠤᠨ ᠪᠠᠶᠢᠴᠠᠭᠠᠯᠲᠠ ᠶᠢ ᠬᠠᠤᠯᠢ | ᠶᠣᠰᠣᠭᠠᠷ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢᠨ | ᠠᠵᠢᠯᠯᠠᠭᠠᠨ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠪᠠᠷᠢᠯᠭ᠎ᠠ ᠶᠢᠨ ᠬᠢᠨᠠᠨ ᠬᠡᠮᠵᠢᠯᠲᠡ ᠶᠢᠨ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠲᠣᠭᠲᠠᠭᠰᠠᠨ ᠨᠣᠷᠮᠠᠲᠤ ᠲᠥᠰᠥᠪ ᠤᠨ ᠳᠦᠷᠢᠮ ᠢ ᠰᠦᠪᠡᠭᠴᠢᠯᠡᠨ᠂ ᠭᠡᠷᠡᠲᠦ ᠡᠨᠧᠷᠭᠢ᠂ | ᠤᠰᠤ ᠠᠷᠪᠢᠯᠠᠬᠤ ᠭᠡᠷᠡᠲᠦ ᠬᠠᠮᠢᠶᠠᠷᠤᠯᠲᠠ ᠶᠢ ᠳᠡᠯᠭᠡᠷᠡᠭᠦᠯᠦᠨ ᠬᠡᠷᠡᠭᠵᠢᠭᠦᠯᠵᠦ᠂ ᠡᠨᠧᠷᠭᠢ ᠠᠷᠪᠢᠯᠠᠬᠤ ᠳᠠᠯᠳᠠ ᠬᠦᠴᠦᠨ ᠢᠶᠠᠷ ᠶᠡᠭᠡ ᠣᠯᠠᠨ ᠨᠡᠶᠢᠲᠡ ᠶᠢᠨ | ᠪᠠᠶᠢᠭᠤᠯᠤᠮᠵᠢ ᠶᠢ ᠰᠣᠩᠭᠤᠨ ᠡᠨᠧᠷᠭᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠪᠣᠢ ᠪᠣᠯᠭᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠣᠯᠠᠨ ᠨᠡᠶᠢᠲᠡ ᠶᠢᠨ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠵᠢᠴᠢ ᠤᠬᠠᠭᠤᠯᠤᠨ ᠰᠠᠨᠠᠭᠠᠴᠢᠯᠠᠬᠤ ᠠᠵᠢᠯ ᠢ ᠰᠠᠶᠢᠲᠤᠷ ᠥᠷᠨᠢᠭᠦᠯᠦᠨ᠎ᠡ᠃ | ᠣᠯᠠᠨ ᠨᠡᠶᠢᠲᠡ ᠶᠢᠨ ᠪᠠᠷᠢᠯᠭ᠎ᠠ ᠶᠢᠨ ᠠᠭᠠᠷ ᠲᠣᠬᠢᠷᠠᠭᠤᠯᠤᠭᠴᠢ᠂ ᠭᠡᠷᠡᠯᠲᠦᠭᠦᠯᠭᠡ᠂ ᠴᠠᠬᠢᠯᠭᠠᠨ ᠱᠠᠲᠤ ᠵᠡᠷᠭᠡ ᠭᠤᠣᠯᠳᠠᠯᠭᠠᠲᠤ ᠡᠨᠧᠷᠭᠢ ᠬᠡᠷᠡᠭᠯᠡᠬᠦ ᠲᠥᠬᠦᠭᠡᠷᠦᠮᠵᠢ ᠶᠢ | ᠲᠣᠬᠢᠷᠠᠭᠤᠯᠤᠨ ᠲᠤᠷᠰᠢᠵᠤ ᠠᠷᠠᠴᠢᠯᠠᠨ ᠬᠠᠮᠠᠭᠠᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠲᠣᠮᠣ ᠬᠡᠯᠪᠡᠷᠢ ᠶᠢᠨ ᠣᠯᠠᠨ ᠨᠡᠶᠢᠲᠡ ᠶᠢᠨ | ᠪᠠᠷᠢᠯᠭ᠎ᠠ ᠳᠤ ᠥᠨᠳᠥᠷ ᠦᠷ᠎ᠡ ᠠᠰᠢᠭᠲᠤ ᠤᠶᠠᠨ ᠬᠠᠲᠠᠨ ᠴᠢᠨᠠᠷᠲᠠᠢ ᠣᠶᠤᠨᠴᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠰᠦᠪᠡᠭᠴᠢᠯᠡᠵᠦ ᠳᠡᠯᠭᠡᠷᠡᠭᠦᠯᠦᠨ ᠬᠡᠷᠡᠭᠯᠡᠵᠦ᠂ | ᠴᠠᠬᠢᠯᠭᠠᠨ ᠬᠡᠷᠡᠭᠯᠡᠬᠦ ᠳᠠᠭᠠᠭᠠᠴᠠ ᠶᠢ ᠵᠦᠢ ᠵᠣᠬᠢᠰᠲᠠᠢ ᠲᠣᠬᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠯ᠎ᠡ | ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠳᠠᠬᠢ ᠬᠡᠷᠡᠭᠯᠡᠭᠡᠨ ᠢ ᠨᠢᠭᠡᠳᠦᠯᠲᠡᠢ ᠲᠥᠯᠥᠪᠵᠢᠭᠦᠯᠵᠦ᠂ | ᠴᠠᠭ ᠤᠨ ᠬᠦᠰᠦᠨᠦᠭᠲᠦ᠂ ᠠᠵᠢᠯ ᠤᠨ ᠱᠤᠭᠤᠮ ᠤᠨ ᠵᠢᠷᠤᠭ᠂ ᠪᠠᠷᠢᠯᠭ᠎ᠠ ᠶᠢᠨ ᠠᠵᠢᠯ ᠤᠨ ᠵᠢᠷᠤᠭ ᠢ ᠲᠣᠭᠲᠠᠭᠠᠨ᠂ ︽ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ | ᠳᠠᠬᠢᠨ ᠡᠭᠦᠰᠴᠦ ᠪᠣᠯᠬᠤ ᠡᠨᠧᠷᠭᠢ ᠶᠢ ᠠᠰᠢᠭᠯᠠᠬᠤ ᠨᠡᠶᠢᠳᠡᠮ ᠬᠡᠷᠡᠭᠯᠡᠭᠡᠨ ᠤ ᠵᠢᠷᠤᠮᠵᠢᠯ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ᠴᠡᠪᠡᠷ ᠳᠤᠯᠠᠭᠠᠯᠠᠭ᠎ᠠ ᠬᠠᠩᠭᠠᠬᠤ ᠶᠢ ᠠᠬᠢᠭᠤᠯᠵᠤ᠂ ᠢᠯᠴᠢ ᠴᠠᠬᠢᠯᠭᠠᠨ ᠢ ᠵᠡᠷᠭᠡ ᠪᠠᠷ ᠦᠢᠯᠡᠳᠪᠦᠷᠢᠯᠡᠬᠦ᠂ ᠠᠵᠤ ᠦᠢᠯᠡᠳᠪᠦᠷᠢ ᠶᠢᠨ | ᠪᠦᠯᠢᠶᠡᠨ ᠢᠯᠴᠢ ᠶᠢ ᠲᠥᠪᠯᠡᠷᠡᠭᠦᠯᠦᠨ ᠢᠯᠴᠢ ᠬᠠᠩᠭᠠᠬᠤ ᠳᠤ ᠬᠡᠷᠡᠭᠯᠡᠬᠦ ᠶᠢ ᠶᠡᠭᠡ ᠪᠠᠷ ᠬᠥᠭᠵᠢᠭᠦᠯᠦᠨ᠂ ᠪᠠᠷᠢᠯᠭ᠎ᠠ ᠶᠢᠨ ᠬᠦᠷᠢᠶ᠎ᠡ ᠴᠠᠷᠠᠭᠠᠨ ᠳᠠᠬᠢ ᠭᠠᠵᠠᠷ ᠤᠨ | ᠢᠯᠴᠢ ᠶᠢᠨ ᠡᠨᠧᠷᠭᠢ᠂ ᠨᠡᠷᠡᠨ ᠤ ᠡᠨᠧᠷᠭᠢ ᠪᠠᠷ ᠢᠯᠴᠢ ᠬᠠᠩᠭᠠᠬᠤ ᠬᠡᠷᠡᠭᠯᠡᠭᠡᠨ ᠢ ᠳᠡᠮᠵᠢᠵᠦ᠂ ᠨᠥᠬᠦᠴᠡᠯ ᠲᠠᠢ ᠭᠠᠵᠠᠷ ᠣᠷᠣᠨ ᠨᠢ ᠲᠠᠷᠢᠶᠠᠯᠠᠬᠤ ᠮᠠᠯᠵᠢᠬᠤ ᠣᠷᠣᠨ ᠢ | ᠡᠮᠬᠢ ᠵᠢᠷᠤᠮ ᠲᠠᠢ ᠵᠢᠯᠣᠭᠤᠳᠴᠤ ᠪᠠᠶᠢᠭᠠᠳ ᠪᠢᠥᠮᠠᠰ ᠤᠨ ᠡᠨᠧᠷᠭᠢᠲᠦ ᠵᠤᠤᠬ᠎ᠠ ᠪᠠᠷ ᠳᠤᠯᠠᠭᠠᠨ ᠬᠠᠩᠭᠠᠬᠤ ᠶᠢ ᠬᠥᠭᠵᠢᠭᠦᠯᠬᠦ ᠶᠢ ᠨᠢ ᠵᠣᠷᠢᠭᠵᠢᠭᠤᠯᠤᠨ᠎ᠠ᠃ | ᠪᠠᠷᠢᠯᠭ᠎ᠠ ᠶᠢ ᠴᠠᠬᠢᠯᠭᠠᠨᠵᠢᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠪᠠᠷᠢᠯᠭ᠎ᠠ ᠶᠢ ᠪᠦᠬᠦ ᠲᠠᠯ᠎ᠠ ᠪᠠᠷ | ᠴᠠᠬᠢᠯᠭᠠᠨᠵᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠪᠠᠷᠢᠯᠭ᠎ᠠ ᠶᠢᠨ ᠭᠡᠷᠡᠯᠴᠢ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠠ ᠡᠯ᠎ᠡ ᠠᠶᠢᠮᠠᠭ ᠬᠤᠲᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯᠴᠢ ᠴᠡᠨᠡᠭ ᠢ ᠳᠡᠯᠭᠡᠷᠡᠭᠦᠯᠦᠨ | ᠬᠡᠷᠡᠭᠯᠡᠬᠦ ᠬᠡᠷᠡᠭᠵᠢᠭᠦᠯᠬᠦ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠪᠠᠷᠢᠯᠭ᠎ᠠ ᠶᠢᠨ ᠭᠡᠷᠡᠯᠴᠢ ᠴᠡᠨᠡᠭ ᠤᠨ ᠬᠥᠭᠵᠢᠯᠲᠡ ᠳᠤ ᠠᠰᠢᠭᠲᠠᠢ ᠲᠣᠭᠲᠠᠴᠠ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠦᠴᠦᠨ ᠵᠦᠢᠯ ᠤᠨ | ᠲᠤᠯᠭᠠᠭᠤᠷᠢᠯᠠᠯ ᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯᠴᠢ ᠴᠡᠨᠡᠭ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ | ᠠᠬᠢᠭᠤᠯᠤᠨ᠎ᠠ᠃ ᠪᠠᠷᠢᠯᠭ᠎ᠠ ᠪᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠣᠷᠣᠨ ᠨᠤᠲᠤᠭ ᠤᠨ ᠪᠠᠷᠢᠮᠵᠢᠶ᠎ᠠ ᠪᠠ ᠵᠢᠷᠤᠭ ᠤᠨ ᠲᠣᠪᠬᠢᠮᠠᠯ ᠢ | ᠲᠣᠭᠲᠠᠭᠠᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠭᠡᠷ ᠪᠠᠶᠢᠰᠢᠩ᠂ ᠣᠯᠠᠨ ᠨᠡᠶᠢᠲᠡ ᠶᠢᠨ ᠪᠠᠷᠢᠯᠭ᠎ᠠ᠂ ᠣᠷᠣᠨ ᠰᠠᠭᠤᠴᠠ ᠶᠢᠨ ᠪᠠᠷᠢᠯᠭ᠎ᠠ ᠵᠡᠷᠭᠡ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢ ᠭᠡᠷᠡᠯᠴᠢ ᠴᠡᠨᠡᠭ ᠲᠠᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠠᠵᠢᠯ ᠢ ᠤᠯᠤᠰ ᠤᠨ ᠲᠤᠷᠰᠢᠯᠲᠠ ᠶᠢᠨ | ᠴᠡᠭ ᠢᠶᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠭᠡᠷᠡᠯᠴᠢ ᠴᠡᠨᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠡᠷᠡᠯᠴᠢ ᠴᠡᠨᠡᠭ ᠢᠶᠠᠷ | ᠭᠠᠷᠭᠠᠬᠤ ᠴᠠᠬᠢᠯᠭᠠᠨ ᠢ ᠪᠠᠭᠲᠠᠭᠠᠨ ᠰᠢᠩᠭᠡᠭᠡᠬᠦ ᠪᠠᠨ ᠰᠠᠶᠢᠲᠤᠷ ᠬᠢᠵᠦ᠂ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠬᠥᠭᠵᠢᠯᠲᠡ ᠶᠢᠨ | ᠵᠠᠭᠪᠤᠷ ᠲᠤ ᠰᠢᠨ᠎ᠡ ᠶᠢ ᠡᠭᠦᠳᠴᠦ᠂ ᠪᠠᠷᠢᠯᠭ᠎ᠠ ᠶᠢᠨ ᠭᠡᠷᠡᠯᠴᠢ ᠴᠡᠨᠡᠭ ᠤᠨ ᠲᠠᠯ᠎ᠠ ᠪᠠᠷ ᠬᠢ ᠨᠡᠶᠢᠲᠡᠯᠢᠭ ᠠᠵᠢᠯ ᠤᠨ ᠲᠤᠷᠰᠢᠯᠭ᠎ᠠ ᠶᠢ ᠴᠠᠭ ᠲᠤᠬᠠᠢ ᠳᠤ ᠨᠢ | ᠤᠬᠠᠭᠤᠯᠤᠨ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠪᠠ ᠢᠯᠴᠢ ᠬᠠᠩᠭᠠᠭᠰᠠᠨ ᠬᠡᠮᠵᠢᠶ᠎ᠡ ᠪᠠᠷ ᠰᠦᠢᠳᠬᠡᠯ ᠬᠤᠷᠢᠶᠠᠬᠤ ᠶᠢ ᠠᠬᠢᠭᠤᠯᠤᠨ᠎ᠠ᠃ | ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠦᠬᠠᠢ ᠬᠤᠲᠠ ᠳᠤ ᠤᠷᠢᠳ ᠢᠶᠠᠷ ᠲᠤᠷᠰᠢᠨ ᠬᠡᠷᠡᠭᠵᠢᠭᠦᠯᠵᠦ᠂ ᠣᠷᠣᠨ ᠪᠦᠰᠡ | ᠬᠤᠪᠢᠶᠠᠨ ᠥᠪᠡᠷᠲᠡᠭᠡᠨ ᠵᠠᠰᠠᠬᠤ ᠣᠷᠣᠨ ᠤ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠪᠠᠷ ᠰᠦᠢᠳᠬᠡᠯ ᠬᠤᠷᠢᠶᠠᠬᠤ ᠥᠭᠡᠷᠡᠴᠢᠯᠡᠯᠲᠡ ᠶᠢ ᠵᠢᠱᠢᠶ᠎ᠡ ᠦᠵᠡᠭᠦᠯᠦᠨ | ᠠᠬᠢᠭᠤᠯᠵᠤ᠂ ᠢᠯᠴᠢ ᠶᠢᠨ ᠬᠠᠩᠭᠠᠯᠭ᠎ᠠ ᠶᠢᠨ ᠣᠶᠤᠨᠴᠢᠯᠠᠯᠲᠠ ᠶᠢ ᠪᠡᠶᠡᠯᠡᠭᠦᠯᠦᠨ᠎ᠡ᠃ ᠡᠯ᠎ᠡ ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠤᠨ ᠢᠯᠴᠢ ᠶᠢᠨ | ᠬᠠᠩᠭᠠᠯᠭ᠎ᠠ ᠶᠢ ᠡᠷᠦᠬᠡ ᠡᠷᠦᠬᠡ ᠪᠠᠷ ᠬᠡᠮᠵᠢᠬᠦ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠵᠤ᠂ ᠬᠡᠮᠵᠢᠶᠡᠯᠡᠬᠦ ᠬᠠᠷᠠᠯᠲᠠ ᠡᠭᠦᠷᠭᠡ ᠪᠠ ᠥᠭᠡᠷᠡᠴᠢᠯᠡᠬᠦ ᠬᠤᠭᠤᠴᠠᠭ᠎ᠠ | ᠬᠢᠵᠠᠭᠠᠷ ᠢ ᠲᠣᠳᠣᠷᠬᠠᠢ ᠪᠣᠯᠭᠠᠨ᠂ ᠨᠥᠬᠦᠴᠡᠯ ᠪᠦᠷᠢᠳᠦᠭᠦᠯᠦᠭᠰᠡᠨ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠠᠴᠠ ᠢᠯᠴᠢ ᠶᠢᠨ | ᠬᠡᠷᠡᠭᠯᠡᠴᠡ ᠶᠢ ᠬᠡᠮᠵᠢᠵᠦ ᠰᠦᠢᠳᠬᠡᠯ ᠬᠤᠷᠢᠶᠠᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠡᠷᠦᠬᠡ ᠶᠢᠨ ᠳᠣᠲᠣᠭᠠᠳᠤ ᠳᠤ ᠢᠯᠴᠢ ᠶᠢᠨ ᠬᠠᠩᠭᠠᠯᠭ᠎ᠠ ᠶᠢᠨ | ᠬᠡᠮᠵᠢᠯᠲᠡ ᠶᠢ ᠥᠭᠡᠷᠡᠴᠢᠯᠡᠨ ᠰᠢᠨᠡᠳᠬᠡᠬᠦ ᠥᠷᠲᠡᠭ ᠪᠠ ᠨᠥᠬᠦᠴᠡᠯ ᠢ ᠡᠰᠡ ᠪᠦᠷᠢᠳᠦᠭᠦᠯᠦᠭᠰᠡᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠳᠤ ᠠᠰᠠᠷ ᠤᠨ | ᠣᠷᠤᠴᠠ ᠣᠷᠤᠴᠠ ᠪᠠᠷ ᠬᠡᠮᠵᠢᠬᠦ ᠠᠷᠭ᠎ᠠ ᠶᠢ ᠬᠡᠷᠡᠭᠵᠢᠭᠦᠯᠵᠦ ᠪᠣᠯᠣᠨ᠎ᠠ᠃ ᠰᠢᠨ᠎ᠡ ᠪᠠᠷ ᠪᠠᠷᠢᠵᠤ ᠳᠠᠭᠤᠰᠬᠠᠭᠰᠠᠨ ᠪᠠᠷᠢᠯᠭ᠎ᠠ ᠶᠢ ᠢᠯᠴᠢ ᠶᠢᠨ ᠬᠠᠩᠭᠠᠯᠭ᠎ᠠ ᠶᠢᠨ | ᠬᠡᠮᠵᠢᠯᠲᠡ ᠶᠢᠨ ᠱᠠᠭᠠᠷᠳᠠᠯᠭ᠎ᠠ ᠳᠤ ᠬᠦᠷᠭᠡᠬᠦ ᠬᠡᠷᠡᠭᠲᠡᠢ᠃ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠦᠢᠳᠬᠡᠯ | ᠬᠤᠷᠢᠶᠠᠬᠤ ᠲᠣᠭᠲᠠᠴᠠ ᠶᠢ ᠪᠠᠶᠢᠭᠤᠯᠵᠤ᠂ ᠦᠨᠳᠦᠰᠦᠨ ᠢᠯᠴᠢ ᠶᠢᠨ ᠦᠨ᠎ᠡ ᠪᠠ ᠬᠡᠮᠵᠢᠯᠲᠡ ᠶᠢᠨ ᠢᠯᠴᠢ ᠶᠢᠨ ᠦᠨ᠎ᠡ ᠶᠢ ᠬᠠᠷᠢᠯᠴᠠᠨ ᠤᠶᠠᠯᠳᠤᠭᠤᠯᠤᠭᠰᠠᠨ ᠬᠤᠶᠠᠷ | ᠢᠵᠢ ᠢᠯᠴᠢ ᠶᠢᠨ ᠦᠨ᠎ᠡ ᠶᠢ ᠲᠦᠷᠭᠡᠳᠬᠡᠨ ᠬᠡᠷᠡᠭᠵᠢᠭᠦᠯᠦᠨ᠎ᠡ᠃ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠬᠤᠲᠠ ᠶᠢᠨ ᠢᠯᠴᠢ ᠶᠢᠨ | ᠬᠠᠩᠭᠠᠯᠭ᠎ᠠ ᠶᠢᠨ ᠬᠠᠮᠢᠶᠠᠷᠤᠯᠲᠠ ᠶᠢᠨ ᠣᠶᠤᠨᠴᠢᠯᠠᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠢᠯᠴᠢ ᠬᠠᠩᠭᠠᠬᠤ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠲᠣᠭᠠᠵᠢᠭᠤᠯᠤᠯᠲᠠ᠂ ᠣᠶᠤᠨᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠵᠤ ᠲᠠᠰ ᠳᠡᠪᠰᠢᠭᠦᠯᠬᠦ ᠶᠢ ᠨᠢ ᠠᠬᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠬᠥᠳᠡᠭᠡ ᠲᠣᠰᠬᠤᠨ ᠤ ᠭᠡᠷ ᠪᠠᠶᠢᠰᠢᠩ ᠤᠨ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠪᠰᠢᠨ ᠢ | ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠨ ᠰᠠᠶᠢᠨ ᠳᠤᠷ᠎ᠠ ᠶᠢᠨ ᠪᠠᠶᠢᠬᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠨᠢᠭᠡ ᠡᠷᠦᠬᠡ ᠳᠤ | ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠳᠡᠭᠡ ᠲᠣᠰᠬᠤᠨ ᠤ | ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ | ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠣᠷᠣᠨ ᠰᠠᠭᠤᠴᠠ ᠶᠢᠨ ᠬᠦᠷᠢᠶ᠎ᠡ ᠬᠠᠰᠢᠶᠠᠨ ᠤ ᠵᠢᠷᠤᠭ ᠲᠥᠯᠥᠪᠯᠡᠭᠡ ᠶᠢᠨ ᠵᠢᠷᠤᠭ ᠤᠨ ᠲᠣᠪᠬᠢᠮᠠᠯ︾ ᠤᠨ | ᠬᠡᠷᠡᠭᠯᠡᠭᠡᠨ ᠢ ᠵᠣᠷᠢᠭᠵᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠠᠶᠠᠨᠳᠠᠭᠠᠨ ᠰᠠᠯᠬᠢ ᠨᠡᠪᠲᠡᠷᠡᠬᠦ᠂ ᠭᠡᠷᠡᠯ ᠠᠪᠤᠯᠭ᠎ᠠ ᠪᠠ ᠳᠤᠯᠠᠭᠠᠨ ᠢ ᠬᠠᠮᠠᠭᠠᠯᠠᠬᠤ ᠴᠢᠳᠠᠮᠵᠢ ᠶᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠡᠨᠧᠷᠭᠢ ᠶᠢᠨ ᠬᠤᠷᠣᠭᠳᠠᠯ ᠢ ᠪᠠᠭᠠᠰᠬᠠᠬᠤ ᠶᠢᠨ ᠬᠠᠮᠲᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡᠨᠲᠡ ᠪᠠᠶᠢᠭ᠎ᠠ | ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠥᠷᠨᠢᠭᠦᠯᠵᠦ᠂ ᠭᠡᠷ ᠪᠠᠶᠢᠰᠢᠩ ᠤᠨ ᠬᠡᠷᠡᠮ ᠬᠠᠨ᠎ᠠ᠂ | ᠡᠭᠦᠳᠡ ᠴᠣᠩᠬᠤ᠂ ᠭᠡᠷ ᠤᠨ ᠳᠡᠭᠡᠪᠦᠷ᠂ ᠱᠠᠯᠠ ᠵᠡᠷᠭᠡ ᠳᠤ ᠲᠣᠪᠶᠤᠭ ᠮᠠᠶ᠋ᠢᠭ ᠤᠨ ᠪᠢᠴᠢᠯ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ | ᠪᠠᠷᠢᠯᠭ᠎ᠠ ᠶᠢᠨ ᠮᠠᠲ᠋ᠧᠷᠢᠶᠡᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠨᠳᠥᠷ ᠦᠷ᠎ᠡ ᠪᠦᠳᠦᠮᠵᠢᠳᠡᠢ ᠭᠡᠷᠡᠯᠲᠦᠭᠦᠯᠭᠡ᠂ ᠵᠤᠤᠬᠠᠨ ᠤ | ᠬᠡᠷᠡᠭᠰᠡᠯ᠂ ᠡᠨᠧᠷᠬᠢ ᠠᠷᠪᠢᠯᠠᠬᠤ ᠪᠠᠭᠠᠵᠢ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠴᠡᠪᠡᠷ | ᠳᠤᠯᠠᠭᠠᠯᠠᠭ᠎ᠠ ᠶᠢ ᠠᠬᠢᠭᠤᠯᠵᠤ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠢ ᠬᠡᠢ ᠪᠠ ᠨᠡᠷᠡᠨ ᠤ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ | ᠢᠯᠴᠢ ᠶᠢᠨ ᠡᠨᠧᠷᠭᠢ᠂ ᠪᠢᠥᠮᠠᠰ ᠤᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠶᠢᠨ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠨᠡᠮᠡᠵᠦ ᠤᠭᠰᠠᠷᠠᠬᠤ᠂ ᠨᠡᠭᠦᠷᠡᠰᠦ | ᠰᠢᠲᠠᠭᠠᠵᠤ ᠬᠡᠷᠡᠭᠯᠡᠬᠦ ᠶᠢ ᠪᠠᠭᠠᠰᠬᠠᠬᠤ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠨᠠᠢᠮᠠ︶ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢ ᠲᠦᠷᠭᠡᠳᠬᠡᠨ ᠬᠥᠭᠵᠢᠭᠦᠯᠵᠦ᠂ ᠤᠷᠢᠳᠴᠢᠯᠠᠨ ᠦᠢᠯᠡᠳᠦᠭᠰᠡᠨ ᠲᠣᠨᠣᠭᠯᠠᠭᠠᠰᠤ ᠪᠠ ᠤᠭᠰᠠᠷᠠᠭ᠎ᠠ ᠦᠢᠯᠡᠳᠬᠦᠨ ᠤᠭᠰᠠᠷᠠᠭ᠎ᠠ ᠲᠣᠨᠤᠭ ᠤᠨ ᠨᠡᠶᠢᠳᠡᠮ | ᠬᠡᠷᠡᠭᠯᠡᠭᠡᠨ ᠤ ᠴᠢᠨᠠᠷ ᠢ ᠳᠡᠭᠡᠭᠰᠢᠯᠡᠭᠦᠯᠦᠨ᠂ ᠪᠠᠷᠢᠮᠵᠢᠶᠠᠵᠢᠭᠤᠯᠤᠭᠰᠠᠨ᠂ ᠴᠥᠭᠡᠨ ᠬᠡᠪ ᠪᠠᠷᠢᠮᠵᠢᠶᠠᠨ ᠤ᠂ ᠣᠯᠡᠨ ᠨᠡᠶᠢᠯᠡᠮᠡᠯ ᠵᠢᠷᠤᠭ ᠲᠥᠯᠥᠪᠯᠡᠭᠡ ᠶᠢ ᠳᠡᠯᠭᠡᠷᠡᠭᠦᠯᠵᠦ᠂ | 2025 ᠣᠨ ᠪᠣᠯᠬᠤ ᠳᠤ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠳᠡᠯᠡᠪᠡᠢ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠠᠷᠢᠴᠠᠯ ᠢ | 30% ᠣᠷᠴᠢᠮ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠂ ᠡᠭᠦᠨ ᠳᠤ ᠬᠦᠬᠡᠬᠤᠳᠡ᠂ ᠪᠤᠭᠤᠲᠤ ᠬᠤᠳᠡ ᠶᠢᠨ ᠭᠤᠣᠯ ᠬᠤᠳᠡ ᠲᠣᠭᠤᠷᠢᠭ ᠤᠨ ᠬᠢ ᠶᠢ | 40% ᠣᠷᠴᠢᠮ ᠳᠤ ᠬᠦᠷᠦᠭᠦᠯᠦᠨ᠎ᠡ᠃ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ᠂ ᠪᠠᠷᠢᠯᠭ᠎ᠠ ᠶᠢᠨ ᠠᠵᠢᠯ ᠤᠨ ᠶᠠᠰᠤ | ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠤᠭᠰᠠᠷᠠᠭᠰᠠᠨ ᠵᠠᠰᠠᠯ ᠴᠢᠮᠡᠭᠯᠡᠯ ᠢ ᠢᠳᠡᠪᠬᠢᠲᠡᠢ ᠳᠡᠯᠭᠡᠷᠡᠭᠦᠯᠵᠦ᠂ ᠪᠣᠬᠢᠷᠲᠤᠯ ᠦᠭᠡᠢ ᠪᠠ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠣᠨ ᠰᠠᠭᠤᠴᠠ ᠶᠢ ᠲᠦᠷᠭᠡᠳᠬᠡᠨ ᠪᠠᠶᠢᠭᠤᠯᠤᠨ᠎ᠠ᠃ ᠪᠤᠭᠤᠲᠤ ᠬᠤᠲᠠ᠂ ᠣᠷᠳᠣᠰ ᠬᠤᠲᠠ ᠪᠠ | ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠵᠢᠯᠣᠭᠤᠳᠤᠨ ᠤᠯᠤᠰ ᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠥᠷᠨᠢᠭᠦᠯᠦᠨ᠎ᠡ᠃ ᠵᠠᠰᠠᠭ ᠤᠨ | ᠣᠷᠳᠣᠨ ᠤ ᠬᠤᠳᠠᠯᠳᠤᠨ ᠠᠪᠬᠤ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠳᠡᠯᠭᠡᠷᠡᠭᠦᠯᠦᠨ ᠬᠡᠷᠡᠭᠯᠡᠬᠦ ᠳᠤ ᠳᠡᠮᠵᠢᠯᠭᠡ ᠦᠵᠡᠭᠦᠯᠬᠦ ᠶᠢ ᠰᠦᠪᠡᠭᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠣᠨᠴᠠᠯᠢᠭᠲᠤ ᠣᠷᠳᠣᠨ ᠢ ᠨᠡᠭᠡᠭᠡᠨ ᠬᠥᠭᠵᠢᠭᠦᠯᠦᠨ ᠪᠦᠲᠦᠭᠡᠨ | ᠪᠠᠶᠢᠭᠤᠯᠵᠤ ᠡᠵᠡᠩᠨᠡᠨ ᠠᠵᠢᠯᠯᠠᠭᠤᠯᠬᠤ ᠶᠢ ᠢᠳᠡᠪᠬᠢᠲᠡᠢ ᠠᠬᠢᠭᠤᠯᠤᠨ᠎ᠠ᠃ ᠬᠥᠬᠡᠬᠤᠲᠠ᠂ ᠣᠷᠳᠣᠰ ᠬᠤᠲᠠ ᠨᠢ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ | ᠠᠪᠬᠤ ᠪᠠᠷ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠮᠵᠢᠵᠦ ᠪᠠᠷᠢᠯᠭ᠎ᠠ ᠶᠢᠨ ᠶᠠᠰᠤ ᠴᠢᠨᠠᠷ ᠤᠨ ᠳᠡᠭᠡᠭᠰᠢᠯᠡᠭᠦᠯᠦᠯᠲᠡ ᠶᠢ ᠠᠬᠢᠭᠤᠯᠬᠤ ᠬᠤᠲᠠ ᠪᠣᠯᠣᠭᠰᠠᠨ ᠤ | ᠬᠤᠪᠢ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠢᠨᠵᠧᠨᠧᠷᠢᠩ ᠳᠤ | ᠪᠣᠬᠢᠷᠳᠤᠯ ᠦᠭᠡᠢ ᠪᠠᠷᠢᠯᠭ᠎ᠠ ᠪᠠ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ | ᠪᠠᠷᠢᠮᠵᠢᠶ᠎ᠠ ᠳᠤ ᠨᠡᠶᠢᠴᠡᠭᠰᠡᠨ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠲᠡᠢ᠃ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠤᠨ | ᠦᠢᠯᠡᠳᠬᠦᠨ ᠤ ᠭᠡᠷᠡᠴᠢᠯᠡᠭᠡ ᠪᠠ ᠬᠡᠷᠡᠭᠯᠡᠭᠡᠨ ᠢ ᠳᠡᠯᠭᠡᠷᠡᠭᠦᠯᠬᠦ ᠪᠠᠨ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠤᠨ ᠭᠡᠷᠡᠴᠢᠯᠡᠭᠡ ᠶᠢ ᠥᠷᠨᠢᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠤᠨ ᠦᠨᠡᠮᠯᠡᠯ ᠣᠯᠣᠭᠰᠠᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠ ᠦᠢᠯᠡᠳᠬᠦᠨ ᠢ ᠥᠷᠭᠡᠳᠬᠡᠨ᠂ ᠪᠣᠬᠢᠷᠳᠤᠯ ᠦᠭᠡᠢ ᠪᠠᠷᠢᠯᠭ᠎ᠠ ᠶᠢᠨ | ᠮᠠᠲ᠋ᠧᠷᠢᠶᠡᠯ ᠤᠨ ᠮᠡᠳᠡᠭᠡ ᠵᠠᠩᠭᠢ ᠶᠢ ᠴᠤᠭᠯᠠᠭᠤᠯᠬᠤ ᠬᠡᠷᠡᠭᠯᠡᠭᠡᠨ ᠤ ᠳ᠋ᠠᠶᠢᠲ᠋ᠠ ᠬᠥᠮᠥᠷᠭᠡ ᠶᠢ ᠳᠠᠰᠣᠷᠡᠯᠳᠡ ᠦᠭᠡᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠡᠨᠧᠷᠭᠢ ᠠᠷᠪᠢᠯᠠᠬᠤ ᠬᠡᠯᠪᠡᠷᠢ ᠶᠢᠨ ᠪᠠᠷᠢᠯᠭ᠎ᠠ ᠶᠢᠨ ᠠᠵᠢᠯ ᠤᠨ | ᠲᠥᠬᠦᠭᠡᠷᠦᠮᠵᠢ ᠶᠢ ᠳᠡᠯᠭᠡᠷᠡᠭᠦᠯᠵᠦ᠂ ᠪᠠᠷᠢᠯᠭ᠎ᠠ ᠶᠢᠨ ᠠᠵᠢᠯ ᠤᠨ ᠲᠦᠷ ᠴᠠᠭ ᠤᠨ ᠲᠥᠬᠦᠭᠡᠷᠦᠮᠵᠢ ᠬᠢᠭᠡᠳ ᠡᠭᠦᠷᠢᠳᠡ ᠶᠢᠨ ᠲᠥᠬᠦᠭᠡᠷᠦᠮᠵᠢ ᠶᠢ ᠶᠡᠷᠦᠩᠬᠡᠶᠢᠯᠡᠨ | ᠠᠰᠢᠭᠯᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠪᠠᠷᠢᠯᠭ᠎ᠠ ᠶᠢᠨ | ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠪᠠᠷᠢᠯᠭ᠎ᠠ ᠶᠢ ᠨᠤᠷᠠᠭᠠᠵᠤ ᠰᠢᠢᠳᠪᠦᠷᠢᠯᠡᠬᠦ ᠬᠠᠮᠢᠶᠠᠷᠤᠯᠲᠠ ᠶᠢ ᠴᠢᠩᠳᠠᠯᠠᠨ᠎ᠠ᠃ ᠬᠤᠳᠠ ᠶᠢᠨ ᠣᠷᠭᠠᠨᠢᠭ ᠰᠢᠨᠡᠴᠢᠯᠡᠯᠲᠡ ᠶᠢ ᠠᠬᠢᠭᠤᠯᠵᠤ᠂ ︽ | ᠦᠯᠡᠳᠡᠭᠡᠬᠦ ᠥᠭᠡᠷᠡᠴᠢᠯᠡᠬᠦ ᠨᠤᠷᠠᠭᠠᠬᠤ︾ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠬᠠᠭᠤᠴᠢᠷᠠᠭᠰᠠᠨ ᠪᠠᠷᠢᠯᠭ᠎ᠠ ᠶᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ | ᠪᠠ ᠦᠯᠡᠳᠡᠭᠡᠨ ᠠᠰᠢᠭᠯᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠪᠠᠷᠢᠯᠭ᠎ᠠ ᠶᠢ ᠨᠤᠷᠠᠭᠠᠨ ᠰᠢᠢᠳᠪᠦᠷᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ | ᠬᠠᠮᠢᠶᠠᠷᠬᠤ ᠪᠠᠨ ᠴᠢᠩᠭᠠᠳᠬᠠᠨ᠎ᠠ᠃ ᠪᠦᠲᠦᠭᠡᠨ ᠪᠠᠶᠢᠭᠤᠯᠬᠤ ᠨᠢᠭᠡᠴᠢ ᠨᠢ ᠵᠣᠬᠢᠬᠤ ᠬᠢᠷᠢ ᠭᠡᠮ ᠲᠠᠢ ᠪᠠᠷᠢᠯᠭ᠎ᠠ ᠨᠤᠷᠠᠭᠠᠵᠤ ᠰᠢᠢᠳᠪᠦᠷᠢᠯᠡᠬᠦ ᠢᠨᠵᠧᠨᠧᠷᠢᠩ | ᠳᠠᠭᠠᠭᠠᠴᠢᠯᠠᠬᠤ ᠨᠢᠭᠡᠴᠢ ᠳᠤ ᠲᠣᠭᠲᠠᠭᠠᠯ ᠶᠣᠰᠣᠭᠠᠷ ᠨᠠᠶᠢᠳᠠᠵᠤ ᠭᠡᠷ ᠪᠠᠷᠢᠯᠭ᠎ᠠ ᠨᠤᠷᠠᠭᠠᠵᠤ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠪᠠᠷᠢᠯᠭ᠎ᠠ ᠶᠢᠨ | ᠬᠠᠶᠠᠭᠳᠠᠮᠠᠯ ᠪᠣᠳᠠᠰ ᠢ ᠳᠠᠬᠢᠨ ᠠᠰᠢᠭᠯᠠᠵᠤ ᠪᠣᠯᠬᠤ ᠳᠤ ᠬᠦᠷᠪᠡᠯ᠂ ᠣᠷᠴᠢᠯᠳᠤᠭᠤᠯᠤᠨ ᠠᠰᠢᠭᠯᠠᠨ᠎ᠠ︔ ᠳᠠᠬᠢᠨ ᠠᠰᠢᠭᠯᠠᠵᠤ ᠳᠡᠶᠢᠯᠬᠦ ᠦᠭᠡᠢ ᠶᠢ ᠨᠢ ᠲᠣᠭᠲᠠᠭᠠᠯ | ᠶᠣᠰᠣᠭᠠᠷ ᠬᠤᠣᠷ ᠦᠭᠡᠶᠢᠳᠡᠭᠦᠯᠦᠨ ᠰᠢᠢᠳᠪᠦᠷᠢᠯᠡᠨ᠎ᠡ᠃ ᠡᠯ᠎ᠡ ᠭᠠᠵᠠᠷ ᠣᠷᠣᠨ ᠨᠢ ᠪᠦᠲᠦᠭᠡᠨ ᠪᠠᠶᠢᠭᠤᠯᠤᠯᠲᠠ ᠶᠢᠨ ᠴᠠᠭ ᠤᠨ ᠳᠡᠰ ᠳᠠᠷᠠᠭᠠᠯᠠᠯ ᠢ ᠡᠵᠡᠮᠳᠡᠵᠦ᠂ | ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠠᠴᠠ ᠪᠣᠯᠵᠤ ᠡᠨᠧᠷᠭᠢ ᠡᠬᠢ ᠪᠠᠶᠠᠯᠢᠭ ᠢ ᠪᠦᠷᠢᠯᠭᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ᠃ ︵ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠲᠦᠷᠭᠡᠳᠬᠡᠨ᠎ᠡ᠃ | ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠤ | ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ | ᠦᠢᠯᠡᠳᠬᠦᠨ᠂ ᠰᠢᠨ᠎ᠡ ᠮᠡᠷᠭᠡᠵᠢᠯ ᠢᠶᠠᠨ ᠤᠯᠠᠷᠢᠭᠤᠯᠤᠨ ᠰᠢᠨᠡᠳᠬᠡᠬᠦ ᠶᠢ ᠨᠢ ᠠᠬᠢᠭᠤᠯᠵᠤ᠂ ᠨᠡᠭᠦᠷᠡᠰᠦᠲᠥ᠋ᠷᠥᠭᠴᠢ ᠪᠠᠭᠠᠲᠠᠢ᠂ ᠨᠡᠭᠦᠷᠡᠰᠦᠲᠥ᠋ᠷᠥᠭᠴᠢ ᠦᠯᠦ | ᠭᠠᠳᠠᠭᠰᠢᠯᠠᠭᠤᠯᠬᠤ ᠵᠡᠷᠭᠡ ᠮᠡᠷᠭᠡᠵᠢᠯ ᠤᠨ ᠪᠠᠷᠢᠯᠭ᠎ᠠ ᠶᠢᠨ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ | ᠣᠨᠴᠠᠯᠢᠭ ᠲᠤ ᠲᠣᠬᠢᠷᠠᠭᠰᠠᠨ ᠪᠣᠬᠢᠷᠳᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠥᠷᠨᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠪᠤᠶᠢᠵᠢᠭᠤᠯᠤᠨ᠂ ᠬᠠᠬᠢᠷ ᠬᠦᠢᠲᠡᠨ᠂ ᠬᠦᠢᠲᠡᠨ ᠭᠠᠵᠠᠷ | ᠣᠷᠣᠨ ᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠬᠤ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ | ᠰᠢᠨ᠎ᠡ ᠲᠥᠬᠦᠭᠡᠷᠦᠮᠵᠢ ᠪᠠ ᠪᠣᠬᠢᠷᠳᠤᠯ ᠦᠭᠡᠢ ᠡᠨᠧᠷᠭᠢ ᠶᠢᠨ ᠬᠡᠷᠡᠭᠯᠡᠭᠡᠨ ᠢ ᠰᠤᠳᠤᠯᠤᠨ ᠨᠡᠭᠡᠭᠡᠨ᠎ᠡ᠃ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠶᠢᠨ | ᠬᠠᠮᠢᠶᠠᠷᠤᠯᠲᠠ ᠶᠢᠨ ᠲᠣᠭᠲᠠᠯᠴᠠᠭᠠᠨ ᠤ ᠭᠡᠷᠡᠴᠢᠯᠡᠭᠡ ᠶᠢ ᠠᠬᠢᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ | ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠬᠡᠷᠡᠭᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤ ᠨᠢ ᠡᠮᠬᠢᠯᠡᠨ᠎ᠡ᠃ ᠪᠠᠷᠢᠯᠭ᠎ᠠ ᠶᠢᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠪᠣᠯᠪᠠᠰᠤᠷᠠᠩᠭᠤᠢ ᠮᠡᠷᠭᠡᠵᠢᠯ ᠤᠨ ᠦᠢᠯᠡᠳᠬᠦᠨ ᠢ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠨᠢ ᠳᠡᠮᠵᠢᠨ᠎ᠡ᠃ | ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠲᠥᠯᠥᠪᠯᠡᠭᠡ ᠲᠠᠢ ᠤᠶᠠᠯᠳᠤᠭᠤᠯᠵᠤ ᠪᠠᠶᠢᠭᠠᠳ ᠪᠠᠷᠢᠯᠭ᠎ᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠨ᠎ᠠ᠃ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ᠂ ᠪᠦᠲᠦᠭᠡᠨ | ᠪᠠᠶᠢᠭᠤᠯᠤᠯᠲᠠ ᠵᠡᠷᠭᠡ ᠲᠠᠯ᠎ᠠ ᠶᠢᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠴᠢᠳᠠᠪᠤᠷᠢᠲᠠᠨ ᠵᠢᠴᠢ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ | ᠬᠦᠷᠢᠶ᠎ᠡ ᠴᠠᠷᠠᠭᠠᠨ ᠤ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠨᠥᠬᠦᠴᠡᠯ ᠲᠠᠢ ᠥᠪᠡᠷᠲᠡᠭᠡᠨ ᠵᠠᠰᠠᠬᠤ ᠣᠷᠣᠨ ᠤ | ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠮᠡᠷᠭᠡᠵᠢᠯ ᠤᠨ | ᠰᠤᠳᠤᠯᠤᠨ ᠨᠡᠭᠡᠭᠡᠬᠦ ᠪᠠ ᠪᠣᠯᠪᠠᠰᠤᠷᠠᠭᠤᠯᠬᠤ ᠲᠠᠪᠴᠠᠩ ᠪᠠᠶᠢᠭᠤᠯᠬᠤ ᠶᠢ ᠳᠡᠮᠵᠢᠵᠦ᠂ ᠠᠵᠢᠯᠯᠠᠭᠰᠠᠳ ᠲᠤ ᠪᠠᠷᠢᠯᠭ᠎ᠠ ᠶᠢᠨ ᠦᠢᠯᠡᠳᠦᠯᠭᠡ ᠶᠢᠨ ᠪᠣᠯᠪᠠᠰᠤᠷᠠᠯ ᠬᠢᠬᠦ ᠪᠠᠨ | ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠶᠢᠨ ᠬᠤᠷᠣᠭᠳᠠᠯ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠠᠯ᠎ᠠ ᠪᠠᠷ ᠲᠤᠭ᠎ᠠ | ᠪᠦᠷᠢᠳᠬᠡᠯ ᠤᠨ ᠲᠣᠭᠠᠴᠠᠭ᠎ᠠ ᠬᠢᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠬᠦᠷᠢᠶᠡᠨ ᠤ ᠡᠨᠧᠷᠭᠢ ᠶᠢᠨ ᠬᠡᠷᠡᠭᠯᠡᠭᠡ ᠶᠢᠨ ᠲᠤᠬᠠᠢ ᠤᠯᠤᠰ ᠤᠨ ᠲᠤᠭ᠎ᠠ | ᠪᠦᠷᠢᠳᠬᠡᠯ ᠤᠨ ᠳᠦᠷᠢᠮ ᠪᠠ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ᠂ ᠴᠠᠬᠢᠯᠭᠠᠨ ᠬᠦᠴᠦᠨ᠂ ᠲᠤᠭ᠎ᠠ | ᠪᠦᠷᠢᠳᠬᠡᠯ ᠵᠡᠷᠭᠡ ᠰᠠᠯᠠᠭ᠎ᠠ ᠮᠥᠴᠢᠷ ᠤᠨ ᠬᠢᠨ ᠤ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠳ᠋ᠠᠶᠢᠲ᠋ᠠ ᠶᠢᠨ ᠲᠤᠬᠠᠢ ᠬᠠᠮᠵᠢᠯᠴᠠᠭ᠎ᠠ ᠶᠢ ᠴᠢᠩᠭᠠᠳᠬᠠᠨ᠎ᠠ᠃ ᠥᠪᠡᠷᠲᠡᠭᠡᠨ | ᠵᠠᠰᠠᠬᠤ ᠣᠷᠣᠨ ᠤ ᠪᠠᠷᠢᠯᠭ᠎ᠠ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠣᠭᠠᠴᠠᠭ᠎ᠠ ᠬᠢᠬᠦ ᠠᠷᠭ᠎ᠠ ᠶᠢᠨ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ︽ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠤᠳᠤᠬᠤ ᠪᠠᠷᠢᠮᠵᠢᠶ᠎ᠠ︾᠂ ︽ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ ᠪᠠᠷᠢᠮᠵᠢᠶ᠎ᠠ︾᠂ ︽ | ᠬᠤᠲᠠ ᠶᠢᠨ ᠶᠠᠪᠤᠳᠠᠯ ᠤᠨ ᠬᠥᠭᠦᠷᠭᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ ᠪᠠᠷᠢᠮᠵᠢᠶ᠎ᠠ︾ ᠵᠡᠷᠭᠡ ᠣᠷᠣᠨ ᠨᠤᠲᠤᠭ ᠤᠨ | ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ | ᠪᠠᠶᠢᠭᠰᠠᠨ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠣᠭᠤᠷᠢᠨ ᠳᠤ | ᠤᠷᠢᠳ ᠢᠶᠠᠷ ᠰᠦᠪᠡᠭᠴᠢᠯᠡᠬᠦ ᠶᠢ ᠨᠢ ᠳᠡᠮᠵᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠠᠯ᠎ᠠ ᠪᠠᠷ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ | ᠠᠵᠢᠯ ᠤᠨ ᠰᠠᠭᠤᠷᠢ ᠶᠢ ᠪᠠᠲᠤᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ | ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠬᠠᠤᠯᠢ ᠲᠣᠭᠲᠠᠭᠠᠯ ᠤᠨ ᠪᠠᠷᠢᠮᠵᠢᠶᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠣᠯᠡᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ | ︾᠂ ︽ᠬᠡᠳᠦ ᠳᠣᠣᠷ᠎ᠠ ᠡᠨᠧᠷᠬᠢ ᠶᠢᠨ ᠬᠤᠷᠣᠭᠳᠠᠯ ᠲᠠᠢ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ︾ ᠵᠡᠷᠭᠡ ᠨᠢᠭᠡ ᠪᠦᠯᠦᠭ ᠪᠠᠷᠢᠯᠭ᠎ᠠ ᠶᠢᠨ ᠡᠨᠧᠷᠭᠢ ᠠᠷᠪᠢᠯᠠᠬᠤ | ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠪᠠᠨ ᠲᠦᠷᠭᠡᠳᠬᠡᠵᠦ᠂ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠪᠠᠷᠢᠯᠭ᠎ᠠ ᠪᠠᠷᠢᠬᠤ ᠪᠠ ᠬᠡᠷᠡᠭᠯᠡᠵᠦ ᠬᠠᠮᠠᠭᠠᠯᠠᠬᠤ ᠪᠦᠬᠦ | ᠶᠠᠪᠤᠴᠠ ᠶᠢ ᠬᠠᠮᠤᠷᠤᠭᠰᠠᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠠᠷᠢᠮᠵᠢᠶᠠᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠰᠢᠯᠭᠠᠨ ᠦᠨᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠡᠨᠧᠷᠭᠢ ᠶᠢᠨ ᠠᠰᠢᠭᠯᠠᠮᠵᠢ ᠶᠢ ᠰᠢᠯᠭᠠᠨ ᠦᠨᠡᠯᠡᠬᠦ ᠠᠵᠢᠯ ᠢᠶᠠᠨ ᠥᠷᠨᠢᠭᠦᠯᠵᠦ᠂ | ᠪᠠᠷᠢᠯᠭ᠎ᠠ ᠶᠢᠨ ᠵᠢᠷᠤᠭᠯᠠᠨ ᠲᠥᠯᠥᠪᠯᠡᠭᠰᠡᠨ ᠡᠨᠧᠷᠭᠢ ᠶᠢᠨ ᠠᠰᠢᠭᠯᠠᠮᠵᠢ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠣᠳᠣ ᠪᠠᠶᠢᠭ᠎ᠠ ᠡᠳ᠋ ᠤᠨ | ᠵᠠᠰᠠᠭ ᠤᠨ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ ᠵᠡᠷᠭᠡ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ | ᠠᠰᠢᠭᠯᠠᠵᠤ᠂ ᠨᠥᠬᠦᠴᠡᠯ ᠳᠤ ᠨᠡᠶᠢᠴᠡᠭᠰᠡᠨ ᠪᠠᠷᠢᠯᠭ᠎ᠠ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠥᠷᠥᠯ ᠵᠦᠢᠯ ᠢ ᠳᠡᠮᠵᠢᠨ᠎ᠡ᠃ | ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠳᠡᠮᠵᠢᠬᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠵᠦ᠂ | ᠪᠠᠩᠬᠢ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠦᠭᠰᠢᠭᠦᠷᠢ ᠶᠢᠨ ᠡᠵᠡᠮᠳᠡᠬᠦ᠋ᠢᠴᠡ᠂ ᠬᠤᠳᠠᠯᠳᠤᠭ᠎ᠠ ᠶᠢᠨ ᠦᠷᠭᠦᠯᠵᠢᠯᠡᠬᠦ᠋ᠢᠴᠡ ᠤᠷᠢᠳᠠᠯ | ᠳᠣᠣᠷ᠎ᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠪᠣᠬᠢᠷᠲᠤᠯ ᠦᠭᠡᠢ ᠮᠥᠩᠭᠦᠨ ᠭᠦᠢᠯᠭᠡᠭᠡ ᠵᠡᠷᠭᠡ ᠨᠡᠷᠡᠳᠭᠦᠨ ᠪᠠ | ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠡᠳᠦ ᠳᠣᠣᠷ᠎ᠠ ᠡᠨᠧᠷᠬᠢ ᠶᠢᠨ ᠬᠤᠷᠣᠭᠳᠠᠯ ᠲᠠᠢ ᠪᠠᠷᠢᠯᠭ᠎ᠠ᠂ ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ | ᠪᠠᠷᠢᠯᠭ᠎ᠠ᠂ ᠣᠶᠤᠨᠴᠢ ᠴᠣᠭᠴᠠᠯᠠᠯᠲᠠ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠬᠢ ᠠᠷᠪᠢᠯᠠᠬᠤ ᠥᠭᠡᠷᠡᠴᠢᠯᠡᠯᠲᠡ᠂ ᠪᠠᠷᠢᠯᠭ᠎ᠠ ᠶᠢᠨ ᠳᠠᠬᠢᠨ ᠡᠭᠦᠰᠴᠦ ᠪᠣᠯᠬᠤ | ᠡᠨᠧᠷᠬᠢ ᠶᠢᠨ ᠬᠡᠷᠡᠭᠯᠡᠭᠡᠨ ᠪᠠ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠠᠬᠢ ᠬᠤᠪᠢᠶᠠᠷᠢ ᠪᠠᠩᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠠᠵᠢᠯ ᠤᠨ ᠱᠠᠭᠠᠷᠳᠠᠯᠭ᠎ᠠ | ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ | ᠠᠬᠢᠭᠤᠯᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠲᠣᠰ ᠲᠥᠰᠥᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠤᠨ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠂ | ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠᠨ | ᠳᠡᠭᠡᠭᠰᠢᠯᠡᠭᠦᠯᠦᠨ᠂ ᠪᠠᠷᠢᠯᠭ᠎ᠠ ᠶᠢᠨ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠡᠯ᠎ᠡ | ᠲᠠᠯ᠎ᠠ ᠶᠢᠨ ᠠᠰᠢᠭ ᠲᠤᠰᠠ ᠶᠢ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠠᠷᠴᠤ ᠮᠡᠳᠡᠬᠦ ᠠᠰᠠᠭᠤᠳᠠᠯ ᠪᠠ ᠵᠥᠷᠢᠴᠡᠯ ᠢ ᠪᠦᠲᠦᠮᠵᠢᠲᠡᠢ | ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠤᠷᠠᠭᠤᠯᠬᠤ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | |