ᠲᠡᠦᠬᠡ ᠶᠢᠨ ᠤᠯᠠ ᠮᠥᠷ
ᠨᠡᠶᠢᠲᠡᠯᠡᠭᠰᠡᠨ ᠴᠠᠭ᠄
2024/12/10
       ︽ᠴᠢᠩ ᠤᠯᠤᠰ ᠤᠨ ᠦᠶ᠎ᠡ ᠳᠤ ᠪᠠᠶᠢᠭᠤᠯᠵᠠᠢ︾ ᠬᠥᠯᠥᠨ ᠪᠤᠶᠢᠷ ᠣᠷᠣᠨ ᠳᠤ ᠬᠠᠮᠤᠭ ᠠᠩᠬᠠᠨ ᠤ ᠲᠡᠤᠬᠡ ᠰᠤᠳᠤᠷ ᠲᠤ ᠲᠡᠮᠳᠡᠭᠯᠡᠭᠳᠡᠭᠰᠡᠨ ᠦᠨᠳᠦᠰᠦᠲᠡᠨ ᠪᠤᠯ ᠳ᠋ᠦᠩ ᠬᠤ᠋ ᠪᠤᠯᠤᠨ᠎ᠠ᠃ ᠳ᠋ᠦᠩ ᠬᠤ᠋ ᠪᠣᠯᠤᠨ ᠾᠦᠩᠨᠦ ᠦᠨᠳᠦᠰᠦᠲᠡᠨ ᠪᠠᠶᠢᠯᠳᠤᠭᠠᠨᠲᠤ ᠤᠯᠤᠰ ᠤᠨ ᠰᠡᠭᠦᠯᠴᠢ ︵ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 3 ᠳ᠋ᠤᠭᠠᠷ ᠵᠠᠭᠤᠨ︶ ᠳᠤ ᠵᠡᠷᠭᠡ ᠪᠠᠷ ᠮᠠᠨᠳᠤᠵᠤ᠂ ᠬᠠᠨ ᠤᠯᠤᠰ ᠤᠨ ᠡᠬᠢᠨ ᠤ ᠦᠶ᠎ᠡ ︵ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 206 ᠣᠨ︶ ᠳᠤ ᠳ᠋ᠦᠩ ᠬᠤ᠋ ᠾᠦᠩᠨᠦ ᠦᠨᠳᠦᠰᠦᠲᠡᠨ ᠳᠤ ᠳᠡᠶᠢᠯᠦᠭᠳᠡᠨ᠂ ᠤᠯᠠᠩᠬᠢ ᠨᠢ ᠰᠠᠯᠵᠦ ᠪᠤᠳᠠᠷᠠᠵᠤ᠂ ᠭᠤᠣᠯ ᠪᠣᠯᠬᠤ ᠬᠤᠶᠠᠷ ᠰᠠᠯᠠᠭ᠎ᠠ ᠨᠢ ᠲᠤᠰ ᠲᠤᠰ ᠡᠦ ᠬᠤᠸᠠᠨ ᠱᠠᠨ ᠠᠭᠤᠯᠠ ᠪᠠ ᠰᠢᠶᠡᠨᠪᠢ ᠠᠭᠤᠯᠠᠨ ᠳᠤ ᠳᠤᠲᠠᠭᠠᠨ ᠬᠦᠷᠴᠦ᠂ ᠡᠭᠦᠨ ᠠᠴᠠ ᠡᠬᠢᠯᠡᠭᠡᠳ ᠡᠦ ᠬᠤᠸᠠᠨ ᠦᠨᠳᠦᠰᠦᠲᠡᠨ ᠪᠠ ᠰᠢᠶᠡᠨᠪᠢ ᠦᠨᠳᠦᠰᠦᠲᠡᠨ ᠲᠡᠦᠬᠡᠨ ᠬᠠᠭᠤᠳᠠᠰᠤᠨ ᠳᠤ ᠢᠯᠡᠷᠡᠭᠰᠡᠨ ᠪᠠᠶᠢᠨ᠎ᠠ᠃ ᠳ᠋ᠦᠩ ᠬᠤ᠋ ᠦᠨᠳᠦᠰᠦᠲᠡᠨ ᠾᠦᠩᠨᠦ ᠳᠤ ᠪᠤᠳᠠ ᠨᠢᠷᠭᠡᠭᠳᠡᠩᠰᠡᠨ ᠤ ᠳᠠᠷᠠᠭ᠎ᠠ᠂ ᠬᠥᠯᠥᠨ ᠪᠤᠶᠢᠷ ᠾᠦᠩᠨᠦ ᠶᠢᠨ ᠽᠦᠸᠧ ᠰᠢᠶᠠᠨ ᠸᠠᠩ ᠤᠨ ᠬᠠᠷᠢᠶᠠᠲᠤ ᠣᠷᠣᠨ ᠪᠣᠯᠪᠠ᠃ ᠡᠨᠡ ᠦᠶ᠎ᠡ ᠳᠤ᠂ ᠳ᠋ᠦᠩ ᠬᠤ᠋ ᠦᠨᠳᠦᠰᠦᠲᠡᠨ ᠤ ᠠᠶᠢᠮᠠᠭ ᠪᠣᠯᠤᠭᠰᠠᠨ ᠰᠢᠶᠠᠨᠪᠧᠢ  ᠶᠢᠨ ᠲᠤᠸ᠋ᠨ ᠠᠶᠢᠮᠠᠭ ᠠᠯᠢ ᠡᠷᠲᠡ ᠶᠡᠭᠡ ᠰᠢᠶᠡᠨᠪᠢ ᠶᠢᠨ ᠠᠭᠤᠯᠠ ︵ᠶᠡᠭᠡ ᠬᠢᠩᠭᠠᠨ ᠳᠠᠪᠠᠭ᠎ᠠ ᠶᠢᠨ ᠵᠡᠭᠦᠨ ᠬᠤᠶᠢᠲᠤ ᠬᠡᠰᠡᠭ︶ ᠳᠤ ᠠᠩᠨᠠᠵᠤ᠂ ᠰᠢᠶᠠᠨᠪᠧᠢ ᠶᠢᠨ ᠲᠤᠸ᠋ᠨ ᠠᠶᠢᠮᠠᠭ ᠤᠨ ᠠᠩᠬᠠᠨ ᠤ ᠴᠢᠯᠠᠭᠤᠨ ᠭᠡᠷ ︵ᠤᠳᠤ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠢᠵᠠᠭᠠᠷ ᠲᠠᠬᠢ ᠭᠠᠰᠢᠶᠠᠨ ᠤ ᠠᠭᠤᠶ︶ ᠢᠶᠠᠷ ᠲᠥᠪ ᠪᠣᠯᠭᠠᠭᠰᠠᠨ ᠪᠥᠭᠡᠳ ᠥᠪᠡᠷ ᠤᠨ ᠠᠶᠢᠮᠠᠭ ᠤᠨ ᠰᠦᠷᠦᠭ ᠪᠠ ᠠᠶᠢᠮᠠᠭ ᠤᠨ ᠬᠤᠯᠪᠣᠭ᠎ᠠ ᠪᠠᠨ ᠪᠦᠷᠢᠯᠳᠦᠭᠦᠯᠦᠭᠰᠡᠨ ᠪᠠᠶᠢᠨ᠎ᠠ᠃ ᠨᠡᠶᠢᠲᠡ ᠶᠢᠨ ᠣᠨ ᠲᠣᠭᠠᠯᠠᠯ ᠤᠨ 1  ᠳ᠋ᠦ᠋ᠭᠡᠷ ᠵᠠᠭᠤᠨ ᠤ ᠰᠡᠭᠦᠯᠴᠢ ᠪᠠᠷ᠂ ᠾᠦᠩᠨᠦ ᠦᠨᠳᠦᠰᠦᠲᠡᠨ ᠲᠤᠷᠦ᠋ᠢᠳᠠᠵᠦ᠂ ᠰᠢᠶᠠᠨᠪᠧᠢ ᠶᠢᠨ ᠲᠤᠸ᠋ᠨ ᠠᠶᠢᠮᠠᠭ ᠶᠡᠭᠡ ᠬᠢᠩᠭᠠᠨ ᠳᠠᠪᠠᠭ᠎ᠠ ᠶᠢᠨ ᠪᠢᠲᠡᠭᠦᠦ ᠤᠢ ᠶᠢᠨ ᠭᠦᠨ ᠠᠴᠠ ᠡᠮᠦᠨᠡᠰᠢ ᠨᠡᠭᠦᠳᠡᠯᠯᠡᠵᠦ᠂ ᠬᠥᠯᠥᠨ ᠨᠠᠭᠤᠷ ᠢᠶᠠᠷ ᠲᠥᠪ ᠪᠣᠯᠭᠠᠭᠰᠠᠨ ᠲᠠᠯ᠎ᠠ ᠨᠤᠲᠤᠭ ᠲᠤ ᠨᠡᠭᠦᠳᠡᠯ ᠮᠠᠯᠵᠢᠯ ᠤᠨ ᠠᠵᠤ ᠠᠬᠤᠢ ᠶᠢ ᠬᠥᠭᠵᠢᠭᠦᠯᠵᠦ᠂ ᠥᠪᠡᠷ ᠢ ᠪᠠᠨ ᠬᠦᠴᠦᠷᠬᠡᠭᠵᠢᠭᠦᠯᠵᠦ᠂ ᠬᠥᠯᠥᠨ ᠪᠤᠶᠢᠷ ᠣᠷᠣᠨ ᠰᠢᠶᠠᠨᠪᠧᠢ ᠦᠨᠳᠦᠰᠦᠲᠡᠨ ᠤ ᠮᠠᠯᠵᠢᠬᠤ ᠣᠷᠣᠨ ᠪᠣᠯᠤᠭᠰᠠᠨ ᠪᠠᠶᠢᠨ᠎ᠠ᠃       ᠭᠤᠷᠪᠠᠨ ᠤᠯᠤᠰ᠂ ᠬᠤᠶᠠᠷ ᠶᠢᠨ ᠤᠯᠤᠰ ᠤᠨ ᠦᠶ᠎ᠡ ᠳᠤ᠂ ᠶᠡᠭᠡ ᠬᠢᠩᠭᠠᠨ ᠳᠠᠪᠠᠭ᠎ᠠ ᠶᠢᠨ ᠵᠡᠭᠦᠨ ᠪᠠᠷᠠᠭᠤᠨ ᠬᠡᠰᠡᠭ ᠨᠢ ᠪᠦᠷ ᠰᠢᠶᠠᠨᠪᠧᠢ ᠬᠥᠮᠦᠨ ᠤ ᠬᠠᠷᠢᠶ᠎ᠠ ᠣᠷᠣᠨ ᠪᠠ  ᠬᠦᠴᠦᠨ ᠤ ᠬᠦᠷᠢᠶ᠎ᠡ  ᠪᠤᠯᠵᠠᠢ᠃       ᠤᠮᠠᠷᠠᠲᠤ ᠲᠥᠷᠥ ᠶᠢᠨ ᠦᠶ᠎ᠡ ︵ᠨᠡᠶᠢᠲᠡ ᠶᠢᠨ ᠣᠨ ᠲᠣᠭᠠᠯᠠᠯ ᠤᠨ 386 ᠣᠨ ᠠᠴᠠ 581 ᠣᠨ ᠪᠣᠯᠲᠠᠯ᠎ᠠ︶ ᠳᠤ᠂ ᠶᠡᠭᠡ ᠬᠢᠩᠭᠠᠨ ᠳᠠᠪᠠᠭ᠎ᠠ ᠠᠴᠠ ᠵᠡᠭᠦᠨᠰᠢ ᠦ᠋  ᠯᠦᠸ᠋ ᠾᠧᠦ ᠵᠡᠷᠭᠡ ᠱᠢᠸᠧᠢ ᠶᠢᠨ ᠣᠯᠠᠨ ᠠᠶᠢᠮᠠᠭ ᠲᠠᠷᠬᠠᠵᠤ ᠪᠠᠶᠢᠪᠠ᠃ ᠲᠥᠪ ᠤᠨ ᠸᠠᠩᠲᠤ ᠲᠦᠷᠦ ᠠᠴᠠ ᠬᠥᠯᠥᠨ ᠪᠤᠶᠢᠷ ᠣᠷᠣᠨ ᠢ ᠵᠢᠩᠬᠢᠨᠢ ᠬᠠᠮᠢᠶᠠᠷᠤᠭᠰᠠᠨ ᠨᠢ ᠤᠮᠠᠷᠠᠲᠤ ᠸᠧᠶ ᠤᠯᠤᠰ ᠤᠨ ᠦᠶ᠎ᠡ ᠠᠴᠠ ᠡᠬᠢᠯᠡᠵᠡᠢ᠃ ᠲᠤᠬᠠᠶ ᠶᠢᠨ ᠦᠶ᠎ᠡ ᠳᠤ ᠠᠵᠤ ᠠᠬᠤᠶ ᠶᠢᠨ ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠨᠢᠭᠡᠨᠲᠡ ᠪᠣᠯᠪᠠᠰᠤᠨ ᠴᠠᠭ ᠦᠶ᠎ᠡ ᠵᠦᠭ ᠰᠢᠯᠵᠢᠵᠦ ᠡᠬᠢᠯᠡᠭᠰᠡᠨ ᠡᠦ ᠯᠦᠸᠧ ᠾᠧᠦ ᠬᠥᠮᠦᠰ ᠲᠠᠶᠢᠫᠢᠩ ᠵᠧᠨ ᠵᠢᠶᠦ᠋ᠨ ᠤ 4  ᠳ᠋ᠦ᠋ᠭᠡᠷ ᠵᠢᠯ ︵ᠨᠡᠶᠢᠲᠡ ᠶᠢᠨ ᠣᠨ ᠲᠣᠭᠠᠯᠠᠯ ᠤᠨ 443 ᠣᠨ︶ ᠳᠤ ᠳᠠᠷᠤᠶ ᠤᠮᠠᠷᠠᠲᠤ ᠸᠧᠶ ᠤᠯᠤᠰ ᠤᠨ ᠬᠠᠭᠠᠨᠲᠤ ᠲᠥᠷᠥ ᠳᠤ ᠬᠠᠷᠢᠶᠠᠯᠠᠭᠳᠠᠵᠤ ᠪᠠᠶᠢᠭᠰᠠᠨ ᠪᠥᠭᠡᠳ ᠶᠠᠭ ᠲᠡᠳᠡᠨ ᠤ ᠮᠡᠳᠡᠭᠦᠯᠦᠯᠲᠡ ᠶᠢ ᠦᠨᠳᠦᠰᠦᠯᠡᠨ᠂ ᠤᠮᠠᠷᠠᠲᠤ ᠸᠧᠶ ᠤᠯᠤᠰ ᠤᠨ ᠲᠥᠷᠥ ᠠᠴᠠ ᠰᠠᠶ᠋ᠢ ᠵᠥᠩ ᠱᠦ᠋ ᠶᠢᠨ ᠰᠠᠶᠢᠳ ᠯᠢ ᠴᠠᠩ ᠢ ︽ᠳᠡᠭᠡᠳᠦᠰ ᠤᠨ ᠰᠦᠮ᠎ᠡ ᠶᠢᠨ ᠴᠢᠯᠠᠭᠤᠨ ᠭᠡᠷ︾ ᠲᠤ ᠲᠣᠮᠢᠯᠠᠨ ᠳᠡᠭᠡᠳᠦᠰ ᠢᠶᠠᠨ ᠳᠠᠭᠢᠭᠤᠯᠤᠭᠰᠠᠨ ᠪᠠᠶᠢᠨ᠎ᠠ᠃ ᠡᠭᠦᠨ ᠤ ᠬᠠᠮᠲᠤ ᠴᠢᠯᠠᠭᠤᠨ ᠭᠡᠷ ᠲᠤ ︽ᠪᠠᠶᠠᠷ ᠤᠨ ᠪᠢᠴᠢᠭ︾ ︵ᠲᠤᠰ ︽ᠪᠠᠶᠠᠷ ᠤᠨ ᠪᠢᠴᠢᠭ︾ ᠢ ᠬᠥᠯᠥᠨ ᠪᠤᠶᠢᠷ ᠠᠶᠢᠮᠠᠭ ᠤᠨ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠭᠠᠵᠠᠷ ᠤᠨ ᠮᠢ ᠸᠧᠨ ᠫᠢᠩ ᠵᠡᠷᠭᠡ ᠬᠥᠮᠦᠰ 1980 ᠣᠨ ᠤ 7 ᠰᠠᠷ᠎ᠠ ᠶᠢᠨ 30 ᠤ ᠡᠳᠦᠷ ᠢᠯᠡᠷᠡᠭᠦᠯᠵᠡᠶ︶ ᠰᠡᠶᠢᠯᠦᠭᠰᠡᠨ ᠪᠠᠶᠢᠨ᠎ᠠ᠃       ᠰᠦᠶ ᠤᠯᠤᠰ ᠤᠨ ᠦᠶ᠎ᠡ ᠳᠤ᠂ ᠲᠦᠷᠺ ᠦᠨᠳᠦᠰᠦᠲᠡᠨ ᠠᠭᠠᠵᠢᠮ ᠢᠶᠠᠷ ᠳᠣᠷᠦ᠋ᠢᠳᠠᠵᠤ᠂ ᠵᠡᠭᠦᠨ ᠬᠤᠶᠢᠲᠤ ᠬᠡᠰᠡᠭ ᠤᠨ ᠱᠢᠸᠧᠢ ᠂ ᠮᠦᠸᠧ ᠾᠧ ᠵᠡᠷᠭᠡ ᠡᠯ᠎ᠡ ᠦᠨᠳᠦᠰᠦᠲᠡᠨ ᠬᠦᠴᠦᠷᠬᠡᠭᠵᠢᠭᠡᠳᠦᠢ᠂ ᠲᠡᠳᠡ ᠪᠦᠷ ᠵᠦᠩᠶᠤᠸᠠᠨ ᠣᠷᠣᠨ ᠤ ᠡᠷᠲᠡᠨ ᠤ ᠪᠣᠯᠪᠠᠰᠤᠨ ᠪᠠ ᠰᠦᠶ ᠤᠯᠤᠰ ᠤᠨ ᠬᠦᠴᠦᠷᠬᠡᠭ ᠶᠡᠭᠡ ᠤᠯᠦᠰ ᠤᠨ ᠬᠦᠴᠦᠨ ᠢ ᠪᠠᠭ᠋ᠠᠷᠬᠠᠳᠠᠭ᠃ ᠡᠶᠢᠮᠦ ᠠᠴᠠ  ᠬᠦᠮᠦᠨ ᠲᠣᠮᠢᠯᠠᠨ ᠠᠯᠪᠠ  ᠪᠠᠷᠢᠬᠤ ᠶᠢ ᠭᠤᠶᠤᠴᠢᠯᠠᠪᠠ᠃ ᠲᠡᠭᠡᠭᠡᠳ ᠰᠦᠶ ᠤᠯᠤᠰ ᠲᠡᠷᠡ ᠳᠠᠷᠤᠶ ᠳᠤᠨᠢ  ᠬᠢᠯᠢ ᠬᠢᠵᠠᠭᠠᠷ ᠣᠷᠣᠨ ᠳᠤ ᠢᠯᠪᠢᠨ ᠲᠣᠬᠤᠨᠢᠭᠤᠯᠬᠤ ᠣᠷᠳᠣᠨ᠂ ᠵᠧᠤ ᠪᠠᠶᠢᠭᠤᠯᠤᠨ ᠬᠠᠮᠢᠶᠠᠷᠪᠠ᠃ ᠬᠥᠯᠥᠨ ᠪᠤᠶᠢᠷ ᠣᠷᠣᠨ ᠪᠣᠯ ᠱᠢᠸᠧᠢ ᠦᠨᠳᠦᠰᠦᠲᠡᠨ ᠤ ᠬᠠᠷᠢᠶᠠᠲᠤ ᠭᠠᠵᠠᠷ ᠪᠣᠯᠤᠨ᠎ᠠ᠃ ᠲᠡᠷᠡ ᠦᠶ᠎ᠡ ᠳᠤ ᠱᠢᠸᠧᠢ ᠬᠤᠶᠠᠷ ᠤᠳᠠᠭ᠎ᠠ ᠡᠯᠴᠢ ᠲᠣᠮᠢᠯᠠᠨ ᠠᠯᠪᠠ ᠪᠠᠷᠢᠵᠠᠢ᠃ ᠱᠢᠸᠧᠢ  ᠶᠢᠨ ᠠᠬᠠᠯᠠᠭᠴᠢ ᠳ᠋ᠠ ᠶᠧ ᠶᠢᠨ ᠣᠨ ᠳᠤ ᠲᠦᠷᠺ ᠶᠢᠨ ᠴᠢᠮᠢᠨ ᠬᠠᠭᠠᠨ ᠲᠠᠢ ᠬᠠᠮᠲᠤ ᠣᠳᠣ ᠶᠢᠨ ᠬᠥᠬᠡᠬᠤᠲᠠ ᠶᠢᠨ ᠬᠤᠶᠢᠲᠤ ᠬᠡᠰᠡᠭ ᠤᠨ ᠴᠢ ᠮᠢᠨ ᠰᠢᠳᠦᠨ ᠳᠤ ᠰᠦᠶ ᠶᠠᠩ ᠳ᠋ᠢ ᠬᠠᠭᠠᠨ ᠲᠠᠢ ᠵᠣᠯᠭᠠᠵᠤ ᠥᠩᠭᠡᠷᠡᠵᠡᠶ᠃ ᠱᠢᠤᠸᠢ ᠶᠢ ᠤᠮᠠᠷᠠᠲᠤ ᠱᠢᠸᠧᠢ ᠂ ᠡᠮᠦᠨᠡᠲᠦ ᠱᠢᠸᠧᠢ᠂  ᠪᠸᠥ ᠱᠢᠸᠧᠢ᠂  ᠶᠡᠭᠡ ᠱᠢᠸᠧᠢ᠂ ᠱᠧᠨ  ᠮᠥ᠋  ᠳ᠋ᠠ ᠭᠡᠬᠦ 5 ᠠᠶᠢᠮᠠᠭ ᠬᠤᠪᠢᠶᠠᠳᠠᠭ᠃  ᠭᠡᠭᠡᠨ ᠭᠤᠣᠯ ᠤᠨ ᠰᠠᠪᠠ ᠭᠠᠵᠠᠷ ᠲᠤ ᠱᠧᠨ ᠮᠥ᠋  ᠳ᠋ᠠ ᠱᠢᠸᠧᠢ ᠠᠶᠢᠮᠠᠭ ᠠᠮᠢᠳᠤᠷᠠᠵᠤ ᠪᠠᠶᠢᠵᠠᠢ᠃       ᠲᠠᠩ ᠤᠯᠤᠰ ᠤᠨ ᠦᠶ᠎ᠡ ᠳᠤ ᠱᠢᠸᠧᠢ ᠣᠷᠣᠨ ᠳᠤ ᠱᠢᠸᠧᠢ ᠶᠢᠨ ᠪᠥᠬᠦᠳᠡ ᠶᠢ ᠵᠠᠬᠢᠷᠤᠭᠴᠢ ᠶᠢᠨ ᠣᠷᠳᠣᠨ ᠢ ᠪᠠᠶᠢᠭᠤᠯᠤᠭᠰᠠᠨ ᠪᠥᠭᠡᠳ ᠴᠥᠭᠡᠨ ᠲᠣᠭᠠᠲᠤ ᠦᠨᠳᠦᠰᠦᠲᠡᠨ ᠤ ᠠᠶᠢᠮᠠᠭ ᠤᠨ ᠠᠬᠠᠯᠠᠭᠴᠢ ᠶᠢ ᠪᠥᠬᠦᠳᠡ ᠶᠢ ᠵᠠᠬᠢᠷᠤᠭᠴᠢ ᠪᠠᠷ ᠲᠣᠮᠢᠯᠠᠵᠠᠶ᠃ ᠱᠢᠸᠧᠢ ᠶᠢ 20 ᠭᠠᠷᠤᠶ ᠬᠡᠰᠡᠭ ᠬᠤᠪᠢᠶᠠᠵᠤ᠂ ᠡᠷᠭᠦᠨ᠎ᠡ ᠭᠤᠣᠯ ᠤᠨ ᠡᠷᠭᠢ ᠳᠠᠭᠠᠤ ᠰᠠᠭᠤᠵᠤ ᠪᠠᠶᠢᠭ᠎ᠠ ᠨᠢ ᠪᠠᠷᠠᠭᠤᠨ ᠱᠢᠸᠧᠢ᠂ ᠶᠡᠭᠡ ᠱᠢᠸᠧᠢ᠂ ᠮᠧᠩ ᠡᠦ ᠱᠢᠸᠧᠢ ᠪᠣᠯᠤᠨ᠎ᠠ᠃ ᠮᠧᠩ ᠡᠦ ᠱᠢᠸᠧᠢ ᠶᠡᠭᠡ ᠬᠢᠩᠭᠠᠨ ᠳᠠᠪᠠᠭ᠎ᠠ ᠶᠢᠨ ᠠᠷᠤ ᠬᠤᠷᠮᠣᠢ᠂ ᠡᠷᠭᠦᠨ᠎ᠡ ᠭᠤᠣᠯ ᠤᠨ ᠳᠤᠤᠷᠠᠳᠤ ᠤᠷᠤᠰᠬᠠᠯ ᠠᠴᠠ ᠵᠡᠭᠦᠨᠰᠢᠬᠢ ᠣᠷᠣᠨ ᠢᠶᠠᠷ ᠠᠮᠢᠳᠤᠷᠠᠵᠤ᠂ ᠭᠤᠣᠯᠳᠠᠭᠤ ᠤᠳᠤ ᠶᠢᠨ ᠡᠷᠭᠦᠨ᠎ᠡ ᠬᠤᠳᠠ᠂ ᠭᠡᠭᠡᠨ ᠭᠤᠣᠯ ᠬᠤᠳᠠ ᠶᠢᠨ ᠬᠢᠯᠢ ᠳᠤ ᠨᠡᠭᠦᠳᠡᠯᠯᠡᠨ ᠮᠠᠯᠵᠢᠳᠠᠭ᠃ ᠲᠠᠩ ᠤᠯᠤᠰ ᠤᠨ ᠲᠥᠷᠥ ᠨᠢ ᠵᠡᠭᠦᠨ ᠬᠤᠶᠢᠲᠤ ᠣᠷᠣᠨ ᠳᠤ ︽ᠫᠢᠩ ᠯᠦ ᠵᠢᠶᠧ ᠳ᠋ᠦ᠋ ᠱᠢ ᠲᠦᠰᠢᠮᠡᠯ︾ ᠢ ᠪᠠᠶᠢᠭᠤᠯᠵᠤ᠂ ᠴᠡᠷᠢᠭ ᠤᠨ ᠶᠠᠪᠤᠳᠠᠯ ᠤᠨ ᠪᠣᠳᠠᠲᠤ ᠬᠦᠴᠦᠨ ᠢᠶᠠᠷ ᠪᠠᠶᠢᠳᠠᠯ ᠢ ᠡᠵᠡᠮᠳᠡᠨ᠂ ᠬᠢᠯᠢ ᠬᠢᠵᠠᠭᠠᠷ ᠤᠷᠤᠨ ᠢ ᠲᠣᠭᠲᠠᠭᠤᠨ ᠪᠣᠯᠵᠤ᠂ ᠠᠵᠤ ᠠᠬᠤᠶ ᠬᠥᠭᠵᠢᠭᠰᠡᠨ ᠪᠠᠶᠢᠨ᠎ᠠ᠃ ᠲᠤᠬᠠᠶ ᠶᠢᠨ ᠦᠶ᠎ᠡ ᠳᠤ ᠱᠢᠸᠧᠢ ᠶᠢᠨ ᠣᠯᠠᠨ ᠠᠶᠢᠮᠠᠭ ᠨᠢ ᠲᠠᠩ ᠤᠯᠤᠰ ᠲᠠᠢ ᠨᠢᠭᠲᠠ ᠬᠠᠷᠢᠴᠠᠭ᠎ᠠ ᠲᠠᠢ ᠪᠣᠯᠵᠠᠶ᠃ ᠣᠳᠣ ᠶᠢᠨ ᠨᠤᠨ ᠮᠥᠷᠡᠨ ᠤ ᠰᠠᠪᠠ ᠭᠠᠵᠠᠷ ᠵᠢᠴᠢ ᠶᠡᠭᠡ ᠬᠢᠩᠭᠠᠨ ᠳᠠᠪᠠᠭ᠎ᠠ ᠶᠢᠨ ᠳᠣᠲᠣᠨ᠎ᠠ ᠭᠠᠳᠠᠨ᠎ᠠ ᠶᠢ ᠪᠦᠷ ᠲᠠᠩ ᠤᠯᠤᠰ ᠤᠨ ᠨᠤᠲᠤᠭ ᠳᠡᠪᠢᠰᠬᠡᠷ ᠲᠤ ᠣᠷᠣᠭᠤᠯᠵᠠᠶ᠃       7— 8 ᠳ᠋ᠤᠭᠠᠷ ᠵᠠᠭᠤᠨ ᠤ ᠦᠶ᠎ᠡ ᠳᠤ᠂ ᠶᠡᠭᠡ ᠬᠢᠩᠭᠠᠨ ᠳᠠᠪᠠᠭ᠎ᠠ ᠠᠴᠠ ᠪᠠᠷᠠᠭᠤᠨᠰᠢᠬᠢ ᠭᠠᠵᠠᠷ ᠣᠷᠣᠨ ᠨᠢ ᠤᠷᠢᠳ ᠬᠤᠵᠢᠳ ᠲᠦᠷᠺ ᠬᠥᠮᠦᠨ ᠪᠠ ᠡᠷᠲᠡᠨ ᠤ  ᠤᠶᠢᠭᠤᠷ ᠬᠥᠮᠦᠨ ᠳᠤ ᠡᠵᠡᠯᠡᠭᠳᠡᠵᠦ᠂ ᠲᠦᠷᠺ ᠬᠠᠭᠠᠨᠲᠤ ᠤᠯᠤᠰ ᠪᠠ ᠤᠶᠢᠭᠤᠷ ᠤᠨ ᠵᠡᠭᠦᠨ ᠬᠡᠰᠡᠭ ᠤᠨ ᠬᠢᠯᠢ ᠬᠢᠵᠠᠭᠠᠷ ᠣᠷᠣᠨ ᠪᠣᠯᠤᠭᠰᠠᠨ ᠪᠠᠶᠢᠨ᠎ᠠ᠃ 9 ᠳ᠋ᠦ᠋ᠭᠡᠷ ᠵᠠᠭᠤᠨ ᠤ ᠰᠡᠭᠦᠯᠴᠢ ᠪᠠ 10 ᠳ᠋ᠤᠭᠠᠷ ᠵᠠᠭᠤᠨ ᠤ ᠡᠬᠢ ᠪᠠᠷ᠂ ᠳᠠᠪᠠᠭᠠᠨ ᠤ ᠪᠠᠷᠠᠭᠤᠨ ᠬᠡᠰᠡᠭ ᠨᠢ ᠠᠭᠠᠵᠢᠮ ᠢᠶᠠᠷ ᠦᠦᠭᠦᠳᠠᠯᠠᠢ ᠵᠢᠴᠢ ᠲᠠᠲ᠋ᠠᠷ ᠬᠥᠮᠦᠨ ᠤ ᠰᠠᠭᠤᠭ᠎ᠠ ᠭᠠᠵᠠᠷ ᠪᠣᠯᠵᠤ᠂ ᠳᠠᠪᠠᠭᠠᠨ ᠤ ᠵᠡᠭᠦᠨ ᠬᠡᠰᠡᠭ ᠨᠢ ᠬᠢᠳᠠᠨ ᠬᠥᠮᠦᠨ ᠤ  ᠬᠦᠴᠦᠨ ᠤ ᠬᠦᠷᠢᠶ᠎ᠡ ᠪᠣᠯᠤᠭᠰᠠᠨ ᠪᠠᠶᠢᠨ᠎ᠠ᠃       ᠯᠢᠶᠣᠤ ᠤᠯᠤᠰ ︵907 — 1125 ᠣᠨ︶ ᠤᠨ ᠤᠤᠯ ᠨᠡᠷ᠎ᠡ ᠨᠢ ᠬᠢᠳᠠᠨ᠂ ᠰᠡᠭᠦᠯᠡᠷ ᠨᠢ ︽ᠯᠢᠶᠣᠤ︾ ᠭᠡᠵᠦ ᠬᠠᠯᠠᠪᠠ᠃ ᠨᠡᠶᠢᠲᠡ ᠶᠢᠨ ᠣᠨ ᠲᠣᠭᠠᠯᠠᠯ ᠤᠨ 907 ᠣᠨ ᠳᠤ ᠯᠢᠶᠣᠤ ᠤᠯᠤᠰ ᠤᠨ ᠲᠠᠶᠢᠽᠦ ᠬᠢᠳᠠᠨ ᠤ ᠡᠯ᠎ᠡ ᠠᠶᠢᠮᠠᠭ ᠢ ᠨᠢᠭᠡᠳᠬᠡᠨ ᠬᠠᠭᠠᠨ ᠡᠷᠭᠦᠮᠵᠢᠯᠡᠵᠦ᠂ ᠤᠯᠤᠰ ᠤᠨ ᠴᠣᠯᠠ ᠪᠠᠨ ︽ᠬᠢᠳᠠᠨ ︾ ᠭᠡᠵᠦ᠂ 918 ᠣᠨ ᠳᠤ ᠯᠢᠨᠬᠤᠸᠠᠩ ᠤᠷᠤᠨ ︵ᠣᠳᠣ ᠶᠢᠨ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠡᠮᠦᠨᠡᠲᠦ ᠫᠣᠯᠣ ᠬᠤᠲᠠ︶ ᠳᠤ ᠨᠡᠶᠢᠰᠯᠡᠵᠡᠶ᠃ 936 ᠣᠨ ᠳᠤ ᠡᠮᠦᠨᠡᠰᠢ ᠵᠦᠩᠶᠤᠸᠠᠨ ᠣᠷᠣᠨ ᠳᠤ ᠣᠷᠣᠵᠤ᠂ ᠲᠠᠪᠤᠨ ᠲᠥᠷᠥ ᠶᠢ ᠳᠣᠪᠲᠣᠯᠤᠨ ᠮᠥᠬᠦᠭᠡᠭᠰᠡᠨ ᠤ ᠳᠠᠷᠠᠭ᠎ᠠ ᠤᠯᠤᠰ ᠤᠨ ᠴᠣᠯᠠ ᠪᠠᠨ ︽ᠶᠡᠭᠡ ᠯᠢᠶᠣᠤ︾ ᠬᠡᠮᠡᠨ ᠬᠠᠯᠠᠪᠠ᠃ 983 ᠣᠨ ᠳᠤ ︽ᠬᠢᠳᠠᠨ︾ ᠭᠡᠵᠦ᠂ 1066 ᠣᠨ ᠳᠤ ︽ᠶᠡᠭᠡ ᠯᠢᠶᠣᠤ︾ ᠭᠡᠵᠦ ᠬᠠᠯᠠᠪᠠ᠃ ᠯᠢᠶᠣᠤ ᠤᠯᠤᠰ ᠤᠨ ᠪᠦᠬᠦ ᠲᠠᠯ᠎ᠠ ᠪᠠᠷ ᠬᠥᠭᠵᠢᠭᠰᠡᠨ ᠦᠶ᠎ᠡ ᠶᠢᠨ ᠨᠤᠲᠤᠭ ᠳᠡᠪᠢᠰᠬᠡᠷ ᠨᠢ ᠵᠡᠭᠦᠨᠰᠢ ᠶᠠᠫᠣᠨ ᠲᠠᠩᠭᠢᠰ᠂ ᠪᠠᠷᠠᠭᠤᠨᠰᠢ ᠠᠯᠲᠠᠶ ᠠᠭᠤᠯᠠ᠂ ᠤᠮᠠᠷᠠᠰᠢ ᠡᠷᠭᠦᠨ᠎ᠡ ᠭᠤᠣᠯ 、 ᠶᠡᠭᠡ ᠬᠢᠩᠭᠠᠨ ᠳᠠᠪᠠᠭ᠎ᠠ ᠣᠷᠴᠢᠮ᠂ ᠡᠮᠦᠨᠡᠰᠢ ᠾᠧᠪᠧᠢ  ᠮᠤᠵᠢ ᠶᠢᠨ ᠡᠮᠦᠨᠡᠲᠦ ᠬᠡᠰᠡᠭ ᠤᠨ ᠪᠠᠶ ᠭᠸᠤ ᠾᠧ ᠬᠦᠷᠴᠠᠢ᠃ ᠬᠢᠳᠠᠨ ᠦᠨᠳᠦᠰᠦᠲᠡᠨ ᠪᠣᠯ ᠤᠤᠯ ᠠᠴᠠ ᠪᠠᠨ ᠨᠡᠭᠦᠳᠡᠯᠯᠡᠨ ᠮᠠᠯᠵᠢᠬᠤ ᠦᠨᠳᠦᠰᠦᠲᠡᠨ ᠶᠤᠮ᠂ ᠯᠢᠶᠣᠤ ᠤᠯᠤᠰ ᠤᠨ ᠬᠠᠭᠠᠨ ᠲᠠᠷᠢᠶᠠᠯᠠᠩ ᠮᠠᠯ ᠠᠵᠤ ᠠᠬᠤᠶ ᠶᠢ ᠬᠠᠮᠲᠤ ᠪᠠᠷ ᠬᠥᠭᠵᠢᠭᠦᠯᠦᠨ ᠴᠡᠴᠡᠭᠯᠡᠭᠦᠯᠵᠦ᠂ ᠥᠪᠡᠷ ᠥᠪᠡᠷ ᠤᠨ ᠣᠷᠣᠨ ᠪᠠᠶᠢᠷᠢ ᠪᠠᠨ ᠣᠯᠭᠤᠵᠤ᠂ ᠥᠪᠡᠷᠮᠢᠴᠡ ᠪᠥᠭᠡᠳ ᠨᠡᠯᠢᠶᠡᠳ ᠪᠦᠷᠢᠨ ᠪᠦᠲᠦᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠪᠠ᠃ ᠯᠢᠶᠣᠤ ᠤᠯᠤᠰ ᠭᠤᠣᠯᠳᠠᠯᠭ᠎ᠠ ᠪᠠᠨ ᠦᠨᠳᠦᠰᠦᠲᠡᠨ ᠤ ᠪᠠᠳᠠᠷᠠᠯ ᠤᠨ ᠣᠷᠣᠨ ᠳᠤ ᠲᠠᠯᠪᠢᠵᠤ᠂ ᠬᠤᠶᠠᠷ ᠵᠥᠪᠯᠡᠯᠭᠡᠨ ᠤ ᠳᠦᠷᠢᠮᠲᠦ ᠤᠯᠤᠰ ᠲᠥᠷᠥ ᠶᠢᠨ ᠪᠠᠶᠢᠭᠤᠯᠤᠮᠵᠢ ᠶᠢ ᠡᠭᠦᠳᠦᠨ ᠪᠠᠶᠢᠭᠤᠯᠵᠠᠶ᠃ ᠲᠡᠷᠡᠴᠢᠯᠡᠨ ᠬᠢᠳᠠᠨ ᠦᠰᠦᠭ ᠪᠢᠴᠢᠭ ᠢ ᠡᠭᠦᠳᠦᠨ ᠪᠦᠲᠦᠭᠡᠵᠦ᠂ ᠥᠪᠡᠷ ᠤᠨ ᠰᠣᠶᠣᠯ ᠢᠶᠠᠨ ᠬᠠᠳᠠᠭᠠᠯᠠᠵᠠᠢ᠃ ᠡᠭᠦᠨ ᠠᠴᠠ ᠭᠠᠳᠠᠨ᠎ᠠ᠂ ᠪᠦᠸᠧᠬᠠᠶ ᠤᠯᠤᠰ᠂ ᠲᠠᠪᠤᠨ ᠲᠥᠷᠥ᠂ ᠤᠮᠠᠷᠠᠲᠤ ᠰᠦᠩ ᠤᠯᠤᠰ᠂ ᠪᠠᠷᠠᠭᠤᠨ ᠰᠢᠶᠠ ᠤᠯᠤᠰ ᠵᠢᠴᠢ ᠪᠠᠷᠠᠭᠤᠨ ᠬᠢᠵᠠᠭᠠᠷ ᠤᠨ ᠡᠯ᠎ᠡ ᠤᠯᠤᠰ ᠤᠨ ᠰᠣᠶᠣᠯ ᠢ ᠰᠢᠩᠭᠡᠭᠡᠨ ᠠᠪᠴᠤ᠂ ᠯᠢᠶᠣᠤ ᠤᠯᠤᠰ ᠤᠨ ᠤᠯᠤᠰ ᠲᠥᠷᠥ᠂ ᠠᠵᠤ ᠠᠬᠤᠶ ᠪᠠ ᠰᠣᠶᠣᠯ ᠤᠨ ᠡᠯ᠎ᠡ ᠲᠠᠯ᠎ᠠ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃ ᠶᠡᠭᠡ ᠬᠢᠩᠭᠠᠨ ᠳᠠᠪᠠᠭ᠎ᠠ ᠶᠢᠨ ᠵᠡᠭᠦᠨ ᠬᠡᠰᠡᠭ ᠤᠨ ᠭᠠᠵᠠᠷ ᠣᠷᠣᠨ ᠨᠢ ᠱᠠᠩᠵᠢᠩ ᠳ᠋ᠤᠤ ᠶᠢᠨ ᠵᠡᠭᠦᠨ ᠬᠤᠶᠢᠲᠤ ᠵᠠᠮ ᠤᠨ ᠳᠠᠬᠢᠯᠭ᠎ᠠ ᠶᠢᠨ ᠵᠤᠷᠭᠠᠨ ᠳᠤ ᠬᠠᠮᠢᠶᠠᠷᠤᠭᠳᠠᠵᠤ᠂ ᠳᠠᠪᠠᠭ᠎ᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠨᠢ ᠦᠦᠭᠦᠳᠠᠯᠠᠢ ᠴᠡᠷᠢᠭ ᠤᠨ ᠵᠤᠷᠭᠠᠨ ᠳᠤ ᠬᠠᠮᠢᠶᠠᠷᠤᠭᠳᠠᠪᠠ᠃       ᠠᠯᠲᠠᠨ ᠤᠯᠤᠰ ᠤᠨ ᠦᠶ᠎ᠡ ᠳᠤ᠂ ᠶᠡᠭᠡ ᠬᠢᠩᠭᠠᠨ ᠳᠠᠪᠠᠭᠠᠨ ᠤ ᠵᠡᠭᠦᠨ ᠲᠠᠯ᠎ᠠ ᠨᠢ ᠫᠦ᠋ ᠢᠦᠢ ᠯᠦ ᠳᠤ ᠬᠠᠷᠢᠶᠠᠯᠠᠭᠳᠠᠵᠤ᠂ ᠳᠠᠪᠠᠭᠠᠨ ᠤ ᠪᠠᠷᠠᠭᠤᠨ ᠲᠠᠯ᠎ᠠ ᠨᠢ ᠵᠡᠭᠦᠨ ᠬᠤᠶᠢᠲᠤ ᠶᠢᠨ ᠵᠠᠮ ᠤᠨ ᠳᠠᠶᠢᠯᠠᠯᠭ᠎ᠠ ᠶᠢᠨ ᠵᠤᠷᠭᠠᠨ ᠳᠤ ᠬᠠᠷᠢᠶᠠᠯᠠᠭᠳᠠᠵᠤ ᠪᠠᠶᠢᠪᠠ᠃       ᠨᠡᠶᠢᠲᠡ ᠶᠢᠨ ᠣᠨ ᠲᠣᠭᠠᠯᠠᠯ ᠤᠨ 1214 ᠣᠨ ᠳᠤ ᠴᠢᠩᠭᠢᠰ ᠬᠠᠭᠠᠨ ᠮᠣᠩᠭᠤᠯ ᠢ ᠨᠢᠭᠡᠳᠬᠡᠭᠰᠡᠨ ᠤ ᠳᠠᠷᠠᠭ᠎ᠠ᠂ ᠶᠡᠭᠡ ᠬᠢᠩᠭᠠᠨ ᠳᠠᠪᠠᠭᠠᠨ ᠤ ᠪᠠᠷᠠᠭᠤᠨ ᠬᠡᠰᠡᠭ ᠭᠠᠵᠠᠷ ᠣᠷᠣᠨ ᠨᠢ ᠴᠢᠩᠭᠢᠰ ᠬᠠᠭᠠᠨ ᠤ ᠳᠡᠭᠦᠦ ᠬᠠᠰᠠᠷ ᠪᠣᠯᠤᠨ ᠬᠠᠴᠢᠭᠤᠨ ᠲᠡᠮᠦᠭᠡ ᠤᠳᠴᠢᠭᠢᠨ ᠵᠢᠴᠢ ᠳ᠋ᠧ ᠰᠢᠤᠸᠠᠢ ᠴᠠᠨ ᠤᠭᠰᠠᠭᠠᠲᠠᠨ ᠤ ᠡᠷᠭᠦᠮᠵᠢᠯᠡᠯ ᠤᠨ ᠭᠠᠵᠠᠷ ᠪᠤᠯᠵᠦ᠂ ᠶᠡᠭᠡ ᠬᠢᠩᠭᠠᠨ ᠳᠠᠪᠠᠭᠠᠨ ᠤ ᠵᠡᠭᠦᠨ ᠬᠡᠰᠡᠭ ᠭᠠᠵᠠᠷ ᠣᠷᠣᠨ ᠨᠢ ᠲᠡᠮᠦᠭᠡ ᠤᠳᠴᠢᠭᠢᠨ ᠤ ᠡᠷᠭᠦᠮᠵᠢᠯᠡᠯ ᠤᠨ ᠭᠠᠵᠠᠷ ᠪᠤᠯᠵᠠᠢ᠃ ᠾᠧᠢ ᠱᠠᠨ ᠳᠧᠦ ᠪᠠᠯᠭᠠᠰᠤᠨ ᠤ ᠡᠷᠲᠡᠨ ᠤ ᠬᠤᠲᠠ ᠶᠢᠨ ᠪᠠᠭᠤᠷᠢ ᠪᠣᠯ ᠳᠠᠷᠤᠶ ᠵᠦᠴᠢ ᠬᠠᠰᠠᠷ ᠤᠨ ᠬᠠᠭᠤᠴᠢᠨ ᠨᠡᠶᠢᠰᠯᠡᠯ ᠪᠣᠯᠤᠨ᠎ᠠ᠃       ᠶᠤᠸᠠᠨ ᠤᠯᠤᠰ ᠤᠨ ᠡᠬᠢᠨ ᠤ ᠦᠶ᠎ᠡ ᠳᠤ᠂ ᠬᠥᠯᠥᠨ ᠪᠤᠶᠢᠷ ᠣᠷᠣᠨ ᠮᠥᠨ ᠴᠤ ᠤᠯᠠᠨ ᠸᠠᠩ  ᠳᠤ ᠡᠷᠭᠦᠮᠵᠢᠯᠡᠭᠳᠡᠭᠰᠡᠨ ᠭᠠᠵᠠᠷ ᠪᠠᠶᠢᠪᠠ᠃ 1288 ᠣᠨ ᠠᠴᠠ ᠨᠠᠶᠢᠶᠠᠨ  、 ᠬᠠᠳᠠᠨ ᠤ ᠤᠷᠪᠠᠯᠭᠠᠨ ᠢ ᠲᠡᠭᠰᠢᠳᠭᠡᠭᠰᠡᠨ ᠤ ᠳᠠᠷᠠᠭ᠎ᠠ᠂ ᠤᠯᠠᠨ ᠸᠠᠩ ᠤᠨ ᠡᠷᠭᠦᠮᠵᠢᠯᠡᠯ ᠤᠨ ᠭᠠᠵᠠᠷ ᠵᠠᠰᠠᠭ ᠵᠠᠬᠢᠷᠭᠠᠨ ᠤ ᠤᠷᠤᠨ ᠳᠤ ᠬᠠᠷᠢᠶᠠᠯᠠᠭᠳᠠᠵᠤ᠂ ᠯᠢᠩ ᠳ᠋ᠦᠩ ᠣᠷᠣᠨ ᠢ ᠵᠦᠩ ᠱᠦ᠋ ᠮᠤᠵᠢ ᠶᠢᠨ ᠲᠠᠢ ᠨᠢᠩ ᠯᠦ᠂ ᠯᠢᠶᠤᠤᠶᠠᠩ ᠤᠨ ᠤᠮᠠᠷᠠᠲᠤ ᠶᠢᠨ ᠯᠢᠶᠣᠤᠳᠦ᠋ᠩ ᠵᠠᠮ ᠪᠠ ᠾᠧᠢ ᠱᠦᠢ ᠹᠦ᠋ ᠶᠢᠨ ᠳ᠋ᠡ ᠳ᠋ᠡ ᠵᠠᠮ ᠳᠤ ᠣᠷᠣᠭᠤᠯᠵᠤ᠂ ᠶᠡᠭᠡ ᠬᠢᠩᠭᠠᠨ ᠳᠠᠪᠠᠭᠠᠨ ᠤ ᠪᠠᠷᠠᠭᠤᠨ ᠣᠷᠣᠨ ᠢ ᠯᠢᠩ ᠪᠸᠢ ᠮᠤᠵᠢ ᠪᠠ ᠾᠧ ᠯᠢᠨ ᠵᠠᠮ ᠳᠤ ᠣᠷᠣᠭᠤᠯᠪᠠ᠃       ᠮᠢᠩ ᠤᠯᠤᠰ ᠪᠠᠶᠢᠭᠤᠯᠤᠭᠳᠠᠭᠰᠠᠨ ᠤ ᠳᠠᠷᠠᠭ᠎ᠠ ᠤᠮᠠᠷᠠᠲᠤ ᠶᠤᠸᠠᠨ ᠤᠯᠤᠰ ︵ᠮᠣᠩᠭᠤᠯ ᠬᠠᠭᠠᠨᠲᠤ ᠤᠯᠤᠰ︶ ᠮᠣᠩᠭᠤᠯ ᠤᠨ ᠲᠠᠯ᠎ᠠ ᠨᠤᠲᠤᠭ ᠢᠶᠠᠨ ᠰᠠᠬᠢᠨ ᠬᠠᠮᠠᠭᠠᠯᠠᠵᠤ᠂ ᠴᠠᠬᠠᠷ ᠠᠶᠢᠮᠠᠭ ᠢᠶᠠᠷ ᠤᠭᠰᠠᠭᠠᠨ ᠤ ᠡᠵᠡᠨ ᠤ ᠠᠶᠢᠮᠠᠭ ᠪᠣᠯᠭᠠᠨ ᠮᠣᠩᠭᠤᠯ ᠤᠨ ᠲᠠᠯ᠎ᠠ ᠨᠤᠲᠤᠭ ᠢ ᠦᠷᠭᠦᠯᠵᠢᠯᠡᠨ ᠨᠣᠶᠠᠷᠬᠠᠵᠤ᠂ ᠬᠥᠯᠥᠨ ᠪᠤᠶᠢᠷ ᠤᠮᠠᠷᠠᠲᠤ ᠶᠤᠸᠠᠨ ᠤᠯᠤᠰ ᠤᠨ ᠵᠡᠭᠦᠨ ᠬᠢᠯᠢ ᠪᠣᠯᠪᠠ᠃ 1439 — 1454 ᠣᠨ ᠳᠤ᠂ ᠬᠥᠯᠥᠨ ᠪᠤᠶᠢᠷ ᠲᠤ ᠨᠡᠭᠦᠵᠦ ᠢᠷᠡᠭᠰᠡᠨ ᠨᠢ ᠮᠣᠩᠭᠤᠯ ᠦᠨᠳᠦᠰᠦᠲᠡᠨ ᠤ ᠠᠷᠤ ᠬᠤᠷᠴᠢᠨ᠂ ᠳᠦᠷᠪᠡᠳ᠂  ᠤᠷᠠᠳ᠂ ᠮᠤᠤᠮᠢᠩᠭᠠᠨ ᠵᠡᠷᠭᠡ ᠲᠦᠷᠪᠡᠨ ᠠᠶᠢᠮᠠᠭ ᠪᠣᠯᠤᠨ᠎ᠠ᠃ ᠶᠡᠭᠡ ᠬᠢᠩᠭᠠᠨ ᠳᠠᠪᠠᠭ᠎ᠠ ᠶᠢᠨ ᠵᠡᠭᠦᠨ ᠬᠤᠷᠮᠣᠶ ᠳᠤ ᠠᠷᠤ ᠬᠤᠷᠴᠢᠨ ᠠᠶᠢᠮᠠᠭ ᠤᠨ ᠮᠠᠯᠵᠢᠯ ᠤᠨ ᠭᠠᠵᠠᠷ ᠪᠠᠶᠢᠵᠤ᠂ ᠪᠤᠰᠤᠳ ᠭᠤᠷᠪᠠᠨ ᠠᠶᠢᠮᠠᠭ ᠤᠨ ᠮᠠᠯᠵᠢᠯ ᠤᠨ ᠭᠠᠵᠠᠷ ᠨᠢ ᠶᠡᠭᠡ ᠬᠢᠩᠭᠠᠨ ᠳᠠᠪᠠᠭ᠎ᠠ ᠠᠴᠠ ᠪᠠᠷᠠᠭᠤᠨᠰᠢ ᠨᠢᠪᠦᠴᠦᠸᠧ ᠬᠦᠷᠳᠡᠭ᠃ ᠠᠷᠪᠠᠨ ᠲᠠᠪᠤᠳᠤᠭᠠᠷ ᠵᠠᠭᠤᠨ ᠤ ᠡᠬᠢ ᠪᠠᠷ᠂ ᠮᠢᠩ ᠤᠯᠤᠰ ᠬᠢᠯᠢ ᠬᠢᠵᠠᠭᠠᠷ ᠣᠷᠣᠨ ᠳᠤ ᠨᠡᠶᠢᠰᠯᠡᠯ ᠤᠨ ᠵᠤᠷᠭᠠᠨ᠂ ᠬᠠᠮᠠᠭᠠᠯᠠᠯᠲᠠ ᠶᠢᠨ ᠭᠠᠵᠠᠷ ᠪᠠ ᠬᠠᠷᠢᠶᠠᠲᠤ ᠶᠠᠮᠤᠨ ᠢ ᠪᠠᠶᠢᠭᠤᠯᠤᠨ ᠵᠠᠬᠢᠷᠴᠤ ᠪᠠᠶᠢᠪᠠ᠃ ᠬᠥᠯᠥᠨ ᠪᠤᠶᠢᠷ ᠣᠷᠣᠨ ᠢ ᠨᠦᠷᠭᠠᠨᠳᠤᠰ ᠤᠨ ᠳᠣᠣᠷ᠎ᠠ ᠪᠠᠶᠢᠭᠤᠯᠤᠭᠰᠠᠨ ᠵᠠᠷᠢᠮ ᠬᠠᠮᠠᠭᠠᠯᠠᠯᠲᠠ ᠶᠢᠨ ᠭᠠᠵᠠᠷ ᠠᠴᠠ ᠬᠠᠮᠢᠶᠠᠷᠳᠠᠭ᠃ ᠶᠡᠭᠡ ᠬᠢᠩᠭᠠᠨ ᠳᠠᠪᠠᠭᠠᠨ ᠤ ᠵᠡᠭᠦᠨ ᠲᠠᠯ᠎ᠠ ᠶᠢ ᠪᠦᠷᠬᠠᠸᠢ᠂ ᠠᠯᠤᠨ ᠸᠧᠶ  ᠬᠠᠮᠢᠶᠠᠷᠴᠤ᠂ ᠶᠡᠭᠡ ᠬᠢᠩᠭᠠᠨ ᠳᠠᠪᠠᠭᠠᠨ ᠤ ᠪᠠᠷᠠᠭᠤᠨ ᠲᠠᠯ᠎ᠠ ᠶᠢ ᠣᠨᠣᠨ ᠭᠤᠣᠯ ᠤᠨ ᠸᠧᠶ᠂ ᠵᠢᠶᠠᠨ ᠾᠧ ᠸᠧᠶ᠂ ᠬᠠ ᠼᠢ ᠬᠠᠢ ᠸᠧᠶ ᠵᠢᠴᠢ ᠬᠠᠶ ᠼᠢ ᠮᠢᠩᠭᠠᠨ ᠡᠷᠦᠬᠡ ᠬᠠᠮᠢᠶᠠᠷᠴᠤ᠂ ᠭᠡᠭᠡᠨ ᠭᠤᠣᠯ ᠣᠷᠣᠨ ᠢ ᠵᠢᠶᠠᠨ ᠾᠧ ᠸᠧᠶ ᠬᠠᠮᠢᠶᠠᠷᠴᠤ ᠪᠠᠶᠢᠪᠠ᠃       1616 ᠣᠨ ᠳᠤ ᠬᠤᠶᠢᠲᠤ ᠠᠯᠲᠠᠨ ᠤᠯᠤᠰ ᠪᠠᠶᠢᠭᠤᠯᠤᠭᠳᠠᠪᠠ᠃ 1630 ᠣᠨ ᠪᠠ 1633 ᠣᠨ ᠳᠤ ᠬᠥᠯᠥᠨ ᠪᠤᠶᠢᠷ ᠣᠷᠣᠨ ᠳᠤ ᠰᠠᠭᠤᠷᠢᠰᠢᠵᠤ ᠪᠠᠶᠢᠭᠰᠠᠨ ᠠᠷᠤ ᠬᠤᠷᠴᠢᠨ᠂ ᠤᠷᠠᠳ᠂ ᠳᠦᠷᠪᠡᠳ᠂ ᠮᠤᠤᠮᠢᠩᠭᠠᠨ ᠤ ᠴᠡᠷᠢᠭ ᠤᠷᠢᠳ ᠬᠤᠵᠢᠳ ᠬᠤᠶᠢᠲᠤ ᠠᠯᠲᠠᠨ ᠤᠯᠤᠰ ᠢ ᠳᠠᠭᠠᠪᠠ᠃ 1635 ᠣᠨ ᠤ ᠤᠷᠢᠳ ᠬᠤᠵᠢᠳ ᠢᠶᠠᠷ ᠬᠤᠶᠢᠲᠤ ᠠᠯᠲᠠᠨ ᠤᠯᠤᠰ ᠤᠨ ᠵᠠᠰᠠᠭ ᠤᠨ ᠵᠠᠷᠯᠢᠭ ᠢᠶᠠᠷ ᠶᠡᠭᠡ ᠬᠢᠩᠭᠠᠨ ᠳᠠᠪᠠᠭᠠᠨ ᠤ ᠪᠠᠷᠠᠭᠤᠨ ᠬᠡᠰᠡᠭ ᠲᠤ ᠠᠮᠢᠳᠤᠷᠠᠵᠤ ᠪᠠᠶᠢᠭᠰᠠᠨ ᠤᠷᠠᠳ᠂ ᠳᠦᠷᠪᠡᠳ᠂ ᠮᠤᠤᠮᠢᠩᠭᠠᠨ ᠭᠤᠷᠪᠠᠨ ᠠᠶᠢᠮᠠᠭ ᠵᠠᠯᠭᠠᠭ᠎ᠠ ᠪᠠᠷ ᠪᠠᠷᠠᠭᠤᠨ ᠡᠮᠦᠨᠡᠰᠢ ᠪᠠᠨ ᠤᠯᠠᠭᠠᠨᠴᠠᠪ ᠤᠨ ᠲᠠᠯ᠎ᠠ ᠨᠤᠲᠤᠭ ᠲᠤ ᠨᠡᠭᠦᠵᠦ᠂ ᠠᠷᠤ ᠬᠤᠷᠴᠢᠨ ᠠᠶᠢᠮᠠᠭ ᠣᠳᠣ ᠶᠢᠨ ᠤᠯᠠᠭᠠᠨᠬᠠᠳᠠ ᠬᠤᠲᠠ ᠳᠤ ᠬᠦᠷᠴᠡᠶ᠃       ︽ᠴᠢᠩ ᠤᠯᠤᠰ ᠪᠠᠶᠢᠭᠤᠯᠤᠭᠳᠠᠵᠠᠢ︾ ᠡᠶᠡᠪᠡᠷ ᠵᠠᠰᠠᠭᠴᠢ ᠶᠢᠨ ᠣᠨ ︵1644 — 1661 ᠣᠨ︶ ᠳᠤ ᠴᠠᠭᠠᠨ ᠬᠠᠭᠠᠨᠲᠤ ᠣᠷᠣᠰ ᠤᠨ ᠴᠡᠷᠢᠭ ᠠᠩᠭᠢ ᠳᠤᠮᠳᠠᠳᠤ ᠤᠯᠤᠰ ᠤᠨ ᠬᠠᠷᠠᠮᠥ᠋ᠷᠡᠨ ᠤ ᠰᠠᠪᠠ ᠭᠠᠵᠠᠷ ᠤᠨ ᠥᠷᠭᠡᠨ ᠠᠭᠤᠳᠠᠮ ᠭᠠᠵᠠᠷ ᠣᠷᠣᠨ ᠳᠤ ᠲᠦᠷᠢᠮᠡᠬᠡᠶᠢᠯᠡᠨ ᠣᠷᠣᠵᠤ᠂ ᠦᠶ᠎ᠡ ᠤᠯᠠᠷᠢᠨ ᠲᠡᠨᠳᠡ ᠰᠠᠭᠤᠷᠢᠰᠢᠵᠤ ᠪᠠᠶᠢᠭᠰᠠᠨ ᠳᠠᠭᠤᠷ᠂ ᠡᠸᠡᠩᠬᠢ᠂ ᠣᠷᠴᠣᠨ ᠵᠡᠷᠭᠡ ᠦᠨᠳᠦᠰᠦᠲᠡᠨ ᠤ ᠠᠷᠠᠳ ᠲᠦᠮᠡᠨ ᠠᠷᠭ᠎ᠠ ᠪᠤᠰᠤ ᠬᠠᠷᠠᠮᠥ᠋ᠷᠡᠨ ᠤ ᠡᠮᠦᠨ᠎ᠡ ᠡᠷᠭᠢ ᠳᠠᠬᠢ ᠨᠤᠨ ᠮᠥᠷᠡᠨ ᠤ ᠰᠠᠪᠠ ᠭᠠᠵᠠᠷ ᠲᠤ ᠨᠡᠭᠦᠨ  ᠰᠠᠭᠤᠷᠢᠰᠢᠵᠠᠶ᠃ ᠲᠡᠳᠡ ᠨᠤᠮᠢᠨ ᠭᠤᠣᠯ᠂ ᠠᠷᠤᠨ ᠭᠤᠣᠯ᠂ ᠶᠢᠨ ᠭᠤᠣᠯ᠂ ᠶᠠᠯᠦ ᠭᠤᠣᠯ᠂  ᠴᠤᠷ ᠭᠤᠣᠯ᠂ ᠵᠢᠴᠢᠨ ᠭᠤᠣᠯ ᠤᠨ ᠰᠠᠪᠠ ᠭᠠᠵᠠᠷ ᠲᠤ ᠳᠥᠭᠦᠮ ᠲᠠᠷᠢᠶᠠᠯᠠᠩ ᠪᠠ ᠵᠢᠭᠠᠰᠤ ᠠᠩᠨᠠᠬᠤ ᠦᠢᠯᠡᠳᠪᠦᠷᠢᠯᠡᠯ ᠬᠢᠵᠦ ᠪᠠᠶᠢᠪᠠ᠃ ᠬᠠᠮᠢᠶᠠᠷᠤᠯᠲᠠ ᠪᠠᠨ ᠴᠢᠩᠭᠠᠳᠬᠠᠬᠤ ᠶᠢᠨ ᠲᠥᠯᠥᠭᠡ ᠂ ᠴᠢᠩ ᠤᠯᠤᠰ ᠤᠨ ᠵᠠᠰᠠᠭ ᠤᠨ ᠣᠷᠳᠣᠨ ᠠᠴᠠ ᠳᠠᠭᠤᠷ ᠬᠥᠮᠦᠨ ᠢ 3 ︽ᠵᠠᠯᠠᠨ︾ ᠪᠣᠯᠭᠠᠨ ᠪᠠᠶᠢᠭᠤᠯᠵᠤ᠂ ᠡᠸᠡᠩᠬᠢ ᠬᠥᠮᠦᠨ ᠢ 5 ︽ᠠᠪᠠ︾ ᠪᠣᠯᠭᠠᠨ ᠪᠠᠶᠢᠭᠤᠯᠵᠤ᠂ ᠴᠢᠩ ᠤᠯᠤᠰ ᠤᠨ ᠲᠥᠪ ᠤᠨ ᠵᠠᠰᠠᠭ ᠤᠨ ᠣᠷᠳᠣᠨ ᠤ ᠬᠠᠷᠢ ᠶᠢᠨ ᠶᠠᠪᠤᠳᠠᠯ ᠤᠨ ᠬᠤᠷᠢᠶᠠᠨ ᠠᠴᠠ ᠰᠢᠭᠤᠳ ᠬᠠᠮᠢᠶᠠᠷᠤᠨ᠎ᠠ᠃       ᠡᠩᠬᠡ ᠠᠮᠤᠭᠤᠯᠠᠩ ᠤᠨ ᠬᠤᠷᠢᠨ ᠨᠠᠢᠮᠠᠳᠤᠭᠠᠷ ᠣᠨ ︵1689 ᠣᠨ︶ ᠳᠤ ᠴᠢᠩ ᠤᠯᠤᠰ ᠤᠨ ᠵᠠᠰᠠᠭ ᠤᠨ ᠣᠷᠳᠣᠨ ᠠᠴᠠ ᠨᠤᠨ ᠮᠥᠷᠡᠨ ᠤ ᠪᠠᠷᠠᠭᠤᠨ ᠡᠷᠭᠢ ᠳᠠᠬᠢ   ᠸᠦᠴᠢ ᠶᠢᠨ ᠬᠤᠶᠢᠲᠤ ᠲᠣᠰᠬᠤᠨ ᠳᠤ ᠶᠠᠮᠤᠨ ᠪᠠᠶᠢᠭᠤᠯᠵᠤ᠂ ᠶᠡᠭᠡ ᠳᠠᠷᠤᠭ᠎ᠠ ᠪᠠ ᠳᠡᠳ᠋ ᠲᠤᠰᠠᠯᠠᠨ ᠵᠠᠬᠢᠷᠬᠤ ᠳᠠᠷᠤᠭ᠎ᠠ ᠲᠤᠮᠢᠯᠠᠨ ᠬᠠᠮᠢᠶᠠᠷᠴᠠᠢ᠃ ︽ᠳᠤᠮᠳᠠᠳᠤ ᠣᠷᠣᠰ ᠤᠨ ᠨᠢᠪᠦᠴᠦᠸᠧ ᠶᠢᠨ ᠬᠢᠯᠢ ᠶᠢᠨ ᠵᠠᠭᠠᠭ ᠤᠨ ᠭᠡᠷ᠎ᠡ︾ ᠶᠢ ᠲᠣᠭᠲᠠᠭᠠᠵᠤ᠂ ᠡᠷᠭᠦᠨ᠎ᠡ ᠭᠤᠣᠯ ᠤᠨ ᠵᠡᠭᠦᠨ ᠡᠷᠭᠢ ᠨᠢ ᠳᠤᠮᠳᠠᠳᠤ ᠤᠯᠤᠰ ᠲᠤ ᠬᠠᠷᠢᠶᠠᠯᠠᠭᠳᠠᠵᠤ᠂ ᠪᠠᠷᠠᠭᠤᠨ ᠡᠷᠭᠢ ᠨᠢ ᠣᠷᠣᠰ ᠲᠤ ᠬᠠᠷᠢᠶᠠᠯᠠᠭᠳᠠᠨ᠎ᠠ ᠭᠡᠵᠦ ᠵᠤᠪᠳᠡᠯᠴᠠᠪᠠ᠃       ᠡᠩᠬᠡ ᠠᠮᠤᠭᠤᠯᠠᠩ ᠤᠨ ᠭᠤᠴᠢᠳᠤᠭᠠᠷ ᠣᠨ ︵1691 ᠣᠨ︶ ᠳᠤ ᠰᠣᠯᠣᠨ ᠤ ᠶᠡᠷᠦᠩᠬᠡᠢ ᠶᠠᠮᠤᠨ᠂ ᠳᠠᠭᠤᠷ ᠤᠨ ᠶᠡᠷᠦᠩᠬᠡᠢ ᠶᠠᠮᠤᠨ᠂ ᠲᠤᠰᠠᠯᠠᠨ ᠵᠠᠬᠢᠷᠬᠤ ᠶᠡᠷᠦᠩᠬᠡᠢ ᠳᠠᠷᠤᠭ᠎ᠠ  ᠬᠤᠶᠠᠷ ᠶᠠᠮᠤᠨ ᠢ ᠬᠠᠮᠢᠶᠠᠷᠤᠨ᠎ᠠ᠃ ᠡᠭᠦᠨ ᠠᠴᠠ ᠭᠠᠳᠠᠨ᠎ᠠ ᠪᠠᠰᠠ ᠮᠠᠨᠵᠤᠤᠷ ᠤᠨ ᠶᠡᠷᠦᠩᠬᠡᠢ ᠶᠠᠮᠤᠨ ᠢ  ᠪᠠᠶᠢᠭᠤᠯᠵᠦ ᠪᠣᠭᠤᠮᠲᠠ ᠶᠢᠨ ᠬᠠᠮᠠᠭᠠᠯᠠᠯᠲᠠ ᠶᠢ ᠬᠠᠮᠢᠶᠠᠷᠤᠨ᠎ᠠ᠃       ᠨᠠᠶᠢᠷᠠᠯᠲᠤ ᠲᠥᠪ ᠤᠨ ᠲᠠᠪᠤᠳᠤᠭᠠᠷ ᠣᠨ ︵1727 ᠣᠨ︶ ᠳᠤ ᠡᠷᠭᠦᠨ᠎ᠡ ᠭᠤᠣᠯ ᠳᠠᠭᠠᠤ 18 ᠰᠠᠭᠤᠷᠢ ᠺᠠᠯᠤᠨ ᠲᠣᠬᠢᠷᠠᠭᠤᠯᠵᠤ᠂ ᠬᠢᠯᠢ ᠶᠢᠨ ᠶᠠᠪᠤᠳᠠᠯ ᠪᠠ ᠳᠣᠲᠣᠭᠠᠳᠤ ᠵᠠᠰᠠᠭ ᠢ ᠬᠠᠮᠢᠶᠠᠷᠤᠨ᠎ᠠ᠃       ᠨᠠᠶᠢᠷᠠᠯᠲᠤ ᠲᠥᠪ ᠤᠨ ᠶᠢᠰᠦᠳᠦᠭᠡᠷ ᠣᠨ ︵1731 ᠣᠨ︶ ᠳᠤ ᠴᠢᠩ ᠤᠯᠤᠰ ᠤᠨ ᠵᠠᠰᠠᠭ ᠤᠨ ᠤᠷᠳᠤᠨ ᠠᠴᠠ ᠪᠦᠲ᠋ᠧᠬ᠎ᠠ ᠣᠷᠣᠨ ᠤ 3 ᠵᠠᠯᠠᠨ᠂ 5 ᠠᠪᠠ ᠶᠢᠨ ᠰᠠᠭᠤᠷᠢᠨ ᠳᠡᠭᠡᠷ᠎ᠡ ᠪᠦᠲ᠋ᠧᠬ᠎ᠠ ᠨᠠᠢᠮᠠᠨ ᠬᠤᠰᠢᠭᠤ ᠶᠢ ᠪᠠᠶᠢᠭᠤᠯᠵᠠᠶ᠃       ᠨᠠᠶᠢᠷᠠᠯᠲᠤ ᠲᠥᠪ ᠤᠨ ᠠᠷᠪᠠᠳᠤᠭᠠᠷ ᠣᠨ ︵1732 ᠣᠨ︶ ᠳᠤ᠂ ᠴᠢᠩ ᠤᠯᠤᠰ ᠤᠨ ᠵᠠᠰᠠᠭ ᠤᠨ ᠤᠷᠳᠤᠨ ᠠᠴᠠ ᠪᠦᠲ᠋ᠧᠬ᠎ᠠ ᠶᠢᠨ ᠨᠠᠢᠮᠠᠨ ᠬᠤᠰᠢᠭᠤᠨ ᠠᠴᠠ ᠰᠣᠯᠣᠨ ︵ᠡᠸᠡᠩᠬᠢ︶᠂ ᠳᠠᠭᠤᠷ᠂ ᠣᠷᠴᠣᠨ᠂ ᠪᠠᠷᠭᠤ ᠶᠢᠨ ᠴᠡᠷᠢᠭ ᠠᠴᠠ ᠪᠠᠷᠤᠭ 3000 ᠬᠥᠮᠦᠨ ᠵᠢᠴᠢ ᠬᠥᠭᠰᠢᠨ ᠪᠠᠭᠤᠷᠠᠶ 700 ᠭᠠᠷᠤᠶ ᠬᠥᠮᠦᠨ ᠢ ᠲᠠᠲᠠᠵᠤ᠂ ᠬᠥᠯᠥᠨ ᠪᠤᠶᠢᠷ ᠤᠨ ᠲᠠᠯ᠎ᠠ ᠨᠤᠲᠤᠭ ᠲᠤ ᠨᠡᠭᠦᠯᠭᠡᠵᠦ᠂ ᠰᠣᠯᠣᠨ ᠤ ᠵᠡᠭᠦᠨ᠂ ᠪᠠᠷᠠᠭᠤᠨ ᠬᠤᠶᠠᠷ ᠵᠢᠭᠦᠷ ᠤᠨ ᠨᠠᠢᠮᠠᠨ ᠬᠤᠰᠢᠭᠤ ᠪᠣᠯᠭᠠᠨ ᠪᠠᠶᠢᠭᠤᠯᠵᠠᠶ᠃ ᠵᠡᠭᠦᠨ ᠵᠢᠭᠦᠷ ᠤᠨ ᠳᠥᠷᠪᠡᠨ ᠬᠤᠰᠢᠭᠤ ᠨᠢ ᠣᠷᠣᠰ ᠲᠤ ᠨᠡᠪᠲᠡᠷᠡᠬᠦ ᠵᠠᠮ ᠪᠠ ᠬᠢᠯᠢ ᠣᠷᠴᠢᠮ ᠢᠶᠠᠷ ᠮᠠᠯᠵᠢᠵᠤ᠂ ᠪᠠᠷᠠᠭᠤᠨ ᠵᠢᠭᠦᠷ ᠤᠨ ᠳᠥᠷᠪᠡᠨ ᠬᠤᠰᠢᠭᠤ ᠨᠢ ᠬᠠᠯᠬ᠎ᠠ ᠭᠤᠣᠯ ᠪᠠ ᠮᠣᠩᠭᠤᠯ ᠤᠯᠤᠰ ᠤᠨ ᠬᠢᠯᠢ ᠣᠷᠴᠢᠮ ᠢᠶᠠᠷ ᠮᠠᠯᠵᠢᠳᠠᠭ᠃ ᠧᠷᠦᠲ᠋ᠧ ᠮᠣᠩᠭᠤᠯᠴᠤᠳ ᠤᠨ ᠨᠢᠭᠡ ᠪᠦᠯᠦᠭ 100 ᠴᠡᠷᠢᠭ ᠢ ᠠᠯᠲᠠᠶ ᠠᠭᠤᠯᠠ ᠠᠴᠠ ᠨᠡᠭᠦᠯᠭᠡᠨ ᠠᠪᠴᠢᠷᠠᠵᠤ᠂ ᠤᠷᠢᠳ ᠬᠤᠵᠢᠳ ᠬᠠᠯᠬ᠎ᠠ ᠭᠤᠣᠯ ᠪᠠ ᠰᠢᠨᠢ ᠭᠤᠣᠯ ᠠᠴᠠ ᠡᠮᠦᠨᠡᠰᠢ᠂ ᠢᠮᠢᠨ ᠭᠤᠣᠯ ᠠᠴᠠ ᠵᠡᠭᠦᠨᠰᠢᠬᠢ ᠭᠠᠵᠠᠷ ᠢᠶᠠᠷ ᠮᠠᠯᠵᠢᠵᠤ᠂ ᠥᠪᠡᠷ ᠢᠶᠠᠨ ᠨᠢᠭᠡ  ᠪᠦᠯᠬᠦᠮ ᠪᠤᠯᠵᠦ᠂ ᠨᠢᠭᠡ ᠬᠤᠰᠢᠭᠤ ᠪᠣᠯᠭᠠᠨ ᠵᠣᠬᠢᠶᠠᠨ ᠪᠠᠶᠢᠭᠤᠯᠵᠠᠶ᠃ ᠡᠭᠦᠨ ᠤ ᠬᠠᠮᠲᠤ ᠨᠠᠶᠢᠷᠠᠯᠲᠤ ᠲᠥᠪ ᠤᠨ ᠦᠶ᠎ᠡ ᠳᠤ ᠬᠥᠯᠥᠨ ᠪᠤᠶᠢᠷ ᠳᠤ ᠴᠡᠷᠢᠭ ᠤᠨ ᠶᠠᠮᠤᠨ ᠪᠠᠶᠢᠭᠤᠯᠵᠤ᠂ ᠴᠢᠩ ᠤᠯᠤᠰ ᠤᠨ ᠵᠠᠰᠠᠭ ᠤᠨ ᠤᠷᠳᠤᠨ ᠠᠴᠠ ᠬᠠᠮᠢᠶᠠᠷᠤᠨ᠎ᠠ᠃       ᠪᠠᠳᠠᠷᠠᠭᠤᠯᠲᠤ ᠲᠥᠷᠥ ᠶᠢᠨ ᠭᠤᠴᠢᠨ ᠳᠥᠷᠪᠡᠳᠦᠭᠡᠷ ᠣᠨ ︵1908 ᠣᠨ︶ ᠳᠤ ᠵᠢᠯᠠᠯᠢᠨ ᠳᠤ ᠵᠠᠰᠠᠭ ᠵᠠᠬᠢᠷᠭᠠᠨ ᠤ ᠲᠣᠪᠴᠢᠶ᠎ᠠ ᠪᠠᠶᠢᠭᠤᠯᠤᠨ᠂ ᠬᠢᠯᠢ ᠶᠢᠨ ᠳᠣᠲᠣᠷᠠᠬᠢ ᠵᠠᠰᠠᠭ ᠵᠠᠬᠢᠷᠭ᠎ᠠ ᠪᠠ ᠬᠢᠯᠢ ᠶᠢᠨ ᠶᠠᠪᠤᠳᠠᠯ ᠢ ᠬᠠᠮᠢᠶᠠᠷᠴᠤ᠂ 1912 ᠣᠨ ᠳᠤ ᠬᠦᠴᠦᠨ ᠦᠭᠡᠶ ᠪᠣᠯᠭᠠᠵᠠᠶ᠃       ︽ᠢᠷᠭᠡᠨ ᠤᠯᠤᠰ ᠤᠨ ᠵᠠᠰᠠᠭ ᠵᠠᠬᠢᠷᠭᠠᠨ ᠤ ᠬᠤᠪᠢᠶᠠᠷᠢᠯᠠᠯ︾ 1920 ᠣᠨ ᠳᠤ ᠱᠢᠸᠧᠢ ᠰᠢᠶᠠᠨ ᠪᠠ ᠴᠢ ᠴᠢᠶᠠᠨ ᠰᠢᠶᠠᠨ ᠤ ᠵᠠᠰᠠᠭ ᠤᠨ ᠲᠣᠪᠴᠢᠶ᠎ᠠ ᠶᠢ ᠪᠠᠶᠢᠭᠤᠯᠵᠠᠶ᠃       1921 ᠣᠨ ᠳᠤ ᠴᠢ ᠴᠢᠶᠠᠨ ᠵᠠᠰᠠᠭ ᠤᠨ ᠲᠣᠪᠴᠢᠶ᠎ᠠ ᠶᠢ ᠴᠢ ᠴᠢᠶᠠᠨ ᠰᠢᠶᠠᠨ ᠪᠣᠯᠭᠠᠨ ᠥᠭᠡᠷᠡᠴᠢᠯᠡᠪᠡ᠃       1930 ᠣᠨ ᠳᠤ ᠱᠢᠸᠧᠢ ᠰᠢᠶᠠᠨ ᠤ ᠵᠠᠰᠠᠭ ᠤᠨ ᠣᠷᠳᠣᠨ ᠵᠢᠯᠠᠯᠢᠨ ᠠᠴᠠ ᠾᠧ ᠦ᠋  ︵ᠣᠲᠣ ᠶᠢᠨ ᠰᠦᠴᠢᠨ ᠰᠢᠶᠠᠩ︶ ᠳᠤ ᠨᠡᠭᠦᠪᠡ᠃       1932 ᠣᠨ ᠤ 12 ᠰᠠᠷ᠎ᠠ ᠳᠤ᠂ ︽ᠮᠠᠨᠵᠤ ᠤᠯᠤᠰ︾ ᠤᠨ ᠠᠷᠠᠳ ᠤᠨ ᠶᠠᠪᠤᠳᠠᠯ ᠤᠨ ᠶᠠᠮᠤᠨ ᠠᠴᠠ ᠱᠢᠸᠧᠢ᠂ ᠴᠢ ᠴᠢᠶᠠᠨ ᠬᠤᠶᠠᠷ ᠰᠢᠶᠠᠨ ᠢ ᠬᠠᠭᠤᠷᠮᠠᠭ ᠬᠢᠩᠭᠠᠨ ᠬᠤᠶᠢᠲᠤ ᠮᠤᠵᠢ ᠳᠤ ᠬᠠᠷᠢᠶᠠᠯᠠᠭᠤᠯᠪᠠ᠃       1933 ᠣᠨ ᠤ 1 ᠰᠠᠷ᠎ᠠ ᠶᠢᠨ 1 ᠤ ᠡᠳᠦᠷ᠂ ︽ᠮᠠᠨᠵᠤ ᠤᠯᠤᠰ︾ ᠨᠢ ᠱᠢᠸᠧᠢ ᠰᠢᠶᠠᠨ ᠪᠣᠯᠤᠨ ᠴᠢ ᠴᠢᠶᠠᠨ ᠰᠢᠶᠠᠨ ᠢ ᠬᠠᠰᠤᠵᠤ᠂ ᠬᠡᠷᠡᠭ ᠡᠷᠬᠢᠯᠡᠬᠦ ᠭᠠᠵᠠᠷ ᠪᠣᠯᠭᠠᠨ ᠥᠭᠡᠷᠡᠴᠢᠯᠡᠪᠡ᠃ ᠲᠤᠰ ᠵᠢᠯ ᠤᠨ 7 ᠰᠠᠷ᠎ᠠ ᠶᠢᠨ 12 ᠤᠨ ᠡᠳᠦᠷ᠂ ᠤᠤᠯ ᠤᠨ ᠱᠢᠸᠧᠢ ᠰᠢᠶᠠᠨ ᠤ ᠬᠢᠯᠢ ᠶᠢ ᠡᠷᠭᠦᠨ᠎ᠡ ᠵᠡᠭᠦᠨ ᠭᠠᠷᠤᠨ ᠬᠤᠰᠢᠭᠤ ︵ᠵᠡᠭᠦᠨ ᠡᠷᠭᠦᠨ᠎ᠡ ᠬᠤᠰᠢᠭᠤ ᠭᠡᠳᠡᠭ︶ ᠪᠣᠯᠭᠠᠨ ᠬᠤᠪᠢᠶᠠᠵᠤ᠂ ᠬᠤᠰᠢᠭᠤᠨ ᠤ ᠵᠠᠬᠢᠷᠭ᠎ᠠ ᠶᠢ ᠨᠢ ᠨᠠᠶᠢᠷᠮᠦ᠋ᠳᠦ ︵ᠣᠳᠣ ᠶᠢᠨ ᠰᠠᠨ ᠾᠧ ᠪᠠᠯᠭᠠᠰᠤ︶ ᠳᠤ ᠪᠠᠶᠢᠭᠤᠯᠵᠠᠶ᠃᡽ᠤᠤᠯ ᠤᠨ ᠴᠢ ᠴᠢᠶᠠᠨ ᠰᠢᠶᠠᠨ ᠤ ᠬᠢᠯᠢ ᠶᠢ ᠡᠷᠭᠦᠨ᠎ᠡ ᠶᠢᠨ ᠪᠠᠷᠠᠭᠤᠨ ᠭᠠᠷᠤᠨ ᠬᠤᠰᠢᠭᠤ ︵ᠪᠠᠷᠠᠭᠤᠨ ᠡᠷᠭᠦᠨ᠎ᠡ ᠬᠤᠰᠢᠭᠤ ᠭᠡᠳᠡᠭ︶  ᠪᠤᠯᠭᠠᠵᠦ᠂ ᠬᠤᠰᠢᠭᠤᠨ ᠤ ᠵᠠᠬᠢᠷᠭ᠎ᠠ ᠶᠢ ᠵᠢᠷᠤᠮᠲᠦ ︵ᠤᠳᠤ ᠶᠢᠨ ᠴᠢ ᠴᠢᠶᠠᠨ ᠰᠢᠶᠠᠩ︶ ᠳᠤ ᠪᠠᠶᠢᠭᠤᠯᠵᠠᠶ᠃       1945 ᠣᠨ ᠤ 8 ᠰᠠᠷ᠎ᠠ ᠶᠢᠨ 9 ᠤ ᠡᠳᠦᠷ᠂ ᠬᠠᠭᠤᠷᠮᠠᠭ ᠮᠠᠨᠵᠤ ᠶᠢᠨ ᠵᠠᠰᠠᠭ ᠨᠤᠷᠠᠪᠠ᠃ 8 ᠰᠠᠷ᠎ᠠ ᠶᠢᠨ 10 ᠤ ᠡᠳᠦᠷ᠂ ᠤᠤᠯ ᠤᠨ ᠵᠥᠪᠯᠡᠯᠲᠦ ᠶᠢᠨ ᠤᠯᠠᠭᠠᠨ ᠴᠡᠷᠢᠭ ᠰᠠᠨ ᠾᠧ ᠵᠡᠭᠡᠯᠢ ᠳᠤ ᠣᠷᠣᠵᠤ ᠰᠠᠭᠤᠭᠰᠠᠨ ᠪᠥᠭᠡᠳ ᠬᠠᠮᠠᠭᠠᠯᠠᠬᠤ ᠬᠤᠷᠠᠯ ᠪᠠᠶᠢᠭᠤᠯᠵᠠᠶ᠃       1946 ᠣᠨ ᠳᠤ᠂ ᠬᠥᠯᠥᠨ ᠪᠤᠶᠢᠷ ᠤᠨ ᠥᠪᠡᠷᠲᠡᠭᠡᠨ ᠵᠠᠰᠠᠬᠤ ᠣᠷᠳᠣᠨ ᠤ ᠵᠥᠪᠰᠢᠶᠡᠷᠡᠯ ᠢᠶᠠᠷ᠂ ᠡᠷᠭᠦᠨ᠎ᠡ ᠵᠡᠭᠦᠨ ᠭᠠᠷᠤᠨ ᠬᠤᠰᠢᠭᠤᠨ ᠤ ᠵᠠᠬᠢᠷᠭ᠎ᠠ ᠪᠣᠯᠤᠨ ᠡᠷᠭᠦᠨ᠎ᠡ ᠪᠠᠷᠠᠭᠤᠨ ᠭᠠᠷᠤᠨ ᠬᠤᠰᠢᠭᠤᠨ ᠤ ᠵᠠᠬᠢᠷᠭ᠎ᠠ ᠶᠢ ᠪᠠᠶᠢᠭᠤᠯᠪᠠ᠃       1947 ᠣᠨ ᠤ 11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠬᠥᠯᠥᠨ ᠪᠤᠶᠢᠷ ᠤᠨ ᠠᠵᠢᠯᠯᠠᠬᠤ ᠪᠦᠯᠬᠦᠮ ᠢ ᠲᠣᠮᠢᠯᠠᠨ ᠰᠠᠨ ᠾᠧ ᠵᠡᠭᠡᠯᠢ ᠳᠤ  ᠬᠦᠷᠴᠡᠢ᠃       1948 ᠣᠨ ᠤ 2 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠷᠭᠦᠨ᠎ᠡ ᠶᠢᠨ ᠵᠡᠭᠦᠨ ᠪᠠᠷᠠᠭᠤᠨ ᠬᠤᠶᠠᠷ ᠬᠤᠰᠢᠭᠤ ᠶᠢ ᠨᠡᠶᠢᠯᠡᠭᠦᠯᠦᠭᠡᠳ ᠡᠷᠭᠦᠨ᠎ᠡ ᠬᠤᠰᠢᠭᠤ ᠪᠣᠯᠭᠠᠪᠠ᠃ ᠬᠤᠰᠢᠭᠤᠨ ᠤ ᠵᠠᠰᠠᠭ ᠤᠨ ᠣᠷᠳᠣᠨ ᠢ ᠰᠠᠨ ᠾᠧ ᠵᠡᠭᠡᠯᠢ ︵ᠣᠲᠣ ᠶᠢᠨ ᠡᠷᠭᠦᠨ᠎ᠡ ᠬᠤᠲᠠ ᠶᠢᠨ ᠰᠠᠨ ᠾᠧ ᠪᠠᠯᠭᠠᠰᠤ︶ ᠳᠤ ᠲᠣᠬᠢᠷᠠᠭᠤᠯᠵᠠᠶ᠃       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠶᠢᠨ ᠡᠮᠦᠨ᠎ᠡ ᠬᠤᠶᠢᠨᠠᠬᠢ ᠪᠠᠶᠢᠭᠤᠯᠤᠮᠵᠢ ᠶᠢᠨ ᠲᠦᠷᠢᠮ︾ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠢ ᠨᠡᠭᠡᠭᠡᠨ ᠬᠥᠭᠵᠢᠭᠦᠯᠬᠦ ᠶᠢ ᠳᠠᠭᠠᠯᠳᠤᠨ᠂ ᠬᠡᠭᠡᠨ ᠭᠤᠤᠯ ᠪᠠᠯᠭᠠᠰᠤ᠂ ᠬᠤᠯᠢᠫᠥ᠋ ᠪᠠᠯᠭᠠᠰᠤ᠂ ᠳ᠋ᠧᠯᠪᠦᠷ ᠪᠠᠯᠭᠠᠰᠤ᠂ ᠶᠢᠨ ᠾᠧ ᠪᠠᠯᠭᠠᠰᠤ᠂ ᠨᠢᠦ ᠡᠯ ᠾᠧ ᠪᠠᠯᠭᠠᠰᠤ 1955 — 1959 ᠣᠨ ᠳᠤ ᠵᠠᠯᠭᠠᠭ᠎ᠠ ᠪᠠᠷ ᠪᠠᠶᠢᠭᠤᠯᠤᠭᠳᠠᠵᠤ᠂ 1961 ᠣᠨ ᠤ 8 ᠰᠠᠷ᠎ᠠ ᠠᠴᠠ ᠡᠮᠦᠨ᠎ᠡ ᠰᠢᠬᠦ᠋ᠢᠲᠦ ᠬᠤᠰᠢᠭᠤ ᠣᠷᠣᠯᠠᠨ ᠬᠠᠮᠢᠶᠠᠷᠴᠤ ᠪᠠᠶᠢᠪᠠ᠃ 1961 ᠣᠨ ᠤ 8 ᠰᠠᠷ᠎ᠠ ᠳᠤ᠂ ᠡᠷᠭᠦᠨ᠎ᠡ ᠬᠤᠰᠢᠭᠤᠨ ᠤ ᠵᠠᠰᠠᠭ ᠤᠨ ᠣᠷᠳᠣᠨ ᠭᠡᠭᠡᠨ ᠭᠤᠣᠯ ᠪᠠᠯᠭᠠᠰᠤᠨ ᠳᠤ ᠨᠢᠭᠦᠵᠦ᠂ ᠤᠤᠯ ᠤᠨ ᠰᠢᠬᠦ᠋ᠢᠲᠦ ᠬᠤᠰᠢᠭᠤᠨ ᠤ ᠣᠷᠣᠯᠠᠨ ᠬᠠᠮᠢᠶᠠᠷᠴᠤ ᠪᠠᠶᠢᠭᠰᠠᠨ ᠭᠡᠭᠡᠨ ᠭᠤᠣᠯ᠂ ᠬᠤᠯᠢᠫᠥ᠋᠂ ᠳ᠋ᠧᠯᠪᠦᠷ᠂ ᠶᠢᠨ ᠾᠧ᠂ ᠨᠢᠦ ᠡᠯ ᠾᠧ ᠵᠡᠷᠭᠡ 5 ᠪᠠᠯᠭᠠᠰᠤ ᠪᠣᠯᠤᠨ ᠠᠯᠦ᠋ᠩᠱᠠᠨ᠂ ᠮᠠᠨᠬᠥ᠋ᠢ ᠶᠢᠨ 2 ᠭᠠᠵᠠᠷ ᠣᠷᠣᠨ ᠢ ᠬᠦᠯᠢᠶᠡᠨ ᠠᠪᠤᠪᠠ᠃       1966 ᠣᠨ ᠤ 4 ᠰᠠᠷ᠎ᠠ ᠶᠢᠨ 1 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠷᠭᠦᠨ᠎ᠡ ᠬᠤᠰᠢᠭᠤ ᠶᠢ ᠬᠦᠴᠦᠨ ᠦᠭᠡᠢ ᠪᠤᠯᠭᠠᠬᠤ ᠶᠢ ᠵᠥᠪᠰᠢᠶᠡᠷᠡᠵᠦ᠂ ᠡᠷᠭᠦᠨ᠎ᠡ ᠪᠠᠷᠠᠭᠤᠨ ᠬᠤᠰᠢᠭᠤ ᠪᠠ ᠡᠷᠭᠦᠨ᠎ᠡ ᠵᠡᠭᠦᠨ ᠬᠤᠰᠢᠭᠤ ᠶᠢ ᠪᠠᠶᠢᠭᠤᠯᠪᠠ᠃ ᠡᠷᠭᠦᠨ᠎ᠡ ᠵᠡᠭᠦᠨ ᠬᠤᠰᠢᠭᠤᠨ ᠤ ᠵᠠᠰᠠᠭ ᠤᠨ ᠣᠷᠳᠣᠨ ᠢ ᠭᠡᠭᠡᠨ ᠭᠤᠣᠯ ᠪᠠᠯᠭᠠᠰᠤᠨ ᠳᠤ ᠪᠠᠶᠢᠭᠤᠯᠪᠠ᠃       1969 ᠣᠨ ᠤ 8 ᠰᠠᠷ᠎ᠠ ᠶᠢᠨ 1 ᠤ ᠡᠳᠦᠷ᠂ ᠡᠷᠭᠦᠨ᠎ᠡ ᠵᠡᠭᠦᠨ ᠬᠤᠰᠢᠭᠤ ᠬᠥᠯᠥᠨ ᠪᠤᠶᠢᠷ ᠠᠶᠢᠮᠠᠭ ᠢ ᠳᠠᠭᠠᠵᠤ ᠬᠠᠷᠠᠮᠥ᠋ᠷᠡᠨ ᠮᠤᠵᠢ ᠳᠤ ᠬᠠᠷᠢᠶᠠᠯᠠᠭᠳᠠᠪᠠ ᠃ 1979 ᠣᠨ ᠤ 7 ᠰᠠᠷ᠎ᠠ ᠶᠢᠨ 1 ᠤ ᠡᠳᠦᠷ᠂ ᠡᠷᠭᠦᠨ᠎ᠡ ᠵᠡᠭᠦᠨ ᠬᠤᠰᠢᠭᠤ ᠳᠠᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠪᠠ᠃       1994 ᠣᠨ ᠤ 4 ᠰᠠᠷ᠎ᠠ ᠶᠢᠨ 28 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠭᠦᠨ᠎ᠡ ᠵᠡᠭᠦᠨ ᠬᠤᠰᠢᠭᠤ ᠶᠢ ᠬᠦᠴᠦᠨ ᠦᠭᠡᠶ ᠪᠣᠯᠭᠠᠬᠤ ᠶᠢ ᠵᠥᠪᠰᠢᠶᠡᠷᠡᠵᠦ᠂ ᠭᠡᠭᠡᠨ ᠭᠤᠣᠯ ᠬᠤᠲᠠ ᠶᠢ ᠪᠠᠶᠢᠭᠤᠯᠵᠠᠶ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ