ᠣᠳᠣᠬᠢᠴᠢᠯᠠᠯᠲᠠ ᠶᠢ ᠪᠡᠶᠡᠯᠡᠭᠦᠯᠬᠦ ᠪᠣᠯ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠵᠡᠭᠦᠳᠦ ᠮᠥᠨ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠠᠳ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠷᠭ᠎ᠠ ᠬᠡᠮᠵᠢᠶ᠎ᠡ ᠶᠢᠨ ᠵᠢᠯᠣᠭᠤᠳᠤᠯᠭ᠎ᠠ ᠬᠠᠩᠭᠠᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠲᠤᠰᠬᠠᠶᠢᠯᠠᠨ ᠰᠤᠳᠤᠯᠵᠤ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ | ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ᠄ ︽ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠵᠥᠪ ᠦᠵᠡᠯ ᠰᠠᠨᠠᠭ᠎ᠠ ᠪᠠ | ᠲᠦᠷᠦ ᠶᠢᠨ ᠪᠣᠳᠣᠯᠭ᠎ᠠ ᠪᠠᠶᠢᠬᠤ ᠬᠡᠷᠡᠭᠲᠡᠢ ᠪᠠᠷ ᠪᠠᠷᠠᠬᠤ ᠦᠭᠡᠢ ᠪᠠᠰᠠ ᠵᠥᠪ ᠣᠨᠣᠪᠴᠢᠲᠠᠢ ᠠᠵᠢᠯ ᠤᠨ ᠠᠷᠭ᠎ᠠ ᠪᠣᠳᠣᠯᠭ᠎ᠠ ᠪᠠ ᠠᠷᠭ᠎ᠠ ᠠᠪᠴᠠᠯ ᠪᠠᠶᠢᠬᠤ ᠬᠡᠷᠡᠭᠲᠡᠢ | ᠭᠡᠳᠡᠭ ᠢ ᠪᠢᠳᠡ ᠲᠠᠨᠢᠵᠤ ᠣᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠲᠡᠭᠡᠪᠡᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠶᠠᠮᠠᠷ ᠶᠠᠮᠠᠷ ᠰᠢᠨᠵᠢᠯᠡᠬᠦ ᠤᠬᠠᠭᠠᠨᠴᠢ ᠠᠵᠢᠯ ᠤᠨ ᠠᠷᠭ᠎ᠠ ᠪᠣᠳᠣᠯᠭ᠎ᠠ ᠪᠠ ᠠᠷᠭ᠎ᠠ ᠠᠪᠴᠠᠯ ᠢ | ᠪᠠᠷᠢᠮᠲᠠᠯᠠᠪᠠᠯ ᠵᠣᠬᠢᠬᠤ ᠪᠤᠢ︖ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠪᠠ ᠵᠣᠬᠢᠰᠲᠠᠢ ᠠᠷᠭ᠎ᠠ ᠠᠪᠴᠠᠯ | ᠠᠪᠬᠤ ᠬᠡᠷᠡᠭᠲᠡᠢ | ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠰᠢᠰᠲ᠋ᠧᠮᠲᠦ ᠢᠨᠵᠧᠨᠧᠷᠢᠩ ᠮᠥᠨ᠂ | ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ ᠲᠥᠯᠥᠪᠵᠢᠭᠦᠯᠦᠨ᠂ ᠪᠦᠬᠦᠯᠢ ᠴᠣᠭᠴᠠ ᠪᠠᠷ ᠠᠬᠢᠭᠤᠯᠵᠤ᠂ ᠠᠯᠢ ᠤᠯᠠᠨ ᠴᠢᠬᠤᠯᠠ | ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠨᠢᠭᠡᠨ ᠮᠤᠨᠳᠠᠭ ᠶᠡᠭᠡ ᠰᠢᠰᠲ᠋ᠧᠮᠲᠦ ᠢᠨᠵᠧᠨᠧᠷᠢᠩ ᠮᠥᠨ᠃ ᠡᠷᠡᠰ ᠪᠠᠲᠤ ᠵᠣᠷᠢᠭ᠂ ᠵᠥᠪ ᠴᠢᠭᠯᠡᠯ | ᠪᠠᠶᠢᠬᠤ ᠬᠡᠷᠡᠭᠲᠡᠢ ᠮᠥᠷᠲᠡᠭᠡᠨ ᠪᠠᠰᠠ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ᠂ ᠵᠣᠬᠢᠰᠲᠠᠢ ᠠᠷᠭ᠎ᠠ ᠠᠪᠴᠠᠯ ᠪᠠᠶᠢᠬᠤ ᠬᠡᠷᠡᠭᠲᠡᠢ᠃ ᠡᠯ᠎ᠡ ᠵᠦᠢᠯ ᠤᠨ ᠪᠣᠳᠠᠲᠠᠢ | ᠠᠷᠭ᠎ᠠ ᠮᠠᠶ᠋ᠢᠭ ᠠᠷᠭ᠎ᠠ ᠠᠪᠴᠠᠯ ᠢ ᠪᠣᠯᠪᠠᠰᠤᠷᠠᠭᠤᠯᠤᠨ ᠨᠡᠶᠢᠳᠬᠡᠵᠦ᠂ ᠦᠵᠡᠯ ᠰᠠᠨᠠᠭ᠎ᠠ ᠤᠨᠤᠯ ᠤᠨ ᠳᠡᠭᠡᠳᠦ ᠬᠡᠮᠵᠢᠶᠡᠨ ᠳᠤ ᠬᠦᠷᠭᠡᠪᠡᠯ ᠰᠢᠰᠲ᠋ᠧᠮ ᠲᠠᠢ | ᠥᠭᠡᠷᠡᠴᠢᠯᠡᠯᠲᠡ ᠶᠢᠨ ᠠᠷᠭ᠎ᠠ ᠶᠢᠨ ᠤᠨᠤᠯ ᠪᠤᠯᠳᠠᠭ᠃ | ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠠᠪᠴᠠᠯ ᠢᠶᠠᠷ ᠥᠭᠡᠷᠡᠴᠢᠯᠡᠯᠲᠡ ᠶᠢᠨ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠶᠢ ᠠᠬᠢᠭᠤᠯᠬᠤ ᠶᠢ | ᠪᠠᠷᠢᠮᠲᠠᠯᠠᠨ᠎ᠠ᠃ ᠦᠨᠡᠨ ᠠᠴᠠ ᠵᠥᠪ ᠢ ᠡᠷᠢᠬᠦ᠂ ᠦᠵᠡᠯ ᠰᠠᠨᠠᠭ᠎ᠠ ᠪᠠᠨ ᠴᠢᠯᠦᠭᠡᠯᠡᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠭᠢᠮᠯᠡᠭᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠯ᠎ᠡ ᠵᠦᠢᠯ ᠤᠨ | ᠬᠡᠪᠰᠢᠮᠡᠯ ᠬᠤᠴᠤᠷᠤᠩᠭᠤᠢ ᠦᠵᠡᠯᠲᠡ ᠶᠢ ᠲᠠᠶᠠᠭᠳᠠᠵᠤ᠂ ᠡᠯ᠎ᠡ ᠵᠦᠢᠯ ᠤᠨ ᠥᠭᠡᠷᠡᠴᠢᠯᠡᠯᠲᠡ ᠨᠡᠭᠡᠭᠡᠯᠲᠡ ᠶᠢ ᠦᠭᠡᠶᠢᠰᠭᠡᠭᠦ ᠪᠠ ᠡᠰᠡᠷᠭᠦᠴᠡᠬᠦ ᠪᠤᠷᠤᠭᠤ ᠬᠡᠯᠪᠡᠷᠢᠯ ᠢ | ᠡᠷᠡᠰ ᠡᠰᠡᠷᠭᠦᠴᠡᠨ᠎ᠡ; ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠯ ᠤᠨ ᠠᠵᠢᠯᠯᠠᠭᠠᠨ ᠤ ᠳᠤᠮᠳᠠᠬᠢ ᠲᠦᠭᠵᠢᠷᠡᠯ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠪᠣᠳᠠᠲᠤ ᠶᠠᠪᠤᠳᠠᠯ ᠢ ᠢᠯᠡᠭᠦᠬᠡᠨ ᠭᠢᠨ᠎ᠡ; | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠵᠥᠪ ᠣᠨᠣᠪᠴᠢᠲᠠᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ᠂ ᠡᠶ᠎ᠡ | ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠡᠢ᠂ ᠬᠠᠮᠲᠤ ᠪᠠᠷ ᠡᠳ᠋ᠯᠡᠬᠦ ᠱᠠᠭᠠᠷᠳᠠᠯᠭ᠎ᠠ ᠶᠣᠰᠣᠭᠠᠷ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠪᠠᠷ ᠬᠦᠴᠦᠯᠡᠨ ᠴᠢᠷᠮᠠᠶᠢᠵᠤ᠂ ᠦᠢᠯᠡᠳᠪᠦᠷᠢᠯᠡᠯ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠬᠢᠷᠠᠭᠤᠯᠤᠨ ᠲᠡᠭᠦᠯᠳᠡᠷᠵᠢᠭᠦᠯᠦᠨ᠎ᠡ; ᠬᠤᠪᠢᠰᠤᠩᠭᠤᠢ | ᠰᠡᠳᠬᠢᠬᠦᠢ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠥᠭᠡᠷᠡᠴᠢᠯᠡᠯᠲᠡ ᠨᠡᠭᠡᠭᠡᠯᠲᠡ ᠶᠢ ᠬᠥᠲᠥᠯᠥᠨ ᠵᠢᠯᠤᠭᠤᠳᠴᠤ ᠪᠠᠶᠢᠭᠠᠳ ᠯᠠᠪᠳᠠᠭᠤᠨ ᠪᠥᠭᠡᠳ ᠡᠮᠬᠢ | ᠵᠢᠷᠤᠮ ᠲᠠᠢ ᠪᠠᠷ ᠭᠦᠨᠵᠡᠭᠡᠢ ᠭᠦᠭᠵᠢᠭᠦᠯᠦᠨ᠎ᠡ; ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢ ᠪᠠᠷᠢᠮᠲᠠᠯᠠᠵᠤ᠂ ᠬᠠᠤᠯᠢᠵᠢᠯ ᠤᠨ ᠬᠥᠲᠥᠯᠥᠨ | ᠳᠠᠭᠠᠭᠤᠯᠬᠤ ᠪᠠ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠥᠭᠡᠷᠡᠴᠢᠯᠡᠯᠲᠡ ᠳᠤ ᠬᠠᠤᠯᠢ ᠶᠢᠨ ᠦᠨᠳᠦᠰᠦᠯᠡᠯ ᠲᠠᠢ ᠪᠠᠶᠢᠵᠤ᠂ ᠲᠤᠷᠰᠢᠯᠲᠠ ᠬᠢᠵᠦ | ᠰᠢᠨ᠎ᠡ ᠶᠢ ᠡᠭᠦᠳᠬᠦ ᠳᠤ ᠬᠠᠤᠯᠢ ᠴᠠᠭᠠᠵᠠ ᠪᠠᠷ ᠡᠷᠬᠡ ᠣᠯᠭᠤᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠬᠠᠤᠯᠢ ᠴᠠᠭᠠᠵᠠ ᠪᠠᠷ ᠲᠣᠭᠲᠠᠪᠤᠷᠢᠵᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢ ᠬᠠᠤᠯᠢᠵᠢᠯ ᠤᠨ ᠵᠠᠮ ᠢᠶᠠᠷ ᠭᠦᠨᠵᠡᠭᠡᠶᠢᠷᠡᠭᠦᠯᠦᠨ ᠠᠬᠢᠭᠤᠯᠬᠤ ᠶᠢ ᠦᠨᠡᠨ ᠬᠦ ᠪᠠᠲᠤᠯᠠᠨ᠎ᠠ᠃ | ᠪᠦᠭᠦ ᠲᠠᠯ᠎ᠠ ᠪᠠ ᠪᠦᠬᠦᠯᠢ ᠴᠣᠭᠴᠠ ᠠᠴᠠ ᠪᠣᠳᠣᠯᠬᠢᠯᠠᠵᠤ᠂ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠲᠥᠯᠥᠪᠵᠢᠭᠦᠯᠦᠨ᠎ᠡ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠢᠯᠡᠳᠦᠯᠭᠡ ᠪᠠᠷ ᠭᠡᠷᠡᠴᠢᠯᠡᠭᠳᠡᠭᠰᠡᠨ ᠵᠥᠪ ᠣᠨᠣᠪᠴᠢᠲᠠᠢ ᠦᠨᠳᠦᠰᠦᠨ ᠵᠠᠮ᠂ ᠦᠨᠳᠦᠰᠦᠨ ᠱᠤᠭᠤᠮ᠂ | ᠦᠨᠳᠦᠰᠦᠨ ᠳᠦᠷᠢᠮ᠂ ᠦᠨᠳᠦᠰᠦᠨ ᠲᠦᠷᠦ ᠶᠢᠨ ᠪᠣᠳᠣᠯᠭ᠎ᠠ ᠶᠢ ᠥᠭᠡᠷᠡᠴᠢᠯᠡᠵᠦ ᠪᠤᠯᠬᠤ ᠦᠭᠡᠢ᠂ ᠡᠭᠦᠨ ᠤ ᠬᠠᠮᠲᠤ ᠪᠠᠶᠢᠭᠤᠯᠤᠯ ᠲᠣᠭᠲᠠᠴᠠ ᠶᠢᠨ ᠲᠠᠯ᠎ᠠ ᠶᠢᠨ ᠭᠡᠮ | ᠰᠣᠭᠤᠭ ᠲᠤ ᠵᠣᠷᠢᠭᠲᠠᠢ ᠬᠠᠨᠳᠤᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠥᠭᠡᠷᠡᠴᠢᠯᠡᠬᠦ ᠶᠣᠰᠣᠲᠠᠢ ᠶᠢ ᠨᠢ ᠡᠷᠡᠰ | ᠥᠭᠡᠷᠡᠴᠢᠯᠡᠵᠦ᠂ ᠥᠭᠡᠷᠡᠴᠢᠯᠡᠵᠦ ᠪᠤᠯᠬᠤ ᠶᠢ ᠨᠢ ᠰᠠᠶᠢᠲᠤᠷ ᠥᠭᠡᠷᠡᠴᠢᠯᠡᠵᠦ᠂ ᠶᠠᠮᠠᠷ ᠬᠡᠮᠵᠢᠶᠡᠨ ᠳᠤ ᠭᠦᠷᠲᠡᠯ᠎ᠡ ᠥᠭᠡᠷᠡᠴᠢᠯᠡᠬᠦ ᠴᠢᠬᠤᠯᠠᠲᠠᠢ ᠪᠣᠯ ᠲᠡᠷᠡ ᠬᠡᠮᠵᠢᠶᠡᠨ ᠳᠤ | ᠭᠦᠷᠳᠡᠯ᠎ᠡ ᠥᠭᠡᠷᠡᠴᠢᠯᠡᠬᠦ ᠪᠠᠷ ᠴᠢᠷᠮᠠᠶᠢᠬᠤ ᠭᠡᠷᠡᠭᠳᠡᠢ; ᠪᠦᠭᠦ ᠲᠠᠯ᠎ᠠ ᠶᠢᠨ ᠦᠵᠡᠯᠲᠡ ᠪᠠ ᠪᠦᠬᠦᠯᠢ ᠴᠣᠭᠴᠠ ᠪᠠᠷ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ | ᠰᠢᠰᠲ᠋ᠧᠮ ᠤᠨ ᠲᠥᠪᠯᠡᠷᠡᠯ ᠢ ᠨᠡᠩ ᠴᠢᠬᠤᠯᠠᠴᠢᠯᠠᠵᠤ᠂ ᠦᠵᠦ ᠲᠥᠯᠥᠪᠯᠡᠭᠡ ᠶᠢ ᠨᠡᠩ ᠴᠢᠬᠤᠯᠠᠴᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠵᠣᠬᠢᠴᠠᠭᠤᠯᠤᠨ ᠲᠥᠭᠦᠷᠵᠢᠭᠦᠯᠭᠦ ᠶᠢ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠬᠠᠮᠲᠤᠷᠠᠯ | ᠬᠦᠴᠦᠨ ᠢ ᠨᠢᠭᠲᠠᠷᠠᠭᠤᠯᠬᠤ ᠶᠢ ᠠᠬᠢᠭᠤᠯᠵᠤ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠬᠦ᠂ ᠬᠠᠷᠢᠯᠴᠠᠨ ᠬᠠᠷᠰᠢᠯᠠᠬᠤ ᠦᠵᠡᠭᠳᠡᠯ ᠢ ᠰᠡᠷᠭᠡᠶᠢᠯᠡᠨ ᠲᠡᠪᠴᠢᠬᠦ | ᠭᠡᠷᠡᠭᠲᠡᠢ; ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠳᠤ | ᠴᠢᠭᠯᠡᠭᠦᠯᠦᠨ ᠬᠢᠵᠦ᠂ ᠠᠰᠠᠭᠤᠳᠠᠯ ᠳᠤ ᠴᠢᠭᠯᠡᠭᠦᠯᠦᠨ ᠬᠠᠯᠠᠨ ᠰᠠᠶᠢᠵᠢᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ | ᠬᠠᠷᠰᠢᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠠ ᠪᠠᠶᠢᠭᠤᠯᠤᠯ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠭᠦᠨ ᠳᠠᠪᠬᠤᠷᠭ᠎ᠠ ᠶᠢᠨ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠪᠠ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠢ ᠲᠠᠰᠤᠷᠠᠯᠳᠠ ᠦᠭᠡᠢ ᠨᠡᠮᠡᠷᠢᠯᠡᠬᠦ ᠭᠡᠷᠡᠭᠳᠡᠢ; ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠪᠠᠷ ᠬᠥᠲᠥᠯᠥᠮᠵᠢ ᠪᠤᠯᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠪᠤᠶᠠᠨ ᠢ | ᠨᠡᠮᠡᠭᠳᠡᠭᠦᠯᠬᠦ ᠪᠠᠷ ᠡᠭᠦᠰᠦᠯᠲᠡ ᠪᠠ ᠦᠷ᠎ᠡ ᠳ᠋ᠦᠩ ᠪᠤᠯᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠭᠤᠣᠯ ᠳᠡᠳ᠋ ᠤᠨ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠪᠦᠬᠦᠯᠢ ᠴᠣᠭᠴᠠ ᠪᠠᠷ ᠨᠢ ᠠᠬᠢᠭᠤᠯᠬᠤ ᠮᠥᠷᠲᠡᠭᠡᠨ ᠪᠠᠰᠠ ᠭᠤᠣᠯᠳᠠᠯᠭ᠎ᠠ ᠲᠠᠢ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ | ᠠᠵᠢᠯᠯᠠᠭᠠᠨ ᠤ ᠴᠢᠳᠠᠪᠤᠷᠢ ᠪᠣᠯᠣᠨ ᠬᠡᠷᠡᠭᠵᠢᠭᠦᠯᠬᠦ ᠴᠢᠳᠠᠪᠤᠷᠢ ᠪᠠᠨ ᠲᠡᠭᠡᠭᠰᠢᠯᠡᠭᠦᠯᠵᠦ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠭᠳᠡᠬᠦ ᠶᠢ ᠪᠠᠲᠤᠯᠠᠨ᠎ᠠ᠃ ᠲᠥᠯᠥᠪᠵᠢᠭᠦᠯᠬᠦ ᠪᠠ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ | ᠶᠢᠨ ᠲᠥᠰᠥᠯ ᠪᠣᠯᠣᠨ ᠠᠷᠭ᠎ᠠ ᠪᠣᠳᠣᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠭᠡᠷᠡᠭᠳᠡᠢ; ᠥᠭᠡᠷᠡᠴᠢᠯᠡᠯᠲᠡ ᠶᠢᠨ ᠠᠰᠠᠭᠤᠳᠠᠯ ᠤᠨ ᠲᠤᠬᠠᠢ | ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ ᠪᠣᠯᠣᠨ ᠬᠦᠷᠢᠶ᠎ᠡ ᠶᠢ ᠠᠩᠬᠠᠷᠴᠤ᠂ ᠦᠨᠳᠦᠰᠦᠨ ᠱᠠᠲᠤᠨ ᠳᠤ | ᠭᠦᠨᠵᠡᠭᠡᠶᠢᠷᠡᠨ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠣᠶᠢᠯᠠᠭᠠᠵᠤ᠂ ᠪᠣᠳᠠᠲᠠᠢ ᠠᠴᠠ ᠡᠭᠦᠰᠦᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠲᠣᠭᠲᠠᠭᠠᠬᠤ ᠭᠡᠷᠡᠭᠳᠡᠢ; ᠲᠤᠷᠰᠢᠯᠲᠠ ᠶᠢᠨ ᠴᠡᠭ ᠢ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠵᠤ᠂ ᠲᠤᠷᠰᠢᠯᠲᠠ ᠶᠢᠨ ᠴᠡᠭ ᠤᠨ ᠰᠢᠯᠭᠠᠨ | ᠪᠠᠶᠢᠴᠠᠭᠠᠬᠤ ᠥᠭᠡᠷᠡᠴᠢᠯᠡᠯᠲᠡ ᠶᠢᠨ ᠲᠥᠰᠥᠯ ᠢᠶᠠᠷ ᠳᠠᠮᠵᠢᠭᠤᠯᠤᠨ᠂ ᠠᠩᠬᠠᠨ ᠤ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠵᠦ᠂ ᠠᠵᠢᠯᠯᠠᠭᠤᠯᠬᠤ ᠲᠠᠰ ᠳᠠᠷᠠᠭᠠᠯᠠᠯ ᠢ | ᠲᠣᠳᠣᠷᠬᠠᠶᠢᠯᠠᠨ᠂ ᠪᠣᠳᠠᠲᠠᠢ ᠲᠤᠷᠰᠢᠯᠭ᠎ᠠ ᠣᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠥᠭᠡᠷᠡᠴᠢᠯᠡᠯᠲᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ | ᠭᠡᠷᠡᠭᠳᠡᠢ; ᠦᠵᠦ ᠲᠥᠯᠥᠪᠯᠡᠭᠡ ᠶᠢ ᠪᠣᠳᠠᠲᠠᠢ ᠲᠥᠰᠥᠯ ᠪᠣᠯᠭᠠᠨ ᠬᠤᠪᠢᠷᠠᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠵᠤ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ᠂ ᠪᠠᠰᠠ ᠯᠠᠪᠳᠠᠭᠤᠨ ᠪᠠᠲᠤᠲᠠᠢ᠂ ᠤᠷᠢᠳ ᠢᠶᠠᠷ ᠬᠢᠬᠦ ᠲᠡᠰ ᠳᠠᠷᠠᠭᠠᠯᠠᠯ ᠢ | ᠲᠣᠳᠣᠷᠬᠠᠶᠢᠯᠠᠵᠤ᠂ ᠴᠠᠭ ᠬᠡᠮᠵᠢᠶ᠎ᠡ ᠦᠷ᠎ᠡ ᠪᠦᠲᠦᠮᠵᠢ ᠶᠢ ᠡᠵᠡᠮᠳᠡᠵᠦ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠭᠡᠷᠡᠭᠲᠡᠢ; ᠦᠨᠳᠦᠰᠦᠨ | ᠱᠠᠲᠤ ᠪᠠ ᠣᠯᠠᠨ ᠲᠦᠮᠡᠨ ᠤ ᠢᠳᠡᠪᠬᠢᠵᠢᠯ ᠢ ᠪᠠᠳᠠᠷᠠᠭᠤᠯᠤᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ | ᠬᠥᠭᠵᠢᠭᠡᠵᠦ᠂ ᠡᠯ᠎ᠡ ᠲᠠᠯ᠎ᠠ ᠶᠢᠨ ᠬᠢᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠢᠳᠡᠪᠬᠢᠵᠢᠯ ᠢ ᠳᠠᠶᠢᠴᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠥᠭᠡᠷᠡᠴᠢᠯᠡᠯᠲᠡ ᠶᠢᠨ ᠨᠡᠶᠢᠲᠡᠯᠢᠭ ᠲᠤᠷᠰᠢᠯᠭ᠎ᠠ ᠶᠢ ᠰᠣᠯᠢᠯᠴᠠᠨ ᠳᠡᠯᠭᠡᠷᠡᠭᠦᠯᠬᠦ ᠶᠢ ᠴᠢᠩᠭᠠᠷᠠᠭᠤᠯᠤᠨ᠂ | ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠵᠤ᠂ ᠬᠠᠶᠢᠨ ᠰᠦᠪᠡᠭᠴᠢᠯᠡᠬᠦ ᠶᠢ ᠵᠣᠷᠢᠭᠵᠢᠭᠤᠯᠬᠤ ᠭᠡᠷᠡᠭᠳᠡᠢ; ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ | ᠴᠢᠩᠭᠠᠳᠬᠠᠵᠤ᠂ ᠡᠯ᠎ᠡ ᠲᠠᠯ᠎ᠠ ᠶᠢᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠦᠯᠵᠢᠶᠡᠨ ᠤ ᠪᠣᠯᠪᠠᠰᠤᠨ ᠤ | ᠲᠦᠪᠰᠢᠨ ᠢ ᠳᠡᠭᠡᠭᠰᠢᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠪᠠ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠤᠢ ᠪᠤᠯᠭᠠᠵᠤ ᠥᠭᠬᠦ ᠭᠡᠷᠡᠭᠳᠡᠢ; ᠥᠭᠡᠷᠡᠴᠢᠯᠡᠯᠲᠡ ᠶᠢᠨ ᠠᠬᠢᠴᠠ ᠶᠢ ᠨᠢᠭᠲᠠ ᠠᠩᠬᠠᠷᠴᠤ᠂ ᠥᠭᠡᠷᠡᠴᠢᠯᠡᠯᠲᠡ ᠶᠢᠨ ᠬᠥᠳᠡᠯᠦᠯ ᠪᠠᠶᠢᠳᠠᠯ ᠢ ᠪᠦᠭᠦ | ᠲᠠᠯ᠎ᠠ ᠪᠠᠷ ᠡᠵᠡᠮᠰᠢᠨ᠂ ᠨᠡᠶᠢᠭᠡᠮ ᠤᠨ ᠲᠤᠰᠬᠠᠯ ᠢ ᠴᠠᠭ ᠲᠤᠬᠠᠢ ᠳᠤᠨᠢ ᠣᠶᠢᠯᠠᠭᠠᠵᠤ᠂ ᠠᠷᠠᠳ ᠣᠯᠠᠨ ᠤ ᠰᠠᠨᠠᠯ ᠢ ᠬᠢᠨᠠᠮᠠᠭᠠᠢ ᠰᠣᠨᠣᠰᠴᠤ᠂ ᠠᠷᠠᠳ ᠣᠯᠠᠨ ᠤ ᠬᠦᠰᠡᠨ | ᠬᠦᠯᠢᠶᠡᠵᠦ ᠪᠠᠶᠢᠭ᠎ᠠ ᠰᠠᠶᠢᠨ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠴᠠᠯᠢᠭ ᠵᠢᠴᠢ ᠳᠠᠪᠠᠭᠤᠯᠢᠭ ᠴᠢᠨᠠᠷ ᠨᠢ ᠳᠤᠮᠳᠠᠳᠤ ᠤᠯᠤᠰ ᠤᠨ ᠲᠥᠯᠦᠪᠵᠢᠭᠦᠯᠭᠡ ᠳᠡᠭᠡᠷ᠎ᠡ | ᠨᠡᠯᠢᠶᠡᠳ ᠶᠡᠭᠡ ᠬᠡᠮᠵᠢᠶᠡᠨ ᠳᠤ ᠢᠯᠡᠷᠡᠵᠦ ᠪᠠᠶᠢᠳᠠᠭ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠣᠯ ︽ᠲᠠᠪᠤᠨ ᠵᠢᠯ ᠤᠨ ᠲᠥᠯᠦᠪᠵᠢᠭᠦᠯᠭᠡ ︵ᠲᠥᠯᠥᠪᠯᠡᠭᠡ︶︾ ᠪᠠᠷ ᠭᠤᠣᠯ ᠪᠤᠯᠭᠠᠬᠰᠠᠨ | ᠪᠦᠭᠦ᠋ᠢᠯᠡ ᠲᠥᠯᠦᠪᠵᠢᠭᠦᠯᠭᠡ ᠶᠢᠨ ᠰᠢᠰᠲ᠋ᠧᠮ ᠢᠶᠠᠷ ᠳᠠᠮᠵᠢᠭᠤᠯᠤᠨ ᠨᠠᠶᠢᠳᠠᠪᠤᠷᠢᠵᠢᠭᠤᠯᠤᠨ ᠠᠬᠢᠭᠤᠯᠤᠭᠰᠠᠨ ᠶᠤᠮ᠂ ᠪᠢ ᠲᠡᠭᠦᠨ ᠢ ︽ᠳᠤᠮᠳᠠᠳᠤ ᠤᠯᠤᠰ ᠤᠨ | ᠲᠥᠯᠦᠪᠵᠢᠭᠦᠯᠭᠡ︾ ᠭᠡᠳᠡᠭ᠃ ᠳᠤᠮᠳᠠᠳᠤ ᠤᠯᠤᠰ ᠤᠨ ᠲᠥᠯᠦᠪᠵᠢᠭᠦᠯᠭᠡ ᠪᠣᠯ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ | ᠲᠥᠯᠥᠪᠯᠡᠨ ᠪᠠᠶᠢᠷᠢᠯᠠᠭᠤᠯᠬᠤ ᠦᠨᠳᠦᠰᠦᠨ ᠠᠷᠭ᠎ᠠ ᠪᠠᠷᠢᠯ ᠮᠥᠨ᠂ ᠲᠡᠭᠦᠨ ᠤ ᠡᠭᠦᠷᠭᠡ ᠪᠠ ᠠᠭᠤᠯᠭ᠎ᠠ ᠨᠢ ᠭᠤᠣᠯᠳᠠᠭᠤ ᠲᠠᠪᠤᠨ ᠵᠢᠯ ᠪᠠ ᠨᠡᠩ ᠤᠷᠳᠤ | ᠬᠤᠭᠤᠴᠠᠭᠠᠨ ᠳᠠᠬᠢ ᠪᠦᠭᠦ ᠤᠯᠤᠰ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ᠂ ᠦᠢᠯᠡᠳᠪᠦᠷᠢᠯᠡᠯ ᠤᠨ ᠬᠦᠴᠦᠨ ᠤ ᠲᠠᠷᠬᠠᠯᠲᠠ᠂ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠬᠠᠷᠢᠴᠠᠯ ᠬᠠᠷᠢᠴᠠᠭ᠎ᠠ ᠵᠡᠷᠭᠡ ᠳᠤ ᠲᠥᠯᠦᠪᠵᠢᠭᠦᠯᠭᠡ ᠬᠢᠵᠦ᠂ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠷᠠᠯᠲᠠ᠂ ᠴᠢᠭᠯᠡᠯ ᠪᠠ ᠡᠭᠦᠷᠭᠡ ᠶᠢ ᠲᠣᠭᠲᠠᠭᠠᠭᠰᠠᠨ ᠪᠠᠶᠢᠨ᠎ᠠ᠃ ᠪᠤᠢ ᠪᠦᠬᠦᠢ ᠲᠠᠪᠤᠨ ᠵᠢᠯ ᠤᠨ ᠲᠥᠯᠦᠪᠵᠢᠭᠦᠯᠭᠡ | ︵ᠲᠥᠯᠥᠪᠯᠡᠭᠡ︶ ᠶᠢ ᠴᠥᠮ ᠣᠳᠣᠬᠢᠴᠢᠯᠠᠯᠲᠠ ᠶᠢᠨ ᠬᠠᠷᠠᠯᠲᠠ ᠶᠢ ᠪᠡᠶᠡᠯᠡᠭᠦᠯᠬᠦ ᠲᠠᠯ᠎ᠠ ᠠᠴᠠ ᠪᠣᠳᠣᠯᠬᠢᠯᠠᠵᠤ ᠲᠣᠭᠲᠠᠭᠠᠭᠰᠠᠨ ᠶᠤᠮ᠂ ᠮᠥᠨ ᠴᠦ ᠣᠳᠣᠬᠢᠴᠢᠯᠠᠯᠲᠠ ᠶᠢᠨ | ᠬᠠᠷᠠᠯᠲᠠ ᠵᠦᠭ ᠠᠯᠬᠤᠮ ᠠᠯᠬᠤᠮ ᠢᠶᠠᠷ ᠤᠷᠤᠭᠰᠢᠯᠠᠭᠰᠠᠨ ᠶᠤᠮ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠴᠠᠯᠢᠭ ᠵᠢᠴᠢ ᠳᠠᠪᠠᠭᠤᠯᠢᠭ ᠴᠢᠨᠠᠷ ᠨᠢ ᠳᠤᠮᠳᠠᠳᠤ ᠤᠯᠤᠰ ᠤᠨ ᠲᠥᠯᠦᠪᠵᠢᠭᠦᠯᠭᠡ ᠳᠡᠭᠡᠷ᠎ᠡ | ᠨᠡᠯᠢᠶᠡᠳ ᠶᠡᠭᠡ ᠬᠡᠮᠵᠢᠶᠡᠨ ᠳᠤ ᠢᠯᠡᠷᠡᠵᠦ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠲᠠᠪᠤᠨ ᠵᠢᠯ ᠤᠨ | ᠲᠥᠯᠦᠪᠵᠢᠭᠦᠯᠭᠡ ᠪᠠ ᠪᠤᠰᠤᠳ ᠡᠯ᠎ᠡ ᠵᠦᠢᠯ ᠤᠨ ᠲᠥᠯᠦᠪᠵᠢᠭᠦᠯᠭᠡ ᠶᠢ ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ | ᠲᠥᠯᠦᠪᠵᠢᠭᠦᠯᠭᠡ ᠪᠣᠯ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠠᠬᠢᠭᠤᠯᠬᠤ ᠥᠪᠡᠷᠮᠢᠴᠡ ᠠᠷᠭ᠎ᠠ ᠭᠡᠯᠪᠡᠷᠢ ᠮᠥᠨ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠵᠢᠴᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠤᠶᠤᠨ ᠤᠬᠠᠭᠠᠨ ᠢ | ᠪᠢᠯᠬᠠᠮ᠎ᠠ ᠢᠯᠡᠷᠡᠭᠦᠯᠵᠦ ᠪᠤᠢ᠂ ᠭᠤᠣᠯᠳᠠᠭᠤ ᠶᠢᠰᠦᠨ ᠲᠠᠯ᠎ᠠ ᠪᠠᠷ ᠢᠯᠡᠷᠡᠵᠦ ᠪᠤᠢ᠄ ᠨᠢᠭᠡ ᠳᠤ᠂ ᠪᠦᠷᠢᠨ ᠲᠥᠬᠦᠷ ᠲᠡᠰ ᠳᠠᠷᠠᠭᠠᠯᠠᠯ ᠢ ᠪᠦᠷᠢᠯᠳᠦᠭᠦᠯᠵᠡᠢ᠂ ᠲᠠᠪᠤᠨ ᠵᠢᠯ ᠤᠨ | ᠲᠥᠯᠦᠪᠵᠢᠭᠦᠯᠭᠡ ︵ᠲᠥᠯᠥᠪᠯᠡᠭᠡ︶ ᠶᠢ ᠨᠠᠶᠢᠷᠠᠭᠤᠯᠤᠨ ᠵᠣᠬᠢᠶᠠᠬᠤ ᠳᠤ ᠨᠠᠭᠠᠲᠤ ᠵᠠᠬ᠎ᠠ ᠳᠠᠭᠠᠨ ᠲᠦᠷᠪᠡᠨ ᠱᠠᠲᠤ᠂ ᠠᠷᠪᠠᠨ ᠬᠤᠶᠠᠷ ᠭᠤᠭᠴᠤᠭ᠎ᠠ ᠶᠢ ᠥᠩᠭᠡᠷᠡᠭᠡᠬᠦ | ᠬᠡᠷᠡᠭᠲᠡᠢ᠂ ᠶᠡᠷᠦᠩᠬᠡᠢ ᠳᠡᠭᠡᠨ ᠬᠤᠶᠠᠷ ᠵᠢᠯ ᠬᠠᠭᠠᠰ ᠤᠨ ᠴᠠᠭ ᠬᠡᠷᠡᠭᠰᠡᠵᠦ᠂ ᠵᠠᠷᠢᠮ ᠨᠢ ᠨᠡᠩ ᠤᠷᠳᠤ ᠬᠤᠭᠤᠴᠠᠭ᠎ᠠ ᠭᠡᠷᠡᠭᠰᠡᠨ᠎ᠡ; ᠬᠤᠶᠠᠷ ᠲᠤ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠪᠦᠭᠦ ᠲᠥᠯᠦᠪᠵᠢᠭᠦᠯᠭᠡ ᠶᠢ ᠴᠥᠮ ᠨᠠᠮ ᠤᠨ ᠤᠳᠤᠷᠢᠳᠤᠯᠭ᠎ᠠ ᠳᠣᠣᠷ᠎ᠠ ᠲᠣᠭᠲᠠᠭᠠᠭᠰᠠᠨ ᠶᠤᠮ᠂ ᠬᠡᠳᠦᠢ | ᠪᠠᠭ᠎ᠠ ᠲᠥᠯᠦᠪᠵᠢᠭᠦᠯᠭᠡ ᠶᠢ ᠴᠦ ᠭᠡᠰᠡᠨ ᠨᠠᠮ ᠤᠨ ᠬᠤᠷᠢᠶ᠎ᠠ ᠬᠤᠷᠠᠯ ᠬᠢᠵᠦ ᠶᠠᠷᠢᠯᠴᠠᠵᠤ ᠪᠠᠲᠤᠯᠠᠬᠤ ᠭᠡᠷᠡᠭᠲᠡᠢ; ᠭᠤᠷᠪᠠ ᠳᠤ᠂ ᠥᠭᠡᠷᠡᠴᠢᠯᠡᠯᠲᠡ ᠨᠡᠭᠡᠭᠡᠯᠲᠡ | ᠬᠢᠬᠦ ᠶᠢ ᠪᠠᠷᠢᠮᠲᠠᠯᠠᠨ᠎ᠠ; ᠳᠥᠷᠪᠡ ᠳᠤ᠂ ᠶᠡᠭᠡ ᠲᠠᠯ᠎ᠠ ᠶᠡᠭᠡ ᠪᠠᠶᠢᠳᠠᠯ ᠢ ᠶᠡᠷᠦᠩᠬᠡᠶᠢᠯᠡᠨ ᠡᠵᠡᠮᠳᠡᠵᠦ᠂ ᠲᠥᠯᠦᠪᠵᠢᠭᠦᠯᠭᠡ ︵ᠲᠥᠯᠥᠪᠯᠡᠭᠡ︶ ᠶᠢ ᠲᠣᠭᠲᠠᠭᠠᠬᠤ ᠳᠠᠭᠠᠨ | ᠴᠥᠮ ᠵᠣᠬᠢᠬᠤ ᠪᠠᠶᠢᠯᠳᠤᠬᠤ ᠪᠣᠳᠣᠯᠭ᠎ᠠ ᠶᠢᠨ ᠣᠷᠴᠢᠨ ᠨᠥᠬᠦᠴᠡᠯ ᠤᠨ ᠳᠤᠮᠳᠠ ᠲᠣᠭᠲᠠᠭᠠᠭᠰᠠᠨ ᠶᠤᠮ; ᠲᠠᠪᠤ ᠳᠤ᠂ ᠤᠯᠤᠰ ᠤᠨ ᠪᠣᠳᠠᠲᠤ ᠪᠠᠶᠢᠳᠠᠯ ᠳᠤ | ᠰᠠᠭᠤᠷᠢᠯᠠᠨ᠂ ᠪᠤᠢ ᠪᠦᠬᠦᠢ ᠲᠠᠪᠤᠨ ᠵᠢᠯ ᠤᠨ ᠲᠥᠯᠦᠪᠵᠢᠭᠦᠯᠭᠡ (ᠲᠥᠯᠥᠪᠯᠡᠭᠡ) ᠶᠢ ᠴᠥᠮ ᠮᠠᠨ ᠤ ᠤᠯᠤᠰ ᠶᠠᠭ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ | ᠣᠷᠣᠰᠢᠵᠤ ᠪᠠᠶᠢᠭ᠎ᠠ ᠪᠥᠭᠡᠳ ᠤᠷᠳᠤ ᠬᠤᠭᠤᠴᠠᠭ᠎ᠠ ᠪᠠᠷ ᠣᠷᠣᠰᠢᠬᠤ ᠪᠣᠯᠣᠨ᠎ᠠ ᠭᠡᠳᠡᠭ ᠢᠶᠠᠷ ᠰᠠᠭᠤᠷᠢ ᠪᠣᠯᠭᠠᠨ ᠠᠬᠢᠭᠤᠯᠤᠭᠰᠠᠨ ᠶᠤᠮ; ᠵᠢᠷᠭᠤᠭ᠎ᠠ ᠳᠤ᠂ ᠤᠶᠤᠨ | ᠤᠬᠠᠭᠠᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠲᠠᠪᠤᠨ ᠵᠢᠯ ᠤᠨ ᠲᠥᠯᠦᠪᠵᠢᠭᠦᠯᠭᠡ ︵ᠲᠥᠯᠥᠪᠯᠡᠭᠡ︶ ᠪᠦᠷᠢ ᠶᠢ ᠨᠠᠶᠢᠷᠠᠭᠤᠯᠤᠨ ᠵᠣᠬᠢᠶᠠᠬᠤ᠂ ᠬᠢᠨᠠᠨ | ᠪᠠᠶᠢᠴᠠᠭᠠᠬᠤ᠂ ᠵᠥᠪᠰᠢᠶᠡᠷᠡᠬᠦ ᠠᠴᠠ ᠲᠤᠭᠤᠰᠢᠯᠠᠭᠤᠯᠤᠨ ᠬᠡᠷᠡᠭᠵᠢᠭᠦᠯᠬᠦ ᠬᠦᠷᠲᠡᠯᠡᠬᠢ ᠪᠦᠭᠦ᠋ᠢᠯᠡ ᠶᠠᠪᠤᠴᠠ ᠳᠤ ᠴᠥᠮ ᠠᠷᠠᠳᠴᠢᠯᠠᠯ ᠢ ᠪᠠᠳᠠᠷᠠᠭᠤᠯᠬᠤ᠂ ᠤᠯᠠᠨ ᠤ | ᠤᠶᠤᠨ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠪᠠ; ᠳᠣᠯᠤᠭ᠎ᠠ ᠳᠤ᠂ ᠲᠥᠯᠦᠪᠵᠢᠭᠦᠯᠭᠡ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ | ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠲᠥᠯᠦᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠴᠢᠩᠭᠠᠳᠬᠠᠨ᠎ᠠ; ᠨᠠᠢᠮᠠ ᠳᠤ᠂ | ᠠᠷᠠᠳᠴᠢᠯᠠᠯ ᠪᠠ ᠬᠠᠤᠯᠢᠵᠢᠯ ᠢ ᠠᠬᠢᠭᠤᠯᠵᠤ᠂ ᠤᠯᠤᠰ ᠣᠷᠣᠨ ᠤ ᠬᠡᠷᠡᠭ ᠶᠠᠪᠤᠳᠠᠯ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠭᠰᠠᠨ ᠮᠥᠷᠲᠡᠭᠡᠨ ᠪᠠᠰᠠ ᠬᠠᠤᠯᠢ ᠶᠣᠰᠣᠭᠠᠷ ᠤᠯᠤᠰ ᠢᠶᠠᠨ ᠵᠠᠰᠠᠬᠤ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ | ᠲᠣᠭᠲᠠᠭᠠᠯ ᠳᠤ ᠨᠡᠶᠢᠴᠡᠭᠦᠯᠦᠭᠰᠡᠨ ᠪᠠᠶᠢᠨ᠎ᠠ; ᠶᠢᠰᠦ ᠳᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠂ ᠲᠠᠪᠤᠨ ᠵᠢᠯ ᠤᠨ ᠲᠥᠯᠦᠪᠵᠢᠭᠦᠯᠭᠡ | ︵ᠲᠥᠯᠥᠪᠯᠡᠭᠡ︶ ᠶᠢ ᠵᠥᠪᠰᠢᠶᠡᠷᠡᠭᠰᠡᠨ ᠤ ᠳᠠᠷᠠᠭ᠎ᠠ ᠲᠥᠷᠥ ᠶᠢᠨ ᠶᠠᠪᠤᠳᠠᠯ ᠤᠨ ᠬᠤᠷᠢᠶ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠥᠯᠦᠪᠵᠢᠭᠦᠯᠭᠡ | ︵ᠲᠥᠯᠥᠪᠯᠡᠭᠡ︶ ᠳᠤ ᠳᠤᠷᠠᠳᠤᠭᠰᠠᠨ ᠭᠤᠣᠯ ᠬᠠᠷᠠᠯᠲᠠ ᠪᠣᠯᠣᠨ ᠡᠭᠦᠷᠭᠡ ᠶᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠲᠤ ᠰᠠᠯᠭᠠᠨ ᠨᠠᠶᠢᠳᠠᠪᠤᠷᠢᠵᠢᠭᠤᠯᠬᠤ | ᠬᠡᠷᠡᠭᠲᠡᠢ᠃ | ᠳᠤᠮᠳᠠᠳᠤ ᠤᠯᠤᠰ ᠤᠨ ᠲᠥᠯᠦᠪᠵᠢᠭᠦᠯᠭᠡ ᠶᠢᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠦᠵᠡᠭᠦᠯᠭᠦ ᠰᠢᠨᠵᠢᠯᠡᠬᠦ ᠤᠬᠠᠭᠠᠨᠴᠢ | ᠵᠢᠯᠤᠭᠤᠳᠬᠤ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠤᠨ᠎ᠠ | ᠨᠢᠭᠡᠳᠦᠭᠡᠷ ᠲᠤ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠡᠷᠭᠢᠴᠡᠭᠦᠯᠵᠦ ᠳ᠋ᠦᠩᠨᠡᠯᠲᠡ ᠬᠢᠪᠡᠯ ᠰᠠᠶᠢᠨ᠃ ᠲᠤᠷᠰᠢᠯᠭ᠎ᠠ ᠪᠠᠨ ᠴᠢᠳᠠᠮᠠᠭᠠᠢ ᠳ᠋ᠦᠩᠨᠡᠵᠦ᠂ | ᠵᠣᠷᠢᠭᠲᠠᠢ ᠰᠤᠷᠭᠠᠮᠵᠢ ᠠᠪᠤᠪᠠᠯ ᠮᠠᠨ ᠤ ᠰᠢᠨ᠎ᠡ ᠲᠥᠯᠦᠪᠵᠢᠭᠦᠯᠭᠡ ᠲᠣᠭᠲᠠᠭᠠᠬᠤ ᠬᠡᠮᠵᠢᠶ᠎ᠡ ᠰᠠᠶ᠋ᠢ ᠲᠡᠰᠦᠷᠡᠯᠳᠠ ᠦᠭᠡᠢ ᠰᠢᠨ᠎ᠡ ᠳᠡᠭᠡᠭᠰᠢᠯᠡᠯᠲᠡ ᠲᠠᠢ ᠪᠣᠯᠵᠤ ᠴᠢᠳᠠᠨ᠎ᠠ᠃ | ᠬᠤᠶᠠᠳᠤᠭᠠᠷ ᠲᠤ᠂ ᠲᠥᠯᠦᠪᠵᠢᠭᠦᠯᠭᠡ ᠶᠢᠨ ᠠᠭᠤᠯᠭ᠎ᠠ ᠶᠢᠨ ᠳᠡᠯᠡᠬᠡᠶᠢᠴᠢᠯᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠷᠠᠭ᠎ᠠ ᠪᠠᠨ ᠤᠯᠠᠮ ᠥᠷᠭᠡᠳᠬᠡᠵᠦ᠂ | ᠤᠯᠤᠰ ᠤᠨ ᠭᠠᠳᠠᠭᠠᠳᠤ ᠳᠣᠲᠣᠭᠠᠳᠤ ᠶᠢᠨ ᠨᠥᠬᠦᠴᠡᠯ ᠤᠨ ᠬᠠᠷᠢᠯᠴᠠᠨ ᠤᠯᠠᠷᠢᠨ ᠰᠢᠯᠵᠢᠭᠦ ᠳᠤᠮᠳᠠ ᠬᠥᠭᠵᠢᠯᠲᠡ ᠶᠢᠨ ᠠᠵᠠ ᠲᠣᠭᠢᠶᠠᠯ ᠢ ᠰᠠᠶᠢᠲᠤᠷ ᠠᠰᠢᠭᠯᠠᠬᠤ ᠶᠢ | ᠨᠡᠩ ᠢᠯᠡᠭᠦᠦ ᠠᠩᠬᠠᠷᠴᠤ᠂ ᠤᠯᠤᠰ ᠤᠨ ᠭᠠᠳᠠᠭᠠᠳᠤ ᠳᠣᠲᠣᠭᠠᠳᠤ ᠶᠢᠨ ᠡᠬᠢ ᠪᠠᠶᠠᠯᠢᠭ ᠤᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠳᠤᠮᠳᠠ | ᠬᠥᠭᠵᠢᠯᠲᠡ ᠶᠢᠨ ᠨᠥᠬᠦᠴᠡᠯ ᠡᠭᠦᠳᠬᠦ ᠶᠢ ᠨᠡᠩ ᠢᠯᠡᠭᠦᠦ ᠠᠩᠬᠠᠷᠴᠤ᠂ ᠤᠯᠤᠰ ᠤᠨ ᠭᠠᠳᠠᠭᠠᠳᠤ ᠳᠣᠲᠣᠭᠠᠳᠤ ᠶᠢᠨ ᠬᠦᠴᠦᠨ ᠵᠦᠢᠯ ᠤᠨ ᠶᠡᠷᠦᠩᠬᠡᠶᠢᠯᠡᠭᠰᠡᠨ | ᠦᠢᠯᠡᠳᠦᠯ ᠤᠨ ᠳᠤᠮᠳᠠ ᠬᠥᠭᠵᠢᠯᠲᠡ ᠶᠢᠨ ᠠᠬᠢᠴᠠ ᠶᠢ ᠶᠡᠷᠦᠩᠬᠡᠶᠢᠯᠡᠨ ᠵᠢᠯᠤᠭᠤᠳᠬᠤ ᠶᠢ ᠨᠡᠩ ᠢᠯᠡᠭᠦᠦ ᠠᠩᠬᠠᠷᠬᠤ ᠬᠡᠷᠡᠭᠲᠡᠢ᠃ | ᠭᠤᠷᠪᠠᠳᠤᠭᠠᠷ ᠲᠤ᠂ ᠲᠥᠯᠦᠪᠵᠢᠭᠦᠯᠭᠡ ᠲᠣᠭᠲᠠᠭᠠᠬᠤ ᠰᠢᠨᠵᠢᠯᠡᠬᠦ ᠤᠬᠠᠭᠠᠨᠴᠢᠯᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠥᠯᠦᠪᠵᠢᠭᠦᠯᠭᠡ᠂ ᠲᠥᠯᠥᠪᠯᠡᠭᠡ | ᠲᠣᠭᠲᠠᠭᠠᠬᠤ ᠳᠡᠰ ᠳᠠᠷᠠᠭᠠᠯᠠᠯ ᠪᠣᠯᠣᠨ ᠠᠷᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠢᠨ ᠣᠷᠤᠯᠴᠠᠬᠤ᠂ ᠲᠤᠰᠬᠠᠢ ᠮᠡᠷᠭᠡᠵᠢᠯᠲᠡᠨ ᠰᠤᠳᠤᠯᠬᠤ᠂ ᠰᠢᠨᠵᠢᠯᠡᠬᠦ | ᠤᠬᠠᠭᠠᠨᠴᠢ ᠪᠠᠷ ᠨᠤᠲᠠᠯᠠᠬᠤ ᠵᠡᠷᠭᠡ ᠡᠯ᠎ᠡ ᠵᠦᠢᠯ ᠤᠨ ᠳᠦᠷᠢᠮ ᠢ ᠪᠠᠷᠢᠮᠲᠠᠯᠠᠬᠤ ᠬᠡᠷᠡᠭᠲᠡᠢ᠃ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠡᠯ᠎ᠡ ᠲᠠᠯ᠎ᠠ ᠶᠢᠨ ᠬᠢᠨ ᠤ | ᠰᠠᠨᠠᠯ ᠢ ᠥᠷᠭᠡᠨ ᠢᠶᠠᠷ ᠰᠣᠨᠣᠰᠴᠤ᠂ ᠠᠰᠢᠭ ᠲᠤᠰᠠ ᠶᠢᠨ ᠬᠠᠷᠢᠴᠠᠭ᠎ᠠ ᠶᠢ ᠰᠠᠶᠢᠲᠤᠷ ᠵᠣᠬᠢᠴᠠᠭᠤᠯᠤᠨ᠂ ᠡᠯ᠎ᠡ ᠵᠦᠢᠯ ᠤᠨ ᠪᠤᠳᠤᠯᠢᠶᠠᠨᠲᠠᠢ ᠵᠥᠷᠢᠴᠡᠯ ᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠤᠯᠤᠰ ᠤᠨ ᠲᠠᠪᠤᠨ ᠵᠢᠯ ᠤᠨ ᠲᠥᠯᠦᠪᠵᠢᠭᠦᠯᠭᠡ ᠶᠢ ᠲᠣᠭᠲᠠᠭᠠᠭᠰᠠᠨ ᠰᠠᠭᠤᠷᠢᠨ ᠳᠡᠭᠡᠷ᠎ᠡ ᠪᠤᠰᠤᠳ ᠡᠯ᠎ᠡ ᠲᠦᠷᠦᠯ ᠤᠨ | ᠲᠥᠯᠦᠪᠵᠢᠭᠦᠯᠭᠡ ᠶᠢ ᠰᠠᠶᠢᠲᠤᠷ ᠲᠣᠭᠲᠠᠭᠠᠵᠤ᠂ ᠭᠤᠷᠪᠠᠨ ᠱᠠᠲᠤ ᠭᠤᠷᠪᠠᠨ ᠲᠦᠷᠦᠯ ᠤᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ | ᠠᠯᠬᠤᠮ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠳᠥᠷᠪᠡᠳᠦᠭᠡᠷ ᠲᠤ᠂ ᠰᠠᠶᠢᠨ ᠬᠠᠤᠯᠢ ᠰᠠᠶᠢᠨ ᠵᠠᠰᠠᠯᠲᠠ ᠪᠠᠷ ᠳᠤᠮᠳᠠᠳᠤ ᠤᠯᠤᠰ ᠤᠨ ᠲᠥᠯᠦᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ ᠶᠢ | ᠠᠬᠢᠭᠤᠯᠤᠨ᠎ᠠ᠃ ᠣᠷᠣᠨ ᠵᠠᠢ ᠶᠢᠨ ᠲᠥᠯᠦᠪᠵᠢᠭᠦᠯᠭᠡ ᠪᠣᠯᠣᠨ ᠠᠷᠠᠳ ᠢᠷᠭᠡᠳ ᠤᠨ ᠬᠠᠷᠢᠴᠠᠭ᠎ᠠ ᠲᠤᠶᠢᠯ ᠤᠨ ᠨᠢᠭᠲᠠ ᠪᠠᠶᠢᠳᠠᠭ ᠪᠣᠯᠬᠤᠷ ᠴᠢᠩᠭ᠎ᠠ ᠨᠢᠮᠪᠠᠢ ᠬᠠᠤᠯᠢ | ᠴᠠᠭᠠᠵᠠ ᠶᠢᠨ ᠲᠡᠰ ᠳᠠᠷᠠᠭᠠᠯᠠᠯ ᠢᠶᠠᠷ ᠳᠠᠮᠵᠢᠭᠤᠯᠤᠨ ᠬᠠᠤᠯᠢ ᠴᠠᠭᠠᠵᠠ ᠶᠢᠨ ᠴᠢᠩᠭ᠎ᠠ ᠬᠢᠨᠠᠨ ᠪᠠᠶᠢᠴᠠᠭᠠᠯᠲᠠ ᠬᠢᠵᠦ᠂ ᠡᠨᠡ ᠬᠦ ᠲᠥᠯᠦᠪᠵᠢᠭᠦᠯᠭᠡ ᠶᠢ ᠪᠠᠲᠤᠯᠠᠭᠰᠠᠨ ᠤ | ᠲᠠᠷᠠᠭ᠎ᠠ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠪᠣᠯᠣᠨ ᠠᠮᠢ ᠪᠡᠶ᠎ᠡ ᠶᠢᠨ ᠠᠰᠢᠭ ᠲᠤᠰᠠ ᠳᠤ ᠶᠠᠮᠠᠷ ᠨᠥᠯᠥᠭᠡ ᠦᠵᠡᠭᠦᠯᠭᠦ᠂ ᠲᠤᠯᠭᠠᠷᠠᠵᠤ ᠮᠡᠳᠡᠬᠦ ᠡᠯ᠎ᠡ | ᠵᠦᠢᠯ ᠤᠨ ᠠᠰᠠᠭᠤᠳᠠᠯ ᠢ ᠬᠡᠷᠬᠢᠨ ᠰᠢᠢᠳᠪᠦᠷᠢᠯᠡᠬᠦ ᠶᠢ ᠭᠦᠢᠴᠡᠳ ᠪᠣᠳᠣᠯᠬᠢᠯᠠᠬᠤ ᠴᠢᠬᠤᠯᠠᠲᠠᠢ ᠶᠤᠮ᠃ ᠬᠠᠤᠯᠢ ᠴᠠᠭᠠᠵᠠ ᠳᠦᠷᠢᠮ ᠲᠣᠭᠲᠠᠭᠠᠯ ᠤᠨ ᠲᠠᠯ᠎ᠠ ᠪᠠᠷ | ᠶᠠᠮᠠᠷ ᠲᠣᠭᠲᠠᠭᠠᠯ ᠭᠠᠷᠭᠠᠪᠠᠯ ᠵᠣᠬᠢᠬᠤ ᠪᠤᠶ︖ ᠡᠨᠡ ᠲᠠᠯ᠎ᠠ ᠶᠢᠨ ᠰᠤᠳᠤᠯᠭᠠᠨ ᠢ ᠴᠢᠩᠭᠠᠳᠬᠠᠵᠤ᠂ ᠣᠷᠣᠨ ᠵᠠᠢ ᠶᠢᠨ ᠲᠥᠯᠦᠪᠵᠢᠭᠦᠯᠭᠡ ᠶᠢ ᠲᠣᠭᠲᠠᠭᠠᠬᠤ ᠵᠢᠷᠤᠮ ᠪᠠ | ᠵᠠᠷᠴᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠯᠪᠣᠭᠳᠠᠬᠤ ᠬᠠᠤᠯᠢ ᠴᠠᠭᠠᠵᠠ ᠶᠢᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠣᠷᠣᠨ ᠵᠠᠢ ᠶᠢᠨ | ᠲᠥᠯᠦᠪᠵᠢᠭᠦᠯᠭᠡ ᠶᠢ ᠠᠷᠠᠳ ᠲᠦᠮᠡᠨ ᠤ ᠡᠷᠬᠡ ᠠᠰᠢᠭ ᠢ ᠭᠦᠢᠴᠡᠳ ᠬᠦᠨᠳᠦᠳᠬᠡᠨ ᠪᠠᠲᠤᠯᠠᠭᠰᠠᠨ ᠰᠠᠭᠤᠷᠢᠨ ᠳᠡᠭᠡᠷ᠎ᠡ ᠪᠠᠶᠢᠭᠤᠯᠬᠤ ᠶᠢ ᠦᠨᠡᠨ ᠬᠦ ᠪᠠᠲᠤᠯᠠᠵᠤ᠂ ᠡᠯ᠎ᠡ | ᠵᠦᠢᠯ ᠤᠨ ᠨᠡᠶᠢᠭᠡᠮ ᠤᠨ ᠠᠰᠠᠭᠤᠳᠠᠯ ᠡᠭᠦᠰᠬᠡᠬᠦ ᠠᠴᠠ ᠵᠠᠶᠢᠯᠠᠰᠬᠢᠬᠦ ᠬᠡᠷᠡᠭᠲᠡᠢ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠤᠯᠤᠰ ᠤᠨ ᠪᠠᠶᠢᠯᠳᠤᠬᠤ ᠪᠣᠳᠣᠯᠭ᠎ᠠ ᠶᠢᠨ | ᠲᠥᠯᠦᠪᠵᠢᠭᠦᠯᠭᠡ ᠶᠢᠨ ᠰᠢᠰᠲ᠋ᠧᠮ ᠪᠣᠯᠣᠨ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︾ | ︽ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ︾ ᠭᠡᠵᠦ ᠱᠠᠭᠠᠷᠳᠠᠭᠰᠠᠨ | ᠪᠥᠭᠡᠳ ᠪᠠᠰᠠ ᠮᠠᠰᠢ ᠤᠯᠠᠨ ᠱᠠᠭᠠᠷᠳᠠᠯᠭ᠎ᠠ ᠳᠤᠷᠠᠳᠴᠠᠢ᠃ | ᠲᠠᠪᠤᠨ ᠵᠢᠯ ᠤᠨ ᠲᠥᠯᠦᠪᠵᠢᠭᠦᠯᠭᠡ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠪᠣᠯ ᠳᠤᠮᠳᠠᠳᠤ | ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠠᠷᠭ᠎ᠠ ᠭᠡᠯᠪᠡᠷᠢ ᠮᠥᠨ᠂ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠦᠷᠦ ᠶᠢ ᠵᠠᠰᠠᠵᠤ ᠵᠠᠰᠠᠭ ᠢ ᠡᠷᠭᠢᠯᠡᠭᠦ ᠥᠪᠡᠷᠮᠢᠴᠡ ᠠᠷᠭ᠎ᠠ ᠭᠡᠯᠪᠡᠷᠢ ᠮᠥᠨ᠃ ᠪᠢᠳᠡ ᠡᠷᠬᠡᠪᠰᠢ ᠲᠥᠯᠦᠪᠵᠢᠭᠦᠯᠭᠡ ᠲᠣᠭᠲᠠᠭᠠᠬᠤ᠂ ᠪᠠᠶᠢᠯᠳᠤᠬᠤ ᠪᠣᠳᠣᠯᠭ᠎ᠠ | ᠲᠥᠯᠥᠪᠵᠢᠭᠦᠯᠬᠦ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠲᠥᠯᠦᠪᠵᠢᠭᠦᠯᠭᠡ ᠪᠠᠨ ᠴᠠᠭ ᠦᠶ᠎ᠡ ᠶᠢᠨ ᠣᠨᠴᠠᠯᠢᠭ ᠲᠠᠢ ᠨᠡᠩ | ᠨᠡᠶᠢᠴᠡᠬᠦ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠨᠡᠩ ᠨᠡᠶᠢᠴᠡᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠨᠡᠩ ᠠᠰᠢᠭᠲᠠᠢ ᠪᠤᠯᠭᠠᠬᠤ ᠪᠠᠷ ᠴᠢᠷᠮᠠᠶᠢᠬᠤ ᠬᠡᠷᠡᠭᠲᠡᠢ᠃ |