ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ
ᠨᠡᠶᠢᠲᠡᠯᠡᠭᠰᠡᠨ ᠴᠠᠭ᠄
2024/12/10
       1966 ᠣᠨ ᠳᠤ ᠡᠷᠭᠦᠨ᠎ᠡ ᠵᠡᠭᠦᠨ ᠬᠤᠰᠢᠭᠤ ᠪᠠᠶᠢᠭᠤᠯᠤᠭᠳᠠᠭᠰᠠᠨ ᠤ ᠳᠠᠷᠠᠭ᠎ᠠ ᠭᠡᠭᠡᠨ ᠭᠤᠣᠯ ᠪᠠᠯᠭᠠᠰᠤ᠂ ᠬᠤᠯᠢᠫᠥ᠋ ᠪᠠᠯᠭᠠᠰᠤ᠂ ᠳ᠋ᠧᠯᠪᠦᠷ ᠪᠠᠯᠭᠠᠰᠤ᠂ ᠶᠢᠨ ᠾᠧ ᠪᠠᠯᠭᠠᠰᠤ᠂ ᠨᠢᠦ ᠡᠯ ᠾᠧ ᠪᠠᠯᠭᠠᠰᠤ ᠪᠠ ᠮᠠᠨᠬᠥ᠋ᠢ ᠶᠢᠨ ᠡᠸᠡᠩᠬᠢ ᠦᠨᠳᠦᠰᠦᠲᠡᠨ ᠤ ᠰᠢᠶᠠᠩ ᠢ ᠬᠠᠷᠢᠶᠠᠯᠠᠪᠠ᠃         1968 ᠣᠨ ᠳᠤ᠂ ᠠᠯᠦ᠋ᠩᠱᠠᠨ ᠪᠠᠯᠭᠠᠰᠤ᠂ ᠮᠠᠨᠬᠥ᠋ᠢ ᠪᠠᠯᠭᠠᠰᠤ ᠶᠢ ᠪᠠᠶᠢᠭᠤᠯᠵᠤ᠂ ᠮᠠᠨᠬᠥ᠋ᠢ ᠪᠠᠯᠭᠠᠰᠤ ᠪᠠ ᠮᠠᠨᠬᠥ᠋ᠢ ᠡᠸᠡᠩᠬᠢ ᠦᠨᠳᠦᠰᠦᠲᠡᠨ ᠤ ᠰᠢᠶᠠᠩ ᠶᠢ ᠨᠢᠭᠡᠳᠬᠡᠪᠡ᠃       1973 ᠣᠨ ᠳᠤ᠂ ᠮᠠᠨᠬᠥ᠋ᠢ ᠪᠠᠯᠭᠠᠰᠤ ᠪᠣᠯᠤᠨ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠢ ᠰᠠᠯᠭᠠᠨ ᠪᠠᠶᠢᠭᠤᠯᠵᠤ᠂ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ ᠮᠠᠨᠬᠥ᠋ᠢ ᠪᠠᠯᠭᠠᠰᠤ ᠶᠢᠨ ᠬᠤᠶᠢᠲᠤ ᠬᠡᠰᠡᠭ ᠠᠴᠠ 17.5 ᠺᠢᠯᠣᠮᠧᠲᠷ ᠵᠠᠶᠢᠲᠠᠶ ᠪᠠᠶᠢᠭ᠎ᠠ ᠣᠯᠭᠤᠶᠠ‌‍ᠰᠢᠶᠠᠩ ᠳᠤ ᠨᠡᠭᠦᠵᠠᠢ ᠃       1994 ᠣᠨ ᠤ 4 ᠰᠠᠷ᠎ᠠ ᠶᠢᠨ 28 ᠤ ᠡᠳᠦᠷ᠂ ᠭᠡᠭᠡᠨ ᠭᠤᠣᠯ ᠬᠤᠲᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠨᠢ ᠤᠤᠯ ᠤᠨ ᠡᠷᠭᠦᠨ᠎ᠡ ᠵᠡᠭᠦᠨ ᠬᠤᠰᠢᠭᠤᠨ ᠳᠤ ᠬᠠᠷᠢᠶᠠᠯᠠᠭᠳᠠᠨ᠎ᠠ᠃ ᠭᠡᠭᠡᠨ ᠭᠤᠣᠯ ᠬᠤᠳᠠ ᠶᠢᠨ ᠳᠣᠣᠷ᠎ᠠ ᠨᠢ ᠬᠤᠯᠢᠫᠥ᠋ ᠪᠠᠯᠭᠠᠰᠤ᠂ ᠳ᠋ᠧᠯᠪᠦᠷ ᠪᠠᠯᠭᠠᠰᠤ᠂ ᠶᠢᠨ ᠾᠧ ᠪᠠᠯᠭᠠᠰᠤ᠂ ᠨᠢᠦ ᠡᠯ ᠾᠧ ᠪᠠᠯᠭᠠᠰᠤ᠂ ᠠᠯᠦ᠋ᠩᠱᠠᠨ ᠪᠠᠯᠭᠠᠰᠤ᠂ ᠮᠠᠨᠬᠥ᠋ᠢ ᠪᠠᠯᠭᠠᠰᠤ᠂ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠪᠣᠯᠤᠨ ᠲᠥᠪ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠾᠧ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠢ ᠰᠢᠭᠤᠶ ᠶᠢᠨ ᠠᠵᠤ ᠦᠢᠯᠡᠳᠪᠦᠷᠢ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠪᠠᠶᠢᠭᠤᠯᠪᠠ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 112 ᠰᠠᠭᠤᠭᠠᠯᠢ ᠠᠷᠠᠳ ᠤᠨ ᠵᠥᠪᠯᠡᠯ᠂ 811 ᠰᠠᠭᠤᠭᠠᠯᠢ ᠠᠷᠠᠳ ᠤᠨ ᠳᠤᠭᠤᠶᠢᠯᠠᠩ ᠪᠠᠶᠢᠳᠠᠭ ᠃       2001 ᠣᠨ ᠤ 6 ᠰᠠᠷ᠎ᠠ ᠶᠢᠨ 6 ᠤ ᠡᠳᠦᠷ᠂ ᠭᠡᠭᠡᠨ ᠭᠤᠣᠯ ᠬᠤᠲᠠ ᠶᠢᠨ ᠨᠢᠦ ᠡᠯ ᠾᠧ ᠪᠠᠯᠭᠠᠰᠤ ᠶᠢ ᠬᠠᠰᠤᠵᠤ᠂ ᠨᠢᠦ ᠡᠯ ᠾᠧ ᠪᠠᠯᠭᠠᠰᠤᠨ ᠤ ᠡᠭᠦᠷᠭᠡ ᠴᠢᠳᠠᠪᠤᠷᠢ ᠶᠢ ᠪᠦᠬᠦᠨ ᠢᠶᠠᠷ ᠨᠢ ᠶᠢᠨ ᠾᠧ ᠪᠠᠯᠭᠠᠰᠤ ᠲᠠᠢ ᠨᠡᠶᠢᠯᠡᠭᠦᠯᠵᠦ᠂ ᠬᠤᠶᠠᠷ ᠪᠠᠯᠭᠠᠰᠤ ᠶᠢ ᠨᠡᠶᠢᠯᠡᠭᠦᠯᠦᠭᠰᠡᠨ ᠤ ᠳᠠᠷᠠᠭ᠎ᠠ ᠶᠢᠨ ᠾᠧ ᠪᠠᠯᠭᠠᠰᠤᠨ ᠤ ᠲᠠᠯᠠᠪᠠᠶ 5353   ᠺᠦᠸᠠᠳ᠋ ᠺᠢᠯᠣᠮᠧᠲᠷ ᠪᠤᠯᠵᠠᠢ᠃ ᠭᠡᠭᠡᠨ ᠭᠤᠣᠯ ᠬᠤᠳᠠ ᠶᠢᠨ ᠳᠣᠣᠷ᠎ᠠ 5 ᠪᠠᠯᠭᠠᠰᠤ 1 ᠰᠢᠶᠠᠩ ᠤᠨ 3 ᠬᠡᠷᠡᠭ ᠡᠷᠬᠢᠯᠡᠬᠦ ᠭᠠᠵᠠᠷ ᠢ ᠪᠠᠶᠢᠭᠤᠯᠪᠠ᠃        2003 ᠣᠨ ᠤ 2 ᠰᠠᠷ᠎ᠠ ᠶᠢᠨ 8 ᠤ ᠡᠳᠦᠷ᠂ ᠭᠡᠭᠡᠨ ᠭᠤᠣᠯ ᠬᠤᠳᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠠᠯᠠᠪᠠᠢ ᠵᠢᠴᠢ ᠨᠡᠷᠡᠶᠢᠳᠦᠯ ᠢ ᠦᠭᠡᠷᠡᠴᠢᠯᠡᠪᠡ᠃ ᠾᠧ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ ᠤ ᠲᠠᠯᠠᠪᠠᠢ ᠶᠢ ᠤᠤᠯ ᠤᠨ 3.2 ᠺᠦᠸᠡᠲ ᠺᠢᠯᠣᠮᠧᠲᠷ ᠪᠠᠶᠢᠭᠰᠠᠨ ᠠᠴᠠ 24 ᠺᠦᠸᠡᠲ ᠺᠢᠯᠣᠮᠧᠲᠷ ᠪᠣᠯᠭᠠᠨ ᠲᠣᠬᠢᠷᠠᠭᠤᠯᠪᠠ︔ ᠤᠤᠯ ᠤᠨ ᠲᠥᠪ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠷ᠎ᠡ ᠶᠢ ᠾᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠡᠮᠡᠨ ᠬᠠᠯᠠᠵᠤ᠂ ᠬᠠᠷᠢᠶ᠎ᠠ ᠣᠷᠣᠨ ᠤ ᠲᠠᠯᠠᠪᠠᠢ ᠨᠢ 1.98 ᠺᠦᠸᠠᠳ᠋ ᠺᠢᠯᠣᠮᠧᠲᠷ ᠪᠠᠶᠢᠭᠰᠠᠨ ᠠᠴᠠ 2.0 ᠺᠦᠸᠠᠳ᠋ ᠺᠢᠯᠣᠮᠧᠲᠷ ᠪᠣᠯᠭᠠᠨ ᠳᠤᠬᠢᠷᠠᠭᠤᠯᠪᠠ︔ ᠤᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠷ᠎ᠡ ᠶᠢ ᠤᠢ ᠰᠢᠭᠤᠢ ᠶᠢᠨ ᠠᠵᠤ ᠦᠢᠯᠡᠳᠪᠦᠷᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠡᠮᠡᠨ ᠬᠠᠯᠠᠵᠤ᠂ ᠬᠠᠷᠢᠶ᠎ᠠ ᠣᠷᠣᠨ ᠤ ᠲᠠᠯᠠᠪᠠᠢ ᠶᠢ 5.0 ᠺᠦᠸᠠᠳ᠋ ᠺᠢᠯᠣᠮᠧᠲᠷ ᠪᠠᠶᠢᠭᠰᠠᠨ ᠠᠴᠠ 5.8 ᠺᠦᠸᠠᠳ᠋ ᠺᠢᠯᠣᠮᠧᠲᠷ ᠪᠣᠯᠭᠠᠨ ᠳᠤᠬᠢᠷᠠᠭᠤᠯᠪᠠ᠃       2003 ᠣᠨ ᠤ 12 ᠰᠠᠷ᠎ᠠ ᠶᠢᠨ 29 ᠤ ᠡᠳᠦᠷ᠂ ᠬᠡᠭᠡᠨ ᠭᠤᠤᠯ ᠬᠤᠲᠠ ᠶᠢᠨ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠤᠨ ᠠᠮᠢ ᠠᠬᠤᠶ ᠶᠢᠨ ᠠᠷᠠᠳ ᠢ ᠨᠡᠭᠦᠯᠭᠡᠬᠦ ᠢᠨᠵᠧᠨᠧᠷᠢᠩ ᠢ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︵ᠥᠪᠥᠷ ᠠᠷᠠᠳ ᠤᠨ ᠶᠠᠪᠤᠳᠠᠯ ᠤᠨ ᠴᠣᠬᠤᠯᠠᠪᠤᠷᠢ ︹ 2003 ︺ 65 ᠳ᠋ᠤᠭᠠᠷ ᠲᠣᠭᠠᠲᠤ ︺ ᠪᠢᠴᠢᠭ ᠮᠠᠲ᠋ᠧᠷᠢᠶᠠᠯ ᠤᠨ ᠴᠣᠬᠤᠯᠠᠪᠤᠷᠢ ᠶᠢ ᠦᠨᠳᠦᠰᠦᠯᠡᠨ᠂ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠢ ᠪᠦᠬᠦᠯᠢ ᠴᠣᠭᠴᠠ ᠪᠠᠷ ᠨᠢ ᠡᠮᠦᠨᠡᠰᠢ ᠭᠤᠷᠪᠠᠳᠤᠭᠠᠷ ᠦᠢᠯᠡᠳᠪᠦᠷᠢ ᠶᠢᠨ ᠲᠠᠰᠤᠭ ︵ᠬᠡᠭᠡᠨ ᠭᠤᠤᠯ ᠬᠤᠲᠠ ᠶᠢᠨ ᠲᠣᠭᠤᠷᠢᠭ ᠠᠴᠠ 3 ᠺᠢᠯᠣᠮᠧᠲᠷ ᠵᠠᠶᠢᠲᠠᠶ ᠭᠠᠵᠠᠷ︶ ᠲᠤ ᠨᠡᠭᠦᠯᠭᠡᠵᠦ᠂ ᠤᠤᠯ ᠤᠨ ᠵᠠᠰᠠᠭ ᠵᠠᠬᠢᠷᠭᠠᠨ ᠤ ᠣᠷᠣᠨ ᠤ 1096 ᠺᠦᠸᠠᠳ᠋ ᠺᠢᠯᠣᠮᠧᠲᠷ ᠢ ᠮᠠᠨᠬᠦᠶ ᠪᠠᠯᠭᠠᠰᠤᠨ ᠳᠤ ᠬᠠᠷᠢᠶᠠᠯᠠᠭᠤᠯᠵᠤ᠂ ᠮᠠᠨᠬᠥ᠋ᠢ ᠪᠠᠯᠭᠠᠰᠤᠨ ᠤ ᠶᠡᠷᠦᠩᠬᠡᠶ ᠲᠠᠯᠠᠪᠠᠶ ᠨᠢ 3072.81ᠺᠦᠸᠠᠳ᠋ ᠺᠢᠯᠣᠮᠧᠲᠷ ᠪᠣᠯᠵᠠᠶ᠃ ᠬᠤᠯᠢᠫᠥ᠋ ᠪᠠᠯᠭᠠᠰᠤᠨ ᠤ ᠡᠮᠦᠨᠡᠲᠦ ᠬᠡᠰᠡᠭ ᠤᠨ 1767.2 ᠺᠦᠸᠠᠳ᠋ ᠺᠢᠯᠣᠮᠧᠲᠷ ᠤᠨ ᠭᠠᠵᠠᠷ ᠰᠢᠷᠣᠶ ᠶᠢ ᠨᠡᠭᠦᠯᠭᠡᠭᠰᠡᠨ ᠤ ᠳᠠᠷᠠᠭ᠎ᠠ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ  ᠤᠨ ᠰᠢᠨ᠎ᠡ ᠰᠢᠶᠠᠩ ᠤᠨ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠠᠯᠠᠪᠠᠶ ᠪᠣᠯᠭᠠᠵᠠᠶ᠃ ᠬᠤᠯᠢᠫᠥ᠋ ᠪᠠᠯᠭᠠᠰᠤ ︵ᠬᠤᠳᠠ ᠶᠢᠨ ᠲᠣᠭᠤᠷᠢᠭ ᠢ ᠪᠠᠭᠲᠠᠭᠠᠨ᠎ᠠ︶ ᠶᠢᠨ ᠲᠠᠯᠠᠪᠠᠢ ᠶᠢ 4563.76 ᠺᠦᠸᠠᠳ᠋ ᠺᠢᠯᠣᠮᠧᠲᠷ ᠪᠣᠯᠭᠠᠨ ᠲᠣᠬᠢᠷᠠᠭᠤᠯᠪᠠ᠃ ᠣᠯᠭᠤᠶᠠ ᠰᠢᠶᠠᠩ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠠᠭᠠᠭ ᠱᠤᠭᠤᠮ ᠨᠢ᠄ ᠤᠮᠠᠷ᠎ᠠ ᠠᠴᠠ ᠬᠤᠯᠢᠫᠥ᠋ ᠪᠠᠯᠭᠠᠰᠤ᠂ ᠳ᠋ᠧᠯᠪᠦᠷ ᠪᠠᠯᠭᠠᠰᠤ᠂ ᠶᠢᠨ ᠾᠧ ᠪᠠᠯᠭᠠᠰᠤ ᠵᠡᠷᠭᠡ ᠭᠤᠷᠪᠠᠨ ᠪᠠᠯᠭᠠᠰᠤ ᠶᠢᠨ ᠵᠠᠭᠠᠭ ᠱᠤᠭᠤᠮ ᠤᠨ ᠠᠭᠤᠯᠵᠠᠷ ᠤᠨ ᠴᠡᠭ  ᠵᠢᠩᠯᠢᠩ ᠳᠠᠪᠠᠭ᠎ᠠ ᠠᠴᠠ ᠪᠠᠷᠠᠭᠤᠨᠰᠢ ︵ᠵᠡᠭᠦᠨ ᠤᠷᠲᠤᠷᠢᠭ ᠤᠨ 121°14′25″︾᠂ ᠤᠮᠠᠷᠠᠲᠤ ᠥᠷᠭᠡᠷᠢᠭ ᠤᠨ 51°02′20″︶ ᠡᠬᠢᠯᠡᠯᠲᠡ ᠶᠢᠨ ᠴᠡᠭ ᠪᠣᠯᠭᠠᠵᠤ᠂ ᠵᠢᠩᠯᠢᠩ ᠳᠠᠪᠠᠭ᠎ᠠ ᠠᠴᠠ ᠡᠮᠦᠨᠡᠰᠢ ︵ᠵᠡᠭᠦᠨ ᠤᠷᠲᠤᠷᠢᠭ ᠤᠨ 120°42′35″︾᠂ ᠤᠮᠠᠷᠠᠲᠤ ᠥᠷᠭᠡᠷᠢᠭ ᠤᠨ 50°24′50″︶ ᠪᠥᠬᠦ ᠱᠤᠭᠤᠮ ᠤᠨ ᠡᠴᠦᠰ ᠤᠨ ᠴᠡᠭ ᠪᠤᠯᠭᠠᠵᠠᠢ᠃       2006 ᠣᠨ ᠤ 5 ᠰᠠᠷ᠎ᠠ ᠶᠢᠨ 23 ᠤ ᠡᠳᠦᠷ᠂ ᠭᠡᠭᠡᠨ ᠭᠤᠣᠯ ᠬᠤᠲᠠ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ᠂ ᠬᠤᠯᠢᠫᠥ᠋ ᠪᠠᠯᠭᠠᠰᠤ᠂ ᠳ᠋ᠧᠯᠪᠦᠷ ᠪᠠᠯᠭᠠᠰᠤ ᠶᠢ ᠲᠤᠰ ᠪᠦᠷᠢ ᠬᠤᠯᠢᠫᠥ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠧᠯᠪᠦᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠭᠠᠨ ᠥᠭᠡᠷᠡᠴᠢᠯᠡᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠷᠠᠭ᠎ᠠ᠂ ᠪᠦᠬᠦ ᠬᠤᠳᠠ ᠳᠤ 3 ᠪᠠᠯᠭᠠᠰᠤ 1 ᠰᠢᠶᠠᠩ ᠪᠠ 5 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠷᠢᠶᠠᠯᠠᠭᠤᠯᠵᠤ᠂ ᠲᠤᠰ ᠲᠤᠰ ᠶᠢᠨ ᠾᠧ ᠪᠠᠯᠭᠠᠰᠤ᠂ ᠠᠯᠦ᠋ᠩᠱᠠᠨ ᠪᠠᠯᠭᠠᠰᠤ᠂ ᠮᠠᠨᠬᠥ᠋ᠢ ᠪᠠᠯᠭᠠᠰᠤ᠂ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ᠂ ᠬᠤᠯᠢᠫᠥ᠋ ᠶᠢᠨ ᠬᠡᠷᠡᠭ ᠡᠷᠬᠢᠯᠡᠬᠦ ᠭᠠᠵᠠᠷ᠂ ᠳ᠋ᠧᠯᠪᠦᠷ ᠤᠨ ᠬᠡᠷᠡᠭ ᠡᠷᠬᠢᠯᠡᠬᠦ ᠭᠠᠵᠠᠷ᠂ ᠾᠧ ᠳ᠋ᠦᠩ ᠤᠨ ᠬᠡᠷᠡᠭ ᠡᠷᠬᠢᠯᠡᠬᠦ ᠭᠠᠵᠠᠷ ᠂ ᠾᠧ ᠰᠢ ᠶᠢᠨ ᠬᠡᠷᠡᠭ ᠡᠷᠬᠢᠯᠡᠬᠦ ᠭᠠᠵᠠᠷ᠂ ᠤᠢ ᠰᠢᠭᠤᠢ ᠶᠢᠨ ᠠᠵᠤ ᠦᠢᠯᠡᠳᠪᠦᠷᠢ ᠶᠢᠨ ᠬᠡᠷᠡᠭ ᠡᠷᠬᠢᠯᠡᠬᠦ ᠭᠠᠵᠠᠷ ᠪᠣᠯᠤᠨ᠎ᠠ᠃       2011 ᠣᠨ ᠤ 6 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ﹇ᠥᠪᠥᠷ ᠵᠠᠰᠠᠭ ᠦᠰᠦᠭᠲᠦ ﹇2011﹈ 144  ᠳ᠋ᠦ᠋ᠭᠡᠷ ᠲᠣᠭᠠᠲᠤ﹈ ᠪᠢᠴᠢᠭ ᠮᠠᠲ᠋ᠧᠷᠢᠶᠠᠯ ᠤᠨ ᠴᠣᠬᠤᠯᠠᠪᠤᠷᠢ ᠶᠢ ᠦᠨᠳᠦᠰᠦᠯᠡᠨ᠂ ᠳ᠋ᠧᠯᠪᠦᠷ ᠪᠠᠯᠭᠠᠰᠤ ᠶᠢ ᠰᠡᠷᠭᠦᠭᠡᠵᠦ᠂  ᠪᠥᠬᠦ ᠬᠤᠲᠠ ᠶᠢᠨ ᠬᠠᠷᠢᠶᠠᠨ ᠳᠠᠬᠢ 4 ᠪᠠᠯᠭᠠᠰᠤ 1 ᠰᠢᠶᠠᠩ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶᠠᠯᠠᠭᠳᠠᠵᠤ᠂ ᠲᠡᠷᠡ ᠨᠢ ᠲᠣᠰ ᠲᠣᠰ ᠶᠢᠨ ᠾᠧ ᠪᠠᠯᠭᠠᠰᠤ᠂ ᠠᠯᠦ᠋ᠩᠱᠠᠨ ᠪᠠᠯᠭᠠᠰᠤ᠂ ᠮᠠᠨᠬᠥ᠋ᠢ ᠪᠠᠯᠭᠠᠰᠤ᠂ ᠳ᠋ᠧᠯᠪᠦᠷ ᠪᠠᠯᠭᠠᠰᠤ᠂ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ᠂ ᠬᠤᠯᠢᠫᠥ᠋ ᠶᠢᠨ ᠬᠡᠷᠡᠭ ᠡᠷᠬᠢᠯᠡᠬᠦ ᠭᠠᠵᠠᠷ᠂ ᠾᠧ ᠳ᠋ᠦᠩ ᠤᠨ ᠬᠡᠷᠡᠭ ᠡᠷᠬᠢᠯᠡᠬᠦ ᠭᠠᠵᠠᠷ᠂ ᠾᠧ ᠰᠢ ᠶᠢᠨ ᠬᠡᠷᠡᠭ ᠡᠷᠬᠢᠯᠡᠬᠦ ᠭᠠᠵᠠᠷ᠂ ᠣᠶ ᠰᠢᠭᠤᠶ ᠶᠢᠨ ᠠᠵᠤ ᠦᠶ᠋ᠯᠡᠳᠪᠦᠷᠢ ᠶᠢᠨ ᠬᠡᠷᠡᠭ ᠡᠷᠬᠢᠯᠡᠬᠦ ᠭᠠᠵᠠᠷ ᠪᠣᠯᠤᠨ᠎ᠠ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ