ᠰᠡᠴᠡᠨᠪᠠᠭᠠᠳᠤᠷ ᠬᠦᠪᠡᠭᠡᠳᠦ ᠰᠢᠷ᠎ᠠ ᠬᠤᠰᠢᠭᠤᠨ ᠤ ᠤᠤᠯ ᠤᠨ ᠰᠢᠨᠡᠪᠤᠯᠠᠭ ᠰᠤᠮᠤᠨ ᠤ ᠬᠦᠮᠦᠨ᠃ ᠪᠠᠭ᠎ᠠ ᠳᠤ ᠪᠠᠨ ᠬᠡᠷ ᠪᠦᠯᠢ ᠪᠠᠷ ᠢᠶᠠᠨ ᠰᠢᠯᠤᠭᠤᠨ | ᠬᠦᠪᠡᠭᠡᠲᠦ ᠴᠠᠭᠠᠨ ᠬᠤᠰᠢᠭᠤᠨ ᠳᠤ ᠨᠡᠭᠦᠨ ᠰᠠᠭᠤᠷᠢᠰᠢᠪᠠ᠃ | 1978 ᠤᠨ ᠳᠤ ᠦᠪᠦᠷ ᠮᠤᠩᠭᠤᠯ ᠤ ᠮᠤᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠤᠷᠴᠢᠭᠤᠯᠭ᠎ᠠ ᠶᠢᠨ ᠠᠩᠬᠢ ᠳᠤ | ᠰᠢᠯᠭᠠᠭᠳᠠᠨ ᠤᠷᠤᠵᠤ ᠰᠤᠷᠤᠯᠴᠠᠭᠰᠠᠨ ᠪᠦᠭᠡᠳ 1980 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠶᠢᠨ ᠠᠷᠠᠳ ᠤᠨ ᠵᠠᠰᠠᠭ ᠤᠨ | ᠣᠷᠳᠤᠨ ᠤ ᠣᠷᠴᠢᠭᠤᠯᠬᠤ ᠭᠠᠵᠠᠷ ᠲᠤ ᠠᠵᠢᠯ ᠤᠨ ᠬᠤᠪᠢᠶᠠᠷᠢ ᠠᠪᠴᠠᠢ᠃ 1982 ᠤᠨ ᠳᠤ ᠰᠢᠨᠵᠢᠶᠠᠩ ᠤᠨ ᠠᠯᠳᠠᠢ ᠤᠷᠤᠨ ᠳᠤ ᠲᠤᠮᠢᠯᠠᠭᠳᠠᠨ᠂ ᠲᠤᠮᠳᠠᠳᠤ | ᠮᠤᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠰᠤᠭᠤᠮ ᠢ ᠰᠢᠯᠭᠠᠨ ᠪᠠᠶᠢᠴᠠᠭᠠᠬᠤ ᠠᠩᠬᠢ ᠳᠤ ᠣᠷᠴᠢᠭᠤᠯᠤᠭᠴᠢ ᠪᠠᠷ ᠠᠵᠢᠯᠯᠠᠪᠠ᠃ | 1991 ᠣᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠮᠠᠰᠲ᠋ᠧᠷ ᠴᠤᠯᠠ ᠬᠠᠮᠠᠭᠠᠯᠠᠵᠤ᠂ 2003 | ᠤᠨ ᠳᠤ ᠹᠢᠨᠯᠠᠨᠳ᠋ ᠤᠯᠤᠰ ᠤᠨ ᠬᠡᠸ᠋ᠯᠰᠢᠨᠺᠢ ᠶᠡᠭᠡ ᠰᠤᠷᠭᠠᠭᠤᠯᠢ ᠶᠢᠨ ᠠᠽᠢᠶ᠎ᠠ ᠠᠹᠷᠢᠺᠠ ᠶᠢᠨ ᠰᠤᠳᠤᠯᠭᠠᠨ ᠤ ᠬᠦᠷᠢᠶᠡᠯᠡᠩ ᠳᠤ ᠰᠤᠷᠪᠤᠯᠵᠢᠯᠠᠭᠴᠢ ᠡᠷᠳᠡᠮᠳᠡᠨ ᠤ | ᠠᠵᠢᠯᠯᠠᠭᠰᠠᠨ ᠢᠶᠠᠷ ᠪᠠᠷᠠᠬᠤ ᠦᠭᠡᠢ ᠲᠤᠰ ᠰᠤᠷᠭᠠᠭᠤᠯᠢ ᠶᠢᠨ ᠬᠦᠮᠦᠡᠯᠢᠭ ᠤᠨ ᠤᠬᠠᠭᠠᠨ ᠤ ᠲᠡᠭᠡᠳᠦ ᠰᠤᠷᠭᠠᠭᠤᠯᠢ ᠳᠤ ᠬᠡᠯᠡ ᠰᠢᠨᠵᠢᠯᠡᠯ ᠤᠨ ᠳ᠋ᠣᠺᠲ᠋ᠣᠷ ᠴᠤᠯᠠ | ᠬᠠᠮᠠᠭᠠᠯᠠᠪᠠ᠃ | ᠤᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠳ᠋ᠣᠺᠲ᠋ᠣᠷ᠂ ᠫᠷᠤᠹᠧᠰᠰᠤᠷ᠂ | ᠳ᠋ᠣᠺᠲ᠋ᠣᠷᠠᠨᠲ ᠤᠨ ᠵᠢᠯᠤᠭᠤᠳᠤᠭᠴᠢ ᠪᠦᠭᠡᠳ ᠤᠷᠴᠢᠨ ᠴᠠᠭ ᠤᠨ ᠮᠤᠩᠭᠤᠯ ᠬᠡᠯᠡ ᠬᠢᠭᠡᠳ ᠨᠤᠲᠤᠭ ᠤᠨ ᠠᠶᠠᠯᠭᠤᠨ ᠤ ᠰᠤᠳᠤᠯᠤᠯ ᠬᠡᠮᠡᠬᠦ ᠰᠤᠳᠤᠯᠭᠠᠨ ᠤ | ᠴᠢᠭᠯᠡᠯ ᠤᠨ ᠬᠠᠷᠢᠭᠤᠴᠠᠯᠭᠠᠳᠠᠨ ᠪᠠ ᠡᠷᠳᠡᠮ ᠰᠢᠨᠵᠢᠯᠡᠭᠡᠨ ᠤ ᠲᠠᠭᠠᠭᠤᠯᠤᠭᠴᠢ ᠪᠠᠷ ᠠᠵᠢᠯᠯᠠᠵᠤ᠃ ᠲᠡᠷᠡ ᠪᠠᠷ ᠤᠯᠠᠨ ᠤᠯᠤᠰ ᠤᠨ ᠮᠤᠩᠭᠤᠯ ᠰᠤᠳᠤᠯᠤᠯ ᠤᠨ | ᠬᠤᠯᠪᠤᠭᠠᠨ ᠤ ᠬᠡᠰᠢᠬᠦᠨ᠂ ᠶᠠᠫᠤᠨ ᠤ ᠵᠡᠬᠦᠨ ᠬᠤᠶᠢᠳᠤ ᠶᠢᠨ ᠶᠡᠭᠡ ᠰᠤᠷᠭᠠᠭᠤᠯᠢ ᠶᠢᠨ ᠵᠤᠴᠢᠮᠠᠳ ᠫᠷᠤᠹᠰᠰᠤᠷ᠂ ᠲᠤᠮᠳᠠᠳᠤ ᠤᠯᠤᠰ ᠤᠨ ᠬᠡᠯᠡ ᠰᠢᠨᠵᠢᠯᠡᠯ ᠤᠨ | ᠨᠡᠶᠢᠭᠡᠮᠯᠢᠭ ᠤᠨ ᠭᠡᠰᠢᠬᠦᠨ᠂ ᠲᠤᠮᠳᠠᠳᠤ ᠤᠯᠤᠰ ᠤᠨ ᠮᠤᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠭᠡᠷᠡᠭ ᠡᠷᠬᠢᠯᠡᠭᠴᠢ᠂ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠺᠤᠮᠢᠰ ᠤᠨ ᠪᠠᠶᠢᠩᠭᠤ ᠶᠢᠨ ᠬᠡᠰᠢᠭᠦᠨ ᠵᠡᠷᠭᠡ ᠤᠯᠠᠨ ᠡᠭᠦᠷᠭᠡ ᠲᠤᠰᠢᠶᠠᠯ ᠢ | ᠬᠠᠷᠢᠭᠤᠴᠠᠵᠤ ᠪᠤᠢ᠃ | ᠤᠷᠴᠢᠨ ᠴᠠᠭ ᠤᠨ ᠮᠤᠩᠭᠤᠯ ᠬᠡᠯᠡ ᠬᠢᠬᠡᠳ ᠨᠤᠲᠤᠭ ᠤᠨ ᠠᠶᠠᠯᠭᠤᠨ ᠤ ᠰᠤᠳᠤᠯᠤᠯ ᠤᠨ ᠲᠠᠯ᠎ᠠ ᠪᠠᠷ ︽ᠪᠤᠷᠤᠲᠠᠯ᠎ᠠ ᠶᠢᠨ ᠴᠠᠬᠠᠷ ᠠᠮᠠᠨ ᠠᠶᠠᠯᠭᠤᠨ ᠤ | ᠪᠠᠶᠢᠴᠠᠭᠠᠨ ᠰᠤᠳᠤᠯᠤᠯᠳᠠ︾᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠲᠦᠰᠦᠯ ︽ᠪᠠᠷᠠᠭᠤᠨ ᠤᠷᠤᠨ ᠤ ᠮᠤᠩᠭᠤᠯ ᠬᠡᠯᠡᠨ ᠤ | ᠨᠤᠲᠤᠭ ᠤᠨ ᠠᠶᠠᠯᠭᠤᠨ ᠤ ᠭᠠᠵᠠᠷ ᠤᠨ ᠵᠢᠷᠤᠭ ᠤᠨ ᠰᠤᠳᠤᠯᠭ᠎ᠠ︾ ᠵᠡᠷᠭᠡ ᠰᠢᠨᠵᠢᠯᠡᠭᠡᠨ ᠤ ᠰᠡᠳᠦᠪ ᠤᠳ ᠢ ᠡᠷᠬᠢᠯᠡᠨ ᠬᠦᠢᠴᠡᠳᠭᠡᠭᠰᠡᠨ ᠪᠦᠭᠡᠳ ︽ᠮᠤᠩᠭᠤᠯ | ᠬᠡᠯᠡᠨ ᠤ ᠴᠠᠬᠠᠷ ᠠᠮᠠᠨ ᠠᠶᠠᠯᠭᠤ᠄ ᠦᠭᠡ ᠵᠦᠢ ᠶᠢᠨ ᠲᠤᠳᠤᠷᠬᠠᠶᠢᠯᠠᠯᠳᠠ︾ ︵ᠠᠩᠭ᠍ᠯᠢ ᠬᠡᠯᠡ ᠪᠠᠷ︶᠂ ︽ᠮᠤᠩᠭᠤᠯ ᠬᠡᠯᠡᠨ ᠤ ᠨᠤᠲᠤᠭ ᠤᠨ ᠠᠶᠠᠯᠭᠤᠨ ᠤ | ᠰᠢᠨᠵᠢᠯᠡᠯ ᠤᠨ ᠤᠳᠤᠷᠢᠳᠬᠠᠯ︾᠂ ︽ᠮᠤᠩᠭᠤᠯ ᠬᠡᠯᠨ ᠤ ᠨᠤᠲᠤᠭ ᠤᠨ ᠠᠶᠠᠯᠭᠤᠨ ᠤ ᠲᠦᠯᠦᠭᠡᠨ ᠤ ᠨᠡᠷ᠎ᠡ ᠶᠢᠨ ᠬᠠᠷᠢᠴᠠᠭᠤᠯᠤᠭᠰᠠᠨ ᠰᠤᠳᠤᠯᠤᠯ︾᠂ ︽ | ᠰᠢᠨᠵᠢᠶᠠᠩ ᠤᠨ ᠴᠠᠬᠠᠷ ᠠᠮᠠᠨ ᠠᠶᠠᠯᠭᠤᠨ ᠤ ᠰᠣᠳᠣᠯᠣᠯ︾ ᠵᠡᠷᠭᠡ ᠡᠷᠳᠡᠮ ᠰᠢᠨᠵᠢᠯᠡᠭᠡᠨ ᠤ ᠨᠤᠮ ᠪᠤᠯᠤᠨ ᠵᠢᠭᠠᠬᠤ ᠮᠠᠲ᠋ᠧᠷᠢᠶᠠᠯ ᠢ ᠭᠡᠪᠯᠡᠬᠦᠯᠵᠠᠢ᠃ ᠲᠤᠯᠢ ᠪᠢᠴᠢᠭ | ᠨᠠᠶᠢᠷᠠᠭᠤᠯᠬᠤ ᠪᠠ ᠰᠤᠳᠤᠯᠬᠤ ᠲᠠᠯ᠎ᠠ ᠪᠠᠷ᠂ ︽ᠮᠤᠩᠭᠤᠯ ᠬᠢᠳᠠᠳ ᠲᠤᠯᠢ︾᠂ ︽ᠮᠤᠩᠭᠤᠯ ᠰᠤᠳᠤᠯᠤᠯ ᠤᠨ ᠨᠡᠪᠳᠡᠷᠭᠡᠢ ᠲᠤᠯᠢ᠂ ᠦᠭᠡ ᠬᠡᠯᠡ ᠦᠰᠦᠭ ᠪᠢᠴᠢᠭ︾᠂ | ︽ᠰᠤᠷᠤᠭᠴᠢ ᠶᠢᠨ ᠮᠤᠩᠭᠤᠯ ᠬᠡᠯᠡᠨ ᠤ ᠤᠯᠠᠨ ᠬᠡᠷᠡᠭᠴᠡᠭᠡᠳᠦ ᠲᠤᠯᠢ︾ ᠵᠡᠷᠭᠡ ᠲᠤᠯᠢ ᠪᠢᠴᠢᠭ ᠨᠠᠶᠢᠷᠠᠭᠤᠯᠬᠤ ᠠᠵᠢᠯ ᠳᠤ ᠪᠡᠶᠡᠴᠢᠯᠡᠨ ᠤᠷᠤᠯᠴᠠᠪᠠ᠃ | ᠮᠤᠩᠭᠤᠯ ᠬᠡᠯᠡᠨ ᠤ ᠲᠦᠷᠢᠮᠵᠢᠯ ᠪᠠᠷᠢᠮᠵᠢᠶᠡᠯᠡᠯ ᠤᠨ ᠲᠠᠯ᠎ᠠ ᠪᠠᠷ ᠶᠡᠬᠡᠭᠡᠨ ᠬᠤᠪᠢ ᠨᠡᠮᠡᠷᠢ ᠦᠵᠡᠭᠦᠯᠵᠤ᠂ ︽ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ | ᠠᠵᠢᠯ ᠤᠨ ᠲᠡᠷᠢᠬᠦᠨ ᠤ ᠬᠤᠪᠢ ᠬᠦᠮᠦᠨ︾ ᠢᠶᠠᠷ ᠴᠤᠯᠠᠯᠠᠭᠳᠠᠨ ᠰᠠᠶᠢᠰᠢᠶᠠᠭᠳᠠᠵᠠᠢ᠃ ᠤᠷᠴᠢᠮ ᠤᠨ ᠵᠢᠯ ᠤᠳ ᠲᠤ ᠰᠡᠴᠡᠨᠪᠠᠭᠠᠳᠤᠷ ᠴᠠᠬᠠᠷ ᠤ ᠲᠡᠦᠬᠡ ᠰᠤᠶᠤᠯ ᠤᠨ | ᠰᠤᠳᠤᠯᠭᠠᠨ ᠤ ᠠᠵᠢᠯ ᠳᠤ ᠢᠳᠡᠪᠬᠢᠯᠡᠨ ᠤᠷᠤᠯᠴᠠᠨ᠂ ︽ᠲᠤᠷᠭᠠᠨ ᠴᠠᠬᠠᠷ ᠰᠤᠶᠤᠯ ᠤᠨ ᠦᠯᠦᠭᠡᠢ︾᠂ ︽ᠴᠠᠬᠠᠷ ᠤᠨ ᠲᠡᠦᠬᠡ︾ ᠵᠡᠷᠭᠡ ᠲᠤᠮᠤᠬᠠᠨ ᠪᠦᠳᠦᠭᠡᠯ ᠳᠤ | ᠤᠷᠤᠯᠴᠠᠨ ᠠᠵᠢᠯᠠᠯᠵᠤ᠂ ︽ᠬᠦᠭᠵᠢᠮ ᠤᠨ ᠮᠠᠯᠮᠡᠢ ᠬᠡᠶᠢᠭᠰᠡᠨ ᠬᠦᠮᠦᠨ — ᠭᠤ᠂ ᠴᠡᠩᠭᠡᠯᠳᠤ︾ ᠭᠡᠳᠡᠭ ᠨᠤᠮ ᠢ ᠡᠮᠬᠢᠳᠭᠡᠨ ᠨᠠᠶᠢᠷᠠᠭᠤᠯᠪᠠ᠃ ᠮᠤᠩᠭᠤᠯ | ᠰᠤᠳᠤᠯᠤᠯ ᠳᠤ ᠮᠠᠬᠠᠷᠠᠨ ᠵᠢᠳᠬᠦᠭᠰᠡᠨ ᠭᠤᠴᠢᠭᠠᠳ ᠵᠢᠯ ᠤᠨ ᠲᠤᠷᠰᠢ ᠡᠷᠳᠡᠮ ᠰᠢᠨᠵᠢᠯᠡᠭᠡᠨ ᠤ ᠨᠤᠮ ᠨᠤᠯᠤᠨ ᠵᠢᠭᠠᠬᠤ ᠮᠠᠲ᠋ᠧᠷᠢᠶᠠᠯ ᠨᠡᠶᠢᠳᠡ 6 ᠪᠤᠳᠢ᠂ 50 ᠭᠠᠷᠦᠢ | ᠦᠭᠦᠯᠡᠯ ᠨᠡᠶᠢᠳᠡᠯᠡᠭᠦᠯᠦᠭᠰᠡᠨ ᠪᠠᠶᠢᠨ᠎ᠠ᠃ 20 ᠰᠢᠬᠠᠮ ᠳ᠋ᠣᠺᠲ᠋ᠣᠷᠠᠨᠲ᠂ 30 ᠭᠠᠷᠤᠢ ᠠᠰᠫᠢᠷᠠᠨᠲ ᠬᠦᠮᠦᠵᠢᠭᠦᠯᠦᠨ᠂ ᠰᠤᠷᠭᠠᠨ ᠬᠦᠮᠦᠵᠢᠯ ᠤᠨ ᠦᠢᠯᠡᠰ ᠲᠤ ᠮᠠᠰᠢ | ᠴᠢᠬᠤᠯᠠ ᠬᠤᠪᠢ ᠨᠡᠮᠡᠷᠢ ᠦᠵᠡᠭᠦᠯᠪᠡ᠃ | |