ᠬᠤᠶᠠᠷ ᠭᠤᠷᠪᠠᠨ ᠲᠦᠮᠡᠨ ᠵᠢᠯ ᠤᠨ ᠡᠮᠦᠨ᠎ᠡ᠂ ᠡᠷᠲᠡᠨ ᠤ ᠬᠥᠮᠦᠨ ᠲᠥᠷᠥᠯᠬᠢᠲᠡᠨ— ᠵᠠᠯᠠᠶᠢᠨᠠᠭᠤᠷ ᠬᠥᠮᠦᠨ ᠬᠥᠯᠥᠨ ᠨᠠᠭᠤᠷ ᠳᠠᠭᠠᠤ ᠦᠷᠡᠵᠢᠨ | ᠲᠥᠯᠵᠢᠵᠦ᠂ ᠬᠥᠯᠥᠨ ᠪᠤᠶᠢᠷ ᠤᠨ ᠪᠠᠯᠠᠷ ᠡᠷᠲᠡᠨ ᠤ ᠰᠣᠶᠣᠯ ᠢ ᠡᠭᠦᠳᠴᠡᠶ᠃ | ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 200 ᠵᠢᠯ ᠤᠨ ᠣᠷᠴᠢᠮ ︵ᠪᠠᠷᠠᠭᠤᠨ ᠬᠠᠨ ᠤᠯᠤᠰ ᠤᠨ ᠦᠶ᠎ᠡ︶ ᠠᠴᠠ ᠴᠢᠩ ᠤᠯᠤᠰ ᠬᠦᠷᠲᠡᠯ᠎ᠡ᠂ | 2000 ᠭᠠᠷᠤᠶ ᠵᠢᠯ ᠤᠨ ᠬᠤᠭᠤᠴᠠᠭᠠᠨ ᠳᠤ᠂ ᠬᠥᠯᠥᠨ ᠪᠤᠶᠢᠷ ᠤᠨ ᠲᠠᠯ᠎ᠠ ᠨᠤᠲᠤᠭ ᠦᠯᠡᠮᠵᠢ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠢᠶᠠᠷ ᠢᠶᠠᠨ ᠳᠤᠮᠳᠠᠳᠤ | ᠤᠯᠤᠰ ᠤᠨ ᠤᠮᠠᠷᠠᠲᠤ ᠣᠷᠣᠨ ᠤ ᠮᠠᠰᠢ ᠣᠯᠠᠨ ᠨᠡᠭᠦᠳᠡᠯᠯᠡᠨ ᠮᠠᠯᠵᠢᠬᠤ ᠦᠨᠳᠦᠰᠦᠲᠡᠨ ᠢ ᠪᠤᠶᠢᠵᠢᠭᠤᠯᠵᠤ᠂ ︽ᠳᠤᠮᠳᠠᠳᠤ ᠤᠯᠤᠰ ᠤᠨ ᠤᠮᠠᠷᠠᠲᠤ ᠣᠷᠣᠨ ᠤ | ᠨᠡᠭᠦᠳᠡᠯᠯᠡᠨ ᠮᠠᠯᠵᠢᠬᠤ ᠦᠨᠳᠦᠰᠦᠲᠡᠨ ᠤ ᠦᠰᠦᠨ ᠪᠤᠶᠢᠵᠢᠯᠲᠠ ᠶᠢᠨ ᠲᠡᠦᠬᠡᠨ ᠥᠯᠥᠭᠡᠢ︾ ᠬᠡᠮᠡᠭᠳᠡᠭᠰᠡᠨ ᠪᠠᠶᠢᠨ᠎ᠠ᠃ ᠳ᠋ᠦᠩ ᠬᠤ᠋᠂ ᠾᠦᠩᠨᠦ᠂ ᠰᠢᠶᠡᠨᠪᠢ᠂ | ᠰᠢᠪᠡᠭᠡ᠂ ᠲᠦᠷᠺ᠂ ᠤᠶᠢᠭᠤᠷ᠂ ᠬᠢᠳᠠᠨ᠂ ᠵᠦᠷᠴᠢᠨ᠂ ᠮᠣᠩᠭᠤᠯ ᠵᠡᠷᠭᠡ ᠠᠷᠪᠠᠨ ᠬᠡᠳᠦᠨ ᠨᠡᠭᠦᠳᠡᠯᠴᠢᠨ ᠦᠨᠳᠦᠰᠦᠲᠡᠨ ᠠᠳᠡ ᠴᠡᠷᠢᠭ ᠮᠣᠷᠢ ᠪᠠᠨ ᠲᠡᠵᠢᠭᠡᠬᠦ ᠪᠤᠶᠤ | ᠠᠳᠡ ᠨᠡᠭᠦᠳᠡᠯᠯᠡᠵᠦ᠂ ᠳᠠᠶᠢᠨ ᠬᠢᠵᠦ᠂ ᠬᠡᠰᠡᠭᠯᠡᠨ ᠡᠵᠡᠯᠡᠭᠡᠳ᠂ ᠭᠡᠷᠡᠯ ᠰᠠᠴᠤᠷᠠᠩᠭᠤᠶ ᠨᠡᠭᠦᠳᠡᠯ ᠰᠣᠶᠣᠯ ᠢ ᠡᠭᠦᠳᠦᠭᠰᠡᠨ ᠪᠠᠶᠢᠨ᠎ᠠ᠃ | ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 209 ᠣᠨ ᠳᠤ᠂ ᠬᠦᠴᠦᠷᠬᠡᠭ ᠶᠡᠭᠡ ᠾᠦᠩᠨᠦ ᠦᠨᠳᠦᠰᠦᠲᠡᠨ ᠳ᠋ᠦᠩ ᠬᠣ᠋ ᠦᠨᠳᠦᠰᠦᠲᠡᠨ ᠢ ᠳᠠᠶᠢᠯᠠᠨ | ᠳᠠᠭᠠᠭᠤᠯᠵᠤ᠂ ᠤᠮᠠᠷᠠᠲᠤ ᠶᠢᠨ ᠲᠠᠯ᠎ᠠ ᠨᠤᠲᠤᠭ ᠢ ᠨᠢᠭᠡᠳᠬᠡᠪᠡ᠂ ᠬᠥᠯᠥᠨ ᠪᠤᠶᠢᠷ ᠣᠷᠣᠨ ᠪᠣᠯ ᠭᠤᠷᠪᠠᠨ ᠠᠶᠢᠮᠠᠭ ᠤᠨ ᠬᠠᠷᠢᠶᠠᠲᠤ ᠭᠠᠵᠠᠷ ᠤᠨ ᠨᠢᠭᠡ ᠪᠣᠯᠬᠤ | ᠽᠦᠸᠧ ᠰᠢᠶᠠᠨ ᠸᠠᠩ ᠤᠨ ᠣᠷᠳᠣᠨ ᠤ ᠬᠠᠷᠢᠶᠠᠲᠤ ᠭᠠᠵᠠᠷ ᠪᠣᠯᠤᠨ᠎ᠠ᠃ ᠡᠨᠡ ᠦᠶ᠎ᠡ ᠳᠤ᠂ ᠠᠩ ᠠᠩᠨᠠᠯ ᠢᠶᠠᠷ ᠠᠮᠢᠳᠤᠷᠠᠵᠤ ᠪᠠᠶᠢᠭᠰᠠᠨ ᠰᠢᠶᠡᠨᠪᠢ ᠦᠨᠳᠦᠰᠦᠲᠡᠨ | ᠲᠡᠤᠬᠡ ᠰᠤᠳᠤᠯᠤᠭᠠᠴᠢᠳ ᠲᠤ ︽ᠳᠤᠮᠳᠠᠳᠤ ᠤᠯᠤᠰ ᠤᠨ ᠲᠡᠦᠬᠡᠨ ᠳᠡᠭᠡᠷᠡᠬᠢ ᠨᠢᠭᠡᠨ ᠨᠠᠮ ᠰᠡᠯᠡᠭᠦᠨ ᠠᠷᠤ ᠬᠦᠷᠢᠶ᠎ᠡ︾ ᠬᠡᠮᠡᠭᠳᠡᠭᠰᠡᠨ ᠶᠡᠭᠡ ᠬᠢᠩᠭᠠᠨ ᠳᠠᠪᠠᠭᠠᠨ ᠤ | ᠭᠦᠨ ᠠᠭᠤᠯᠠ ᠢᠭᠴᠤ ᠤᠢ ᠳᠤ ᠰᠠᠭᠤᠷᠢᠰᠢᠵᠤ ᠪᠠᠶᠢᠪᠠ᠃ | ᠨᠡᠶᠢᠲᠡ ᠶᠢᠨ ᠣᠨ ᠲᠣᠭᠠᠯᠠᠯ ᠤᠨ ᠨᠢᠭᠡᠳᠦᠭᠡᠷ ᠵᠠᠭᠤᠨ ᠳᠤ᠂ ᠤᠳᠤ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠣᠷᠴᠢᠮ ᠤᠨ ᠲᠠᠪᠠᠭᠠᠴᠠ | ᠰᠢᠶᠡᠨᠪᠢ ᠦᠨᠳᠦᠰᠦᠲᠡᠨ ︽ᠡᠮᠦᠨᠡᠰᠢ ᠨᠡᠭᠦᠳᠡᠯ ᠤᠨ ᠶᠡᠭᠡ ᠨᠠᠮᠤᠭ︾ ︵ᠳᠠᠷᠤᠢ ᠬᠥᠯᠥᠨ ᠨᠠᠭᠤᠷ︶ ᠲᠤ ᠠᠵᠢᠯᠯᠠᠭ᠎ᠠ ᠬᠢᠵᠦ᠂ ᠬᠥᠯᠥᠨ ᠪᠤᠶᠢᠷ ᠤᠨ ᠲᠠᠯ᠎ᠠ ᠨᠤᠲᠤᠭ | ᠳᠡᠭᠡᠷᠡᠬᠢ ᠬᠠᠶᠢᠯᠠᠷ ᠭᠤᠣᠯ᠂ ᠢᠮᠢᠨ ᠭᠤᠣᠯ᠂ ᠭᠡᠭᠡᠨ ᠭᠤᠣᠯ ᠪᠣᠯᠤᠨ ᠬᠥᠯᠥᠨ ᠨᠠᠭᠤᠷ ᠣᠷᠴᠢᠮ ᠨᠤᠲᠤᠭᠰᠢᠵᠤ᠂ ᠠᠩ ᠠᠩᠨᠠᠯ ᠠᠴᠠ ᠨᠡᠭᠦᠳᠡᠯ ᠮᠠᠯ ᠠᠵᠤ ᠠᠬᠤᠢ | ᠲᠡᠰᠢ ᠰᠢᠯᠵᠢᠪᠡ᠃ 100 ᠭᠠᠷᠤᠶ ᠵᠢᠯ ᠤᠨ ᠬᠤᠭᠤᠴᠠᠭᠠᠨ ᠳᠤ᠂ ᠰᠢᠨ᠎ᠡ ᠦᠢᠯᠡᠳᠪᠦᠷᠢᠯᠡᠯ ᠤᠨ ᠠᠷᠭ᠎ᠠ ᠮᠠᠶ᠋ᠢᠭ ᠨᠢ ᠲᠡᠳᠡᠨ ᠢ ᠥᠪᠡᠷ ᠤᠨ ᠦᠨᠳᠦᠰᠦᠲᠡᠨ ᠢᠶᠠᠨ | ᠪᠤᠵᠠᠭᠠᠶᠢᠷᠠᠭᠤᠯᠤᠨ᠂ ᠾᠦᠩᠨᠦ ᠶᠢᠨ ᠨᠣᠶᠠᠷᠬᠠᠯ ᠢ ᠣᠷᠣᠯᠠᠭᠤᠯᠵᠤ᠂ ᠬᠦᠴᠦᠷᠬᠡᠭ ᠶᠡᠭᠡ ᠰᠢᠶᠡᠨᠪᠢ ᠠᠶᠢᠮᠠᠭ ᠤᠨ ᠬᠤᠯᠪᠣᠭ᠎ᠠ ᠶᠢ ᠪᠠᠶᠢᠭᠤᠯᠵᠠᠶ᠃ ᠢᠩᠭᠢᠭᠡᠳ | ᠵᠦᠩᠶᠤᠸᠠᠨ ᠣᠷᠣᠨ ᠳᠤ ᠣᠷᠣᠵᠤ᠂ ᠤᠮᠠᠷᠠᠲᠤ ᠸᠧᠶ ᠤᠯᠤᠰ ᠢ ᠪᠠᠶᠢᠭᠤᠯᠵᠠᠶ᠃ ᠡᠨᠡ ᠪᠣᠯ ᠳᠤᠮᠳᠠᠳᠤ ᠤᠯᠤᠰ ᠤᠨ ᠲᠡᠦᠬᠡᠨ ᠳᠡᠭᠡᠷᠡᠬᠢ ᠠᠩᠬᠠᠳᠠᠭᠴᠢ ᠴᠥᠭᠡᠨ | ᠲᠣᠭᠠᠲᠤ ᠦᠨᠳᠦᠰᠦᠲᠡᠨ ᠤ ᠵᠠᠰᠠᠭ ᠪᠣᠯᠤᠨ᠎ᠠ᠃ | ᠰᠢᠶᠡᠨᠪᠢ ᠬᠥᠮᠦᠨ ᠤ ᠦᠯᠡᠳᠡᠭᠳᠡᠯ ᠠᠶᠢᠮᠠᠭ ᠰᠢᠪᠡᠭᠡ ᠠᠶᠢᠮᠠᠭ ᠪᠣᠯᠤᠨ ᠤᠶᠢᠭᠤᠷ᠂ ᠲᠦᠷᠺ᠂ ᠬᠢᠬᠠᠰ ᠵᠢᠴᠢ ᠯᠢᠶᠣᠤ ᠤᠯᠤᠰ ᠤᠨ ᠬᠢᠳᠠᠨ᠂ ᠠᠯᠲᠠᠨ | ᠤᠯᠤᠰ ᠤᠨ ᠦᠶ᠎ᠡ ᠶᠢᠨ ᠵᠦᠷᠴᠢᠨ ᠦᠨᠳᠦᠰᠦᠲᠡᠨ ᠵᠠᠯᠭᠠᠭ᠎ᠠ ᠪᠠᠷ ᠬᠥᠯᠥᠨ ᠪᠤᠶᠢᠷ ᠢ ᠳᠠᠶᠢᠯᠠᠨ ᠨᠣᠶᠠᠷᠬᠠᠵᠤ ᠪᠠᠶᠢᠭᠰᠠᠨ ᠦᠶ᠎ᠡ ᠳᠤ᠂ ᠮᠣᠩᠭᠤᠯ ᠠᠶᠢᠮᠠᠭ ᠤᠳ | ᠬᠥᠯᠥᠨ ᠪᠤᠶᠢᠷ ᠲᠤ ᠰᠡᠮᠡᠭᠡᠷ ᠪᠣᠰᠴᠠᠶ᠃ ᠣᠨ ᠲᠣᠭᠠᠯᠠᠯ ᠤᠨ 8 ᠳ᠋ᠤᠭᠠᠷ ᠵᠠᠭᠤᠨ ᠤ ᠦᠶ᠎ᠡ ᠳᠤ᠂ ᠡᠷᠭᠦᠨ᠎ᠡ ᠶᠢᠨ ᠵᠡᠭᠦᠨ ᠡᠷᠭᠢ ᠳᠤ ᠠᠮᠢᠳᠤᠷᠠᠵᠤ ᠪᠠᠶᠢᠭᠰᠠᠨ | ᠴᠢᠩᠭᠢᠰ ᠬᠠᠭᠠᠨ ᠤ ᠡᠪᠦᠭᠡ ᠳᠡᠭᠡᠳᠦᠰ ᠪᠣᠯᠬᠤ ᠮᠣᠩᠭᠤᠯ ᠱᠢᠸᠧᠢ ᠠᠶᠢᠮᠠᠭ ᠨᠢ ᠣᠨᠣᠨ ᠭᠤᠣᠯ᠂ ᠬᠡᠷᠦᠯᠦᠨ ᠭᠤᠣᠯ᠂ ᠲᠤᠤᠯᠠ ᠭᠤᠣᠯ ᠤᠨ ᠭᠤᠯᠣᠮᠲᠠ ᠪᠣᠯᠬᠤ | ᠬᠡᠨᠲᠡᠢ ᠶᠢᠨ ᠠᠭᠤᠯᠠᠷᠬᠠᠭ ᠣᠷᠣᠨ ᠳᠤ ᠨᠡᠭᠦᠳᠡᠯᠯᠡᠨ ᠣᠴᠢᠵᠠᠢ᠃ 12 ᠳ᠋ᠤᠭᠠᠷ ᠵᠠᠭᠤᠨ ᠳᠤ᠂ ᠴᠢᠩᠭᠢᠰ ᠬᠠᠭᠠᠨ ᠤᠯᠤᠰ ᠲᠦᠷᠦ ᠶᠢᠨ ᠲᠠᠪᠴᠠᠩ ᠳᠡᠭᠡᠷ᠎ᠡ ᠭᠠᠷᠴᠤ | ᠮᠣᠩᠭᠤᠯ ᠤᠨ ᠲᠠᠯ᠎ᠠ ᠨᠤᠲᠤᠭ ᠢ ᠨᠢᠭᠡᠳᠬᠡᠬᠦ ᠦᠶ᠎ᠡ ᠳᠤ᠂ ᠳᠠᠬᠢᠨ ᠬᠥᠯᠥᠨ ᠪᠤᠶᠢᠷ ᠲᠠᠭᠠᠨ ᠪᠤᠴᠠᠵᠤ ᠢᠷᠡᠭᠡᠳ᠂ ᠠᠳᠡ ᠬᠡᠳᠦᠨ ᠤᠳᠠᠭᠠᠨ ᠤ ᠰᠢᠢᠳᠪᠦᠷᠢᠲᠦ | ᠴᠢᠨᠠᠷᠲᠠᠶ ᠶᠡᠭᠡ ᠳᠠᠶᠢᠯᠠᠯᠳᠤᠭᠠᠨ ᠬᠢᠵᠦ᠂ ᠤᠯᠤᠰ ᠲᠦᠷᠦ ᠶᠢᠨ ᠳᠠᠶᠢᠰᠤᠨ ᠢ ᠤᠰᠠᠳᠬᠠᠵᠤ᠂ ᠬᠡᠳᠦᠨ ᠶᠡᠭᠡ ᠠᠶᠢᠮᠠᠭ ᠤᠨ ᠬᠦᠴᠦᠨ ᠤ ᠲᠡᠩᠴᠡᠭᠦᠷᠢᠲᠦ ᠪᠠᠶᠢᠳᠠᠯ ᠢ | ᠡᠪᠳᠡᠵᠦ᠂ ᠡᠴᠦᠰ ᠲᠡᠭᠡᠨ ᠮᠣᠩᠭᠤᠯ ᠤᠨ ᠥᠨᠳᠦᠷᠯᠢᠭ ᠢ ᠨᠢᠭᠡᠳᠬᠡᠭᠰᠡᠨ ᠪᠠᠶᠢᠨ᠎ᠠ᠃ ᠲᠡᠭᠦᠨ ᠠᠴᠠ ᠬᠤᠶᠢᠰᠢ᠂ ᠤᠮᠠᠷᠠᠲᠤ ᠶᠢᠨ ᠲᠠᠯ᠎ᠠ ᠨᠤᠲᠤᠭ ᠲᠤ ᠦᠭᠡ ᠬᠡᠯᠡ᠂ | ᠭᠠᠵᠠᠷ ᠨᠤᠲᠤᠭ ᠪᠠ ᠰᠣᠶᠣᠯ ᠤᠨ ᠨᠡᠶᠢᠲᠡᠯᠢᠭ ᠴᠢᠨᠠᠷ ᠲᠠᠢ᠂ ᠠᠵᠤ ᠠᠬᠤᠶ ᠶᠢᠨ ᠠᠮᠢᠳᠤᠷᠠᠯ ᠳᠤᠮᠳᠠ ᠮᠠᠰᠢ ᠣᠯᠠᠨ ᠬᠠᠮᠲᠤ ᠶᠢᠨ ᠣᠨᠴᠠᠯᠢᠭ ᠲᠠᠢ ᠦᠨᠳᠦᠰᠦᠲᠡᠨ | ᠮᠣᠩᠭᠤᠯ ᠦᠨᠳᠦᠰᠦᠲᠡᠨ ᠪᠦᠷᠢᠯᠳᠦᠵᠡᠶ᠃ ᠮᠣᠩᠭᠤᠯ ᠬᠠᠭᠠᠨᠲᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ︽ᠬᠠᠷᠢᠶᠠᠲᠤ ᠡᠷᠦᠬᠡ ᠶᠢ ᠬᠤᠪᠢᠶᠠᠨ ᠡᠷᠭᠦᠮᠵᠢᠯᠡᠬᠦ︾ | ᠳᠦᠷᠢᠮ ᠢ ᠬᠡᠷᠡᠭᠵᠢᠭᠦᠯᠵᠡᠶ᠃ 1214 ᠣᠨ ᠳᠤ᠂ ᠴᠢᠩᠭᠢᠰ ᠬᠠᠭᠠᠨ ᠬᠥᠯᠥᠨ ᠪᠤᠶᠢᠷ ᠤᠨ ᠲᠠᠯ᠎ᠠ ᠨᠤᠲᠤᠭ ᠤᠨ ᠶᠡᠬᠡᠩᠬᠢ ᠬᠡᠰᠡᠭ ᠭᠠᠵᠠᠷ ᠢ ᠶᠡᠭᠡ ᠳᠡᠭᠦᠦ ᠵᠦᠴᠢ | ᠬᠠᠰᠠᠷ ︵ᠡᠷᠭᠦᠨ᠎ᠡ ᠬᠤᠲᠠ ᠶᠢᠨ ᠾᠸᠢ ᠱᠠᠨ ᠳᠧᠦ ᠶᠢᠨ ᠡᠷᠲᠡᠨ ᠤ ᠬᠤᠲᠠ︶ ᠲᠠᠭᠠᠨ ᠬᠤᠪᠢᠶᠠᠨ ᠥᠭᠴᠦ᠂ ᠦᠯᠡᠳᠡᠭᠰᠡᠨ ᠬᠡᠰᠡᠭ ᠢ ᠨᠢ ᠬᠤᠶᠠᠳᠤᠭᠠᠷ ᠳᠡᠭᠦᠦ | ᠬᠠᠴᠢᠭᠤᠨ ᠥᠭᠡᠯᠡᠢ᠂ ᠨᠠᠭᠠᠴᠤ ᠴᠢᠳᠢ ᠰᠡᠴᠡᠨ ᠤ ᠭᠡᠷ ᠪᠦᠯᠢ ᠳᠤ ᠬᠤᠪᠢᠶᠠᠨ ᠥᠭᠴᠦ᠂ ᠳᠠᠪᠠᠭᠠᠨ ᠤ ᠵᠡᠭᠦᠨᠳᠡᠬᠢ ᠣᠷᠣᠨ ᠢ ᠪᠠᠭ᠎ᠠ ᠳᠡᠭᠦᠦ ᠲᠡᠮᠦᠭᠡ | ᠤᠳᠴᠢᠬᠢᠨ ᠳᠡᠭᠡᠨ ᠬᠤᠪᠢᠶᠠᠨ ᠥᠭᠴᠡᠢ᠃ ᠶᠤᠸᠠᠨ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠮᠤᠵᠢ ᠶᠢᠨ ᠳᠦᠷᠢᠮ ᠢ ᠪᠠᠶᠢᠭᠤᠯᠪᠠ᠃ 1288 ᠣᠨ ᠳᠤ ᠣᠯᠠᠨ | ᠸᠠᠩ ᠤᠨ ᠡᠷᠭᠦᠮᠵᠢᠯᠡᠭᠰᠡᠨ ᠭᠠᠵᠠᠷ ᠢ ᠬᠤᠪᠢᠶᠠᠷᠢ ᠮᠤᠵᠢ ᠳᠤ ᠣᠷᠣᠭᠤᠯᠵᠤ᠂ ᠳᠠᠪᠠᠭᠠᠨ ᠤ ᠪᠠᠷᠠᠭᠤᠨᠳᠠᠬᠢ ᠭᠠᠵᠠᠷ ᠣᠷᠣᠨ ᠢ ᠳᠠᠪᠠᠭᠠᠨ ᠤ ᠬᠤᠶᠢᠲᠤ ᠬᠡᠰᠡᠭ ᠤᠨ | ᠬᠤᠪᠢᠶᠠᠷᠢ ᠮᠤᠵᠢ ᠶᠢᠨ ᠾᠧ ᠯᠢᠨ ᠵᠠᠮ ᠤᠨ ᠬᠠᠷᠢᠶᠠᠨ ᠳᠤ ᠣᠷᠣᠭᠤᠯᠵᠤ᠂ ᠳᠠᠪᠠᠭᠠᠨ ᠤ ᠵᠡᠭᠦᠨ ᠬᠡᠰᠡᠭ ᠢ ᠵᠥᠩ ᠱᠤ ᠮᠤᠵᠢ ᠶᠢᠨ ᠲᠠᠢ ᠨᠢᠩ ᠵᠠᠮ ᠪᠠ ᠯᠢᠶᠤᠤᠶᠠᠩ | ᠮᠤᠵᠢ ᠶᠢᠨ ᠱᠠᠨᠪᠸᠢ ᠶᠢᠨ ᠯᠢᠶᠣᠤᠳᠦ᠋ᠩ ᠵᠠᠮ ᠤᠨ ᠬᠠᠷᠢᠶᠠᠨ ᠳᠤ ᠣᠷᠣᠭᠤᠯᠵᠠᠶ᠃ ᠶᠤᠸᠠᠨ ᠤᠯᠤᠰ ᠮᠥᠬᠦᠭᠰᠡᠨ ᠤ ᠳᠠᠷᠠᠭ᠎ᠠ᠂ ᠴᠢᠩᠭᠢᠰ ᠬᠠᠭᠠᠨ ᠤ ᠦᠷ᠎ᠡ ᠠᠴᠢᠨᠠᠷ | ᠮᠣᠩᠭᠤᠯ ᠤᠨ ᠲᠠᠯ᠎ᠠ ᠨᠤᠲᠤᠭ ᠢ ᠰᠠᠬᠢᠨ ᠬᠠᠮᠠᠭᠠᠯᠠᠵᠤ᠂ ᠤᠷᠢᠳ ᠬᠤᠵᠢᠳ ᠬᠥᠯᠥᠨ ᠪᠤᠶᠢᠷ ᠤᠨ ᠲᠠᠯ᠎ᠠ ᠨᠤᠲᠤᠭ ᠲᠤ ᠨᠡᠭᠦᠳᠡᠯᠯᠡᠨ ᠮᠠᠯᠵᠢᠵᠤ ᠪᠠᠶᠢᠭᠰᠠᠨ ᠨᠢ ᠶᠤᠸᠠᠨ | ᠱᠦᠨ ᠳ᠋ᠢ ᠬᠠᠭᠠᠨ ᠤ ᠬᠤᠶᠢᠴᠢᠰ ᠪᠠ ᠴᠢᠩᠭᠢᠰ ᠬᠠᠭᠠᠨ ᠤ ᠶᠡᠭᠡ ᠳᠡᠭᠦᠦ ᠶᠢᠨ ᠬᠤᠶᠢᠴᠢᠰ ᠪᠣᠯᠤᠨ᠎ᠠ᠃ | ᠴᠢᠩ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠡᠸᠡᠩᠬᠢ᠂ ᠳᠠᠭᠤᠷ᠂ ᠪᠠᠷᠭᠤ ᠮᠣᠩᠭᠤᠯ᠂ ᠣᠷᠴᠣᠨ ᠬᠥᠮᠦᠨ ᠢᠶᠠᠷ ᠪᠦᠷᠢᠯᠳᠦᠭᠰᠡᠨ ᠪᠤᠳᠬ᠎ᠠ ᠨᠠᠢᠮᠠᠨ | ᠬᠤᠰᠢᠭᠤᠨ ᠤ ᠴᠡᠷᠢᠭ᠂ ᠰᠣᠯᠣᠨ ᠨᠠᠢᠮᠠᠨ ᠬᠤᠰᠢᠭᠤᠨ ᠤ ᠴᠡᠷᠢᠭ ᠪᠣᠯᠤᠨ ᠪᠠᠷᠭᠤ ᠨᠠᠢᠮᠠᠨ ᠬᠤᠰᠢᠭᠤᠨ ᠤ ᠴᠡᠷᠢᠭ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠬᠢᠯᠢ | ᠬᠢᠵᠠᠭᠠᠷ ᠢ ᠰᠠᠬᠢᠨ ᠬᠠᠮᠠᠭᠠᠯᠠᠵᠤ᠂ ᠬᠠᠭᠠᠨᠲᠤ ᠣᠷᠣᠰ ᠤᠨ ᠲᠦᠷᠢᠮᠡᠬᠡᠶᠢᠯᠡᠯ ᠢ ᠰᠡᠷᠭᠡᠶᠢᠯᠡᠬᠦ᠂ ᠤᠯᠠᠭ᠎ᠠ ᠥᠷᠲᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ | ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠵᠡᠶ᠃ | ᠢᠷᠭᠡᠨ ᠤᠯᠤᠰ ᠤᠨ ᠦᠶ᠎ᠡ ᠳᠤ᠂ ᠳᠠᠪᠠᠭᠠᠨ ᠤ ᠪᠠᠷᠠᠭᠤᠨᠳᠡᠬᠢ ᠣᠷᠣᠨ 1912 —1920 ᠣᠨ ᠳᠤ ᠣᠷᠣᠨ ᠨᠤᠲᠤᠭ ᠤᠨ ᠥᠪᠡᠷᠲᠡᠭᠡᠨ ᠵᠠᠰᠠᠬᠤ ᠶᠢ | ᠬᠡᠷᠡᠭᠵᠢᠭᠦᠯᠵᠦ᠂ ᠬᠠᠷᠠᠮᠥ᠋ᠷᠡᠨ ᠮᠤᠵᠢ ᠠᠴᠠ ᠠᠩᠭᠢᠵᠢᠷᠠᠪᠠ᠃ 1920 ᠣᠨ ᠠᠴᠠ ᠬᠤᠶᠢᠰᠢ ᠬᠠᠷᠠᠮᠥ᠋ᠷᠡᠨ ᠤ ᠵᠠᠩᠵᠤᠨ ᠤ ᠵᠠᠬᠢᠷᠤᠯᠲᠠ ᠳᠤ ᠳᠠᠬᠢᠨ ᠣᠷᠣᠵᠤ᠂ | ᠮᠥᠨ ᠮᠠᠶᠢᠷᠠᠨ ᠵᠠᠩᠭᠢ ᠶᠢᠨ ᠶᠠᠮᠤᠨ ᠢ ᠪᠠᠶᠢᠭᠤᠯᠵᠤ᠂ ᠡᠭᠦᠨ ᠤ ᠬᠠᠮᠲᠤ ᠬᠤᠶᠢᠨᠠᠬᠢ ᠶᠠᠪᠤᠳᠠᠯ ᠢ ᠬᠠᠪᠰᠤᠷᠤᠨ ᠰᠢᠳᠬᠡᠭᠴᠢ ᠪᠥᠭᠡᠳ ᠬᠠᠷᠢᠯᠴᠠᠭᠴᠢ ᠶᠢᠨ ᠵᠠᠬᠢᠷᠭ᠎ᠠ ᠶᠢ | ᠪᠠᠶᠢᠭᠤᠯᠵᠤ᠂ ᠬᠥᠯᠥᠨ᠂ ᠯᠦ ᠪᠢᠨ᠂ ᠱᠢ ᠸᠧᠢ᠂ ᠴᠢ ᠴᠢᠶᠠᠨ ᠰᠢᠶᠠᠨ ᠢ ᠪᠠᠶᠢᠭᠤᠯᠵᠤ᠂ ᠬᠤᠰᠢᠭᠤ ᠰᠢᠶᠠᠨ ᠵᠡᠷᠭᠡᠴᠡᠨ ᠣᠷᠣᠰᠢᠬᠤ ᠪᠠ ᠰᠠᠯᠭᠠᠨ ᠵᠠᠰᠠᠬᠤ ᠪᠠᠶᠢᠳᠠᠯ ᠢ | ᠪᠤᠢ ᠪᠣᠯᠭᠠᠪᠠ᠃ ᠳᠠᠪᠠᠭᠠᠨ ᠤ ᠵᠡᠭᠦᠨᠳᠡᠬᠢ ᠣᠷᠣᠨ ᠳᠤ ᠪᠠᠰᠠ ᠪᠠᠷᠠᠭᠤᠨ ᠪᠤᠳᠬ᠎ᠠ ᠶᠢᠨ ᠪᠦᠭᠦᠳᠡ ᠶᠢᠨ ᠳᠠᠷᠤᠭ᠎ᠠ ᠶᠢᠨ ᠵᠠᠬᠢᠷᠭ᠎ᠠ ᠶᠢ ᠦᠯᠡᠳᠡᠭᠡᠬᠦ ᠶᠢᠨ ᠬᠠᠮᠲᠤ ᠶᠠᠯᠦ | ᠰᠢᠶᠠᠨ᠂ ᠪᠦᠰᠢ ᠰᠢᠶᠠᠨ ᠢ ᠪᠠᠶᠢᠭᠤᠯᠵᠤ᠂ ᠬᠠᠷᠠᠮᠥ᠋ᠷᠡᠨ ᠮᠤᠵᠢ ᠳᠤ ᠰᠢᠭᠤᠳ ᠬᠠᠷᠢᠶᠠᠯᠠᠭᠤᠯᠪᠠ᠃ ᠵᠡᠭᠦᠨ ᠬᠤᠶᠢᠲᠤ ᠣᠷᠣᠨ ᠡᠵᠡᠯᠡᠭᠳᠡᠭᠰᠡᠨ ᠦᠶ᠎ᠡ ᠳᠤ᠂ | ᠳᠠᠪᠠᠭᠠᠨ ᠤ ᠵᠡᠭᠦᠨ ᠬᠡᠰᠡᠭ ᠨᠢ ᠬᠢᠩᠭᠠᠨ ᠵᠡᠭᠦᠨ ᠮᠤᠵᠢ ᠪᠠᠶᠢᠵᠤ᠂ ᠳᠠᠪᠠᠭᠠᠨ ᠤ ᠪᠠᠷᠠᠭᠤᠨ ᠬᠡᠰᠡᠭ ᠨᠢ ᠬᠢᠩᠭᠠᠨ ᠬᠤᠶᠢᠲᠤ ᠮᠤᠵᠢ ᠪᠠᠶᠢᠵᠤ᠂ ᠪᠦᠷ ᠬᠠᠭᠤᠷᠮᠠᠭ ᠮᠠᠨᠵᠤ | ᠤᠯᠤᠰ ᠲᠤ ᠬᠠᠷᠢᠶᠠᠯᠠᠭᠳᠠᠵᠤ ᠪᠠᠶᠢᠪᠠ᠃ | 1945 ᠣᠨ ᠤ 8 ᠰᠠᠷ᠎ᠠ ᠳᠤ ᠶᠠᠫᠣᠨ ᠪᠠᠭᠤᠨ ᠥᠭᠴᠦ᠂ 10 ᠰᠠᠷ᠎ᠠ ᠳᠤ ᠳᠠᠪᠠᠭᠠᠨ ᠤ ᠪᠠᠷᠠᠭᠤᠨᠳᠡᠬᠢ ᠣᠷᠣᠨ ᠳᠤ ᠬᠥᠯᠥᠨ ᠪᠤᠶᠢᠷ ᠤᠨ ᠥᠪᠡᠷᠲᠡᠭᠡᠨ | ᠵᠠᠰᠠᠬᠤ ᠮᠤᠵᠢ ᠶᠢᠨ ᠵᠠᠰᠠᠭ ᠤᠨ ᠣᠷᠳᠣᠨ ᠢ ᠪᠠᠶᠢᠭᠤᠯᠵᠤ᠂ 1946 ᠣᠨ ᠤ 10 ᠰᠠᠷ᠎ᠠ ᠳᠤ ᠬᠥᠯᠥᠨ ᠪᠤᠶᠢᠷ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ | ᠭᠡᠵᠦ ᠬᠠᠯᠠᠪᠠ᠃ 1948 ᠣᠨ ᠤ 1 ᠰᠠᠷ᠎ᠠ ᠶᠢᠨ 1 ᠤ ᠡᠳᠦᠷ ᠬᠥᠯᠥᠨ ᠪᠤᠶᠢᠷ ᠠᠶᠢᠮᠠᠭ ᠭᠡᠵᠦ ᠥᠭᠡᠷᠡᠴᠢᠯᠡᠨ ᠨᠡᠷᠡᠶᠢᠳᠴᠦ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠳᠤ ᠬᠠᠷᠢᠶᠠᠯᠠᠭᠤᠯᠪᠠ᠃ 1945 ᠣᠨ ᠤ 10 ᠰᠠᠷ᠎ᠠ ᠳᠤ ᠳᠠᠪᠠᠭᠠᠨ ᠤ ᠵᠡᠭᠦᠨᠳᠡᠬᠢ ᠣᠷᠣᠨ ᠳᠤ ᠨᠤᠨ ᠮᠥᠷᠡᠨ ᠮᠤᠵᠢ ᠶᠢ | ᠪᠠᠶᠢᠭᠤᠯᠵᠤ᠂ 1946 ᠣᠨ ᠤ 6 ᠰᠠᠷ᠎ᠠ ᠳᠤ ᠨᠤᠨ ᠮᠥᠷᠡᠨ ᠠᠶᠢᠮᠠᠭ ᠭᠡᠵᠦ ᠥᠭᠡᠷᠡᠴᠢᠯᠡᠨ ᠨᠡᠷᠡᠶᠢᠳᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠭᠰᠠᠨ ᠬᠢᠩᠭᠠᠨ ᠮᠤᠵᠢ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠦᠯᠢᠶᠡᠵᠦ᠂ 1947 ᠣᠨ ᠤ 5 ᠰᠠᠷ᠎ᠠ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠦᠯᠢᠶᠡᠵᠡᠶ᠃ | 1949 ᠣᠨ ᠤ 4 ᠰᠠᠷ᠎ᠠ ᠳᠤ ᠬᠥᠯᠥᠨ ᠪᠤᠶᠢᠷ ᠠᠶᠢᠮᠠᠭ ᠪᠣᠯᠤᠨ ᠨᠤᠨ ᠮᠥᠷᠡᠨ ᠠᠶᠢᠮᠠᠭ ᠨᠡᠶᠢᠯᠡᠵᠦ᠂ ᠬᠥᠯᠥᠨ ᠪᠤᠶᠢᠷ ᠨᠤᠨ ᠮᠥᠷᠡᠨ ᠠᠶᠢᠮᠠᠭ ᠭᠡᠵᠦ | ᠨᠡᠷᠡᠶᠢᠳᠴᠡᠶ᠃ | 1953 ᠣᠨ ᠤ 4 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠵᠠᠬᠢᠷᠭ᠎ᠠ ᠶᠢ ᠪᠠᠶᠢᠭᠤᠯᠵᠤ᠂ | ᠳᠥᠭᠦᠮᠴᠢᠯᠡᠭᠡᠳ ᠵᠡᠭᠦᠨ ᠬᠡᠰᠡᠭ ᠤᠨ ᠵᠠᠬᠢᠷᠭ᠎ᠠ ᠭᠡᠳᠡᠭ᠂ ᠵᠠᠬᠢᠷᠭ᠎ᠠ ᠶᠢ ᠤᠯᠠᠭᠠᠨᠬᠤᠲᠠ ᠳᠤ ᠪᠠᠶᠢᠭᠤᠯᠵᠠᠢ᠃ ᠡᠭᠦᠨ ᠤ ᠬᠠᠮᠲᠤ ᠤᠤᠯ ᠤᠨ ᠵᠢᠷᠢᠮ᠂ ᠬᠢᠩᠭᠠᠨ᠂ | ᠬᠥᠯᠥᠨ ᠪᠤᠶᠢᠷ ᠨᠤᠨ ᠮᠦᠷᠡᠨ ᠭᠤᠷᠪᠠᠨ ᠠᠶᠢᠮᠠᠭ ᠤᠨ ᠪᠠᠶᠢᠭᠤᠯᠤᠮᠵᠢ ᠶᠢ ᠦᠭᠡᠶᠢᠰᠬᠡᠵᠦ᠂ ᠡᠭᠦᠨ ᠳᠤ ᠤᠤᠯ ᠤᠨ ᠬᠥᠯᠥᠨ ᠪᠤᠶᠢᠷ ᠨᠤᠨ ᠮᠦᠷᠡᠨ ᠠᠶᠢᠮᠠᠭ ᠤᠨ | ᠬᠠᠶᠢᠯᠠᠷ᠂ ᠮᠠᠨᠵᠤᠤᠷ᠂ ᠤᠯᠠᠭᠠᠨᠬᠤᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠤᠲᠠ ᠪᠣᠯᠭᠠᠵᠤ᠂ ᠲᠡᠭᠦᠨ ᠤ ᠠᠵᠢᠯ ᠢ | ᠵᠡᠭᠦᠨ ᠬᠡᠰᠡᠭ ᠤᠨ ᠵᠠᠬᠢᠷᠭ᠎ᠠ ᠳᠤ ᠨᠠᠶᠢᠳᠠᠵᠤ ᠣᠷᠣᠯᠠᠨ ᠬᠠᠮᠢᠶᠠᠷᠤᠭᠤᠯᠪᠠ᠃ | 1954 ᠣᠨ ᠤ 4 ᠰᠠᠷ᠎ᠠ ᠶᠢᠨ 30 ᠤ ᠡᠳᠦᠷ᠂ ᠵᠡᠭᠦᠨ ᠣᠷᠣᠨ ᠤ ᠵᠠᠬᠢᠷᠭ᠎ᠠ ᠶᠢ ᠬᠠᠰᠤᠵᠤ᠂ ᠤᠤᠯ ᠤᠨ ᠬᠢᠩᠭᠠᠨ ᠠᠶᠢᠮᠠᠭ ᠪᠣᠯᠤᠨ ᠬᠥᠯᠥᠨ ᠪᠤᠶᠢᠷ | ᠠᠶᠢᠮᠠᠭ ᠢ ᠨᠡᠶᠢᠯᠡᠭᠦᠯᠵᠦ᠂ ᠬᠥᠯᠥᠨ ᠪᠤᠶᠢᠷ ᠠᠶᠢᠮᠠᠭ ᠪᠣᠯᠭᠠᠵᠤ᠂ ᠬᠥᠯᠥᠨ ᠪᠤᠶᠢᠷ ᠠᠶᠢᠮᠠᠭ ᠤᠨ ᠠᠷᠠᠳ ᠤᠨ ᠵᠠᠰᠠᠭ ᠤᠨ ᠣᠷᠳᠣᠨ ᠢ ᠪᠠᠶᠢᠭᠤᠯᠵᠤ᠂ ᠨᠢᠭᠡᠳᠦᠭᠡᠷ | ᠳᠡᠰ ᠤᠨ ᠵᠠᠰᠠᠭ ᠤᠨ ᠣᠷᠳᠣᠨ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳᠤ ᠰᠢᠭᠤᠳ ᠬᠠᠷᠢᠶᠠᠯᠠᠭᠤᠯᠪᠠ᠃ | ᠠᠢᠮᠠᠭ ᠤᠨ ᠵᠠᠰᠠᠭ ᠤᠨ ᠣᠷᠳᠣᠨ ᠢ ᠬᠠᠶᠢᠯᠠᠷ ᠬᠤᠲᠠ ᠳᠤ ᠲᠤᠬᠢᠷᠠᠭᠤᠯᠪᠠ᠃ | 1957 ᠣᠨ ᠤ 2 ᠰᠠᠷ᠎ᠠ ᠶᠢᠨ 21 ᠤ ᠡᠳᠦᠷ᠂ ᠬᠥᠯᠥᠨ ᠪᠤᠶᠢᠷ ᠠᠶᠢᠮᠠᠭ ᠤᠨ ᠠᠷᠠᠳ ᠤᠨ ᠵᠠᠰᠠᠭ ᠤᠨ ᠣᠷᠳᠣᠨ ᠢ ᠬᠥᠯᠥᠨ ᠪᠤᠶᠢᠷ ᠠᠶᠢᠮᠠᠭ ᠤᠨ | ᠠᠷᠠᠳ ᠤᠨ ᠵᠥᠪᠯᠡᠯ ᠭᠡᠵᠦ ᠥᠭᠡᠷᠡᠴᠢᠯᠡᠪᠡ᠃ | 1958 ᠣᠨ ᠤ 6 ᠰᠠᠷ᠎ᠠ ᠶᠢᠨ 1 ᠤ ᠡᠳᠦᠷ᠂ ᠬᠥᠯᠥᠨ ᠪᠤᠶᠢᠷ ᠠᠶᠢᠮᠠᠭ ᠤᠨ ᠠᠷᠠᠳ ᠤᠨ ᠵᠥᠪᠯᠡᠯ ᠢ ᠬᠠᠰᠤᠵᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠣᠮᠢᠯᠠᠭᠰᠠᠨ ᠪᠠᠶᠢᠭᠤᠯᠤᠮᠵᠢ ᠪᠣᠯᠭᠠᠨ ᠥᠭᠡᠷᠡᠴᠢᠯᠡᠵᠦ᠂ ᠵᠠᠰᠠᠭ ᠵᠠᠬᠢᠷᠭᠠᠨ ᠤ ᠵᠠᠬᠢᠷᠭ᠎ᠠ ᠶᠢ ᠬᠠᠶᠢᠯᠠᠷ ᠬᠤᠳᠠ ᠳᠤ ᠪᠠᠶᠢᠭᠤᠯᠵᠤ᠂ ᠬᠥᠯᠥᠨ ᠪᠤᠶᠢᠷ | ᠠᠶᠢᠮᠠᠭ ᠤᠨ ᠵᠠᠬᠢᠷᠭ᠎ᠠ ᠭᠡᠵᠦ ᠥᠭᠡᠷᠡᠴᠢᠯᠡᠪᠡ᠃ | 1967 ᠣᠨ ᠤ 12 ᠰᠠᠷ᠎ᠠ ᠶᠢᠨ 20 ᠤ ᠡᠳᠦᠷ᠂ ᠬᠥᠯᠥᠨ ᠪᠤᠶᠢᠷ ᠠᠶᠢᠮᠠᠭ ᠤᠨ ᠬᠤᠪᠢᠰᠬᠠᠯ ᠤᠨ ᠵᠥᠪᠯᠡᠯ ᠢ ᠪᠠᠶᠢᠭᠤᠯᠵᠤ᠂ ᠲᠦᠷ ᠴᠠᠭ ᠤᠨ ᠡᠷᠬᠡᠲᠦ | ᠪᠠᠶᠢᠭᠤᠯᠤᠮᠵᠢ ᠪᠣᠯᠭᠠᠵᠤ᠂ ᠤᠤᠯ ᠤᠨ ᠬᠦᠯᠦᠨ ᠪᠤᠶᠢᠷ ᠠᠶᠢᠮᠠᠭ ᠤᠨ ᠵᠠᠬᠢᠷᠭ᠎ᠠ ᠶᠢᠨ ᠡᠷᠬᠡ ᠲᠤᠰᠢᠶᠠᠯ ᠢ ᠬᠡᠷᠡᠭᠵᠢᠭᠦᠯᠪᠡ᠃ | 1969 ᠣᠨ ᠤ 8 ᠰᠠᠷ᠎ᠠ ᠶᠢᠨ 1 ᠤ ᠡᠳᠦᠷ᠂ ᠬᠦᠯᠦᠨ ᠪᠤᠶᠢᠷ ᠠᠶᠢᠮᠠᠭ ᠤᠨ ᠶᠡᠬᠡᠩᠬᠢ ᠬᠡᠰᠡᠭ ᠭᠠᠵᠠᠷ ᠣᠷᠣᠨ ᠢ ᠬᠠᠷᠠᠮᠥ᠋ᠷᠡᠨ ᠮᠤᠵᠢ ᠳᠤ | ᠬᠠᠷᠢᠶᠠᠯᠠᠭᠤᠯᠵᠤ᠂ ᠨᠢᠭᠡ ᠬᠡᠰᠡᠭ ︵ᠤᠤᠯ ᠤᠨ ᠬᠢᠩᠭᠠᠨ ᠠᠶᠢᠮᠠᠭ ᠤᠨ ᠶᠡᠬᠡᠩᠬᠢ ᠬᠡᠰᠡᠭ︶ ᠢ ᠭᠢᠷᠢᠨ ᠮᠤᠵᠢ ᠳᠤ ᠬᠠᠷᠢᠶᠠᠯᠠᠭᠤᠯᠪᠠ᠃ 1979 ᠣᠨ ᠤ 7 | ᠰᠠᠷ᠎ᠠ ᠳᠤ᠂ 1969 ᠣᠨ ᠠᠴᠠ ᠡᠮᠦᠨᠡᠬᠢ ᠣᠷᠣᠨ ᠬᠤᠪᠢᠶᠠᠷᠢᠯᠠᠯ ᠢ ᠰᠡᠷᠭᠦᠭᠡᠵᠦ᠂ ᠬᠦᠯᠦᠨ ᠪᠤᠶᠢᠷ ᠠᠶᠢᠮᠠᠭ ᠢ ᠳᠠᠬᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠬᠠᠷᠢᠶᠠᠯᠠᠭᠤᠯᠪᠠ᠃ | 1980 ᠣᠨ ᠤ 7 ᠰᠠᠷ᠎ᠠ ᠳᠤ ᠬᠢᠩᠭᠠᠨ ᠠᠶᠢᠮᠠᠭ ᠤᠨ ᠪᠠᠶᠢᠭᠤᠯᠤᠮᠵᠢ ᠶᠢ ᠰᠡᠷᠭᠦᠭᠡᠵᠦ᠂ ᠬᠦᠯᠦᠨ ᠪᠤᠶᠢᠷ ᠠᠶᠢᠮᠠᠭ 1954 ᠣᠨ ᠤ 4 ᠰᠠᠷ᠎ᠠ ᠠᠴᠠ | ᠡᠮᠦᠨᠡᠬᠢ ᠬᠤᠪᠢᠶᠠᠷᠢᠯᠠᠯ ᠢᠶᠠᠨ ᠰᠡᠷᠭᠦᠭᠡᠪᠡ᠃ | 2001 ᠣᠨ ᠤ 10 ᠰᠠᠷ᠎ᠠ ᠶᠢᠨ 10 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠥᠯᠥᠨ ᠪᠤᠶᠢᠷ ᠠᠶᠢᠮᠠᠭ ᠢ ᠲᠤᠰᠬᠠᠢ ᠣᠷᠣᠨ ᠤ ᠲᠡᠰ ᠤᠨ | ᠬᠥᠯᠥᠨ ᠪᠤᠶᠢᠷ ᠬᠤᠳᠠ ᠪᠣᠯᠭᠠᠨ ᠪᠠᠶᠢᠭᠤᠯᠬᠤ ᠶᠢ ᠵᠥᠪᠰᠢᠶᠡᠷᠡᠪᠡ︔ ᠬᠠᠶᠢᠯᠠᠷ ᠬᠤᠲᠠ ᠶᠢ ᠬᠦᠴᠦᠨ ᠥᠬᠡᠶ ᠪᠣᠯᠭᠠᠵᠤ ᠬᠠᠶᠢᠯᠠᠷ ᠲᠣᠭᠤᠷᠢᠭ ᠪᠠᠶᠢᠭᠤᠯᠪᠠ᠃ ᠬᠥᠯᠥᠨ | ᠪᠤᠶᠢᠷ ᠬᠤᠲᠠ ᠤᠤᠯ ᠤᠨ ᠬᠥᠯᠥᠨ ᠪᠤᠶᠢᠷ ᠠᠶᠢᠮᠠᠭ ᠤᠨ ᠠᠷᠤᠨ ᠬᠤᠰᠢᠭᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ | ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠪᠠ ᠰᠢᠨ᠎ᠡ ᠪᠠᠷ ᠪᠠᠶᠢᠭᠤᠯᠤᠭᠰᠠᠨ ᠬᠠᠶᠢᠯᠠᠷ ᠲᠣᠭᠤᠷᠢᠭ ᠢ ᠬᠠᠷᠢᠶᠠᠯᠠᠨ᠎ᠠ︔ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢ ᠣᠷᠣᠯᠠᠨ ᠮᠠᠨᠵᠤᠤᠷ ᠬᠤᠲᠠ᠂ ᠶᠠᠭᠰᠢ ᠬᠤᠲᠠ᠂ ᠵᠠᠯᠠᠨ ᠠᠶᠢᠯ ᠬᠤᠲᠠ᠂ ᠡᠷᠭᠦᠨ᠎ᠡ ᠬᠤᠲᠠ ᠪᠣᠯᠤᠨ ᠭᠡᠭᠡᠨ ᠭᠤᠣᠯ ᠬᠤᠲᠠ ᠶᠢ | ᠬᠠᠮᠢᠶᠠᠷᠤᠨ᠎ᠠ᠃ | | | |