ᠰᠣᠨᠢᠨ ᠮᠡᠳᠡᠭᠡᠨ ᠤ ᠬᠡᠷᠡᠭ᠄ ᠲᠣᠮᠳᠠᠳᠣ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠣᠨ ᠬᠤᠭᠤᠯᠠᠨ ᠤ ᠵᠠᠷᠤᠳᠠᠯ ᠤᠨ | ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽ᠲᠣᠮᠳᠠᠳᠣ ᠪᠠᠭ᠎ᠠ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠪᠣᠯᠣᠨ ᠬᠤᠭᠤᠯᠠᠨ ᠤ ᠵᠠᠷᠤᠳᠠᠯ ᠤᠨ ᠬᠠᠮᠢᠶᠠᠷᠤᠯᠲᠠ ᠶᠢᠨ ᠠᠵᠢᠯ ᠤᠨ ᠵᠢᠯᠣᠭᠤᠳᠤᠯᠭ᠎ᠠ︾ ᠶᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ | ᠶᠢᠨ ᠬᠦᠷᠢᠶᠡᠨ ᠤ ᠬᠤᠭᠤᠯᠠᠨ ᠤ ᠵᠠᠩᠭᠢᠯᠠᠭ᠎ᠠ ᠶᠢᠨ ᠬᠦᠷᠢᠶ᠎ᠡ ᠵᠢᠴᠢ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠯᠠᠬᠤ ᠲᠡᠰ ᠳᠠᠷᠠᠭᠠᠯᠠᠯ | ᠪᠣᠯᠣᠨ ᠳᠦᠷᠢᠮᠵᠢᠯ ᠤᠨ ᠪᠠᠷᠢᠮᠵᠢᠶ᠎ᠠ ᠶᠢ ᠨᠠᠷᠢᠯᠢᠭᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠣᠨ ᠬᠤᠭᠤᠯᠠᠨ ᠤ ᠵᠠᠷᠤᠳᠠᠯ ᠤᠨ | ᠬᠠᠮᠢᠶᠠᠷᠤᠯᠲᠠ ᠶᠢ ᠳᠦᠷᠢᠮᠵᠢᠭᠦᠯᠬᠦ᠂ ᠨᠠᠷᠢᠯᠢᠭᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠶᠢ ᠤᠯᠠᠮ ᠲᠡᠭᠡᠭᠰᠢᠯᠡᠭᠦᠯᠭᠦ ᠶᠢ ᠵᠣᠷᠢᠪᠠ᠃ | ᠦᠨᠡᠯᠡᠯᠲᠡ᠄ ᠠᠮᠤ ᠪᠤᠳᠠᠭᠠᠨ ᠤ ᠠᠮᠤᠷ ᠲᠦᠪᠰᠢᠨ ᠳᠤ ᠪᠠᠭ᠎ᠠ ᠤᠴᠢᠷ ᠭᠡᠵᠦ ᠦᠭᠡᠢ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠳᠤ ᠲᠣᠭᠲᠠᠴᠠ | ᠶᠢ ᠲᠣᠳᠣᠷᠬᠠᠶᠢᠯᠠᠵᠤ᠂ ᠬᠠᠩᠭᠠᠯᠭ᠎ᠠ᠂ ᠬᠠᠮᠢᠶᠠᠷᠤᠯᠲᠠ᠂ ᠬᠢᠨᠠᠯᠲᠠ ᠵᠡᠷᠭᠡ ᠡᠯ᠎ᠡ ᠭᠤᠭᠴᠤᠭ᠎ᠠ ᠶᠢ ᠴᠢᠩᠭ᠎ᠠ ᠡᠵᠡᠮᠳᠡᠵᠦ᠂ ᠲᠤᠰᠬᠠᠢ ᠬᠥᠮᠥᠨ ᠬᠠᠷᠢᠭᠤᠴᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠲᠡᠰ ᠳᠠᠷᠠᠭᠠᠯᠠᠯ᠂ ᠲᠣᠭᠲᠠᠭᠠᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠢ | ᠡᠷᠡᠭᠦᠯ ᠴᠢᠭᠢᠷᠠᠭ ᠥᠰᠬᠡᠨ ᠬᠥᠮᠥᠵᠢᠭᠦᠯᠪᠡᠯ ᠵᠣᠬᠢᠨ᠎ᠠ᠃ | | |