ᠪᠠᠶᠢᠭᠠᠯᠢ ᠶᠢᠨ ᠭᠠᠵᠠᠷ ᠵᠦᠢ
ᠨᠡᠶᠢᠲᠡᠯᠡᠭᠰᠡᠨ ᠴᠠᠭ᠄
2024/12/10
       ᠶᠡᠭᠡ ᠬᠢᠩᠭᠠᠨ ᠳᠠᠪᠠᠭ᠎ᠠ ᠶᠢᠨ ᠠᠭᠤᠯᠠᠷᠬᠠᠭ ᠭᠠᠵᠠᠷ ᠨᠢ ᠬᠤᠲᠠ ᠶᠢᠨ ᠭᠠᠵᠠᠷ ᠤᠨ ᠳᠦᠷᠢ ᠲᠥᠷᠬᠦ ᠶᠢᠨ ᠶᠡᠷᠦᠩᠬᠡᠶ ᠴᠣᠭᠴᠠ ᠶᠢ ᠪᠦᠷᠢᠯᠳᠦᠭᠦᠯᠵᠡᠶ᠃ ᠪᠦᠬᠦ ᠬᠤᠲᠠ ᠶᠢᠨ ᠶᠡᠷᠦᠩᠬᠡᠶ ᠭᠠᠵᠠᠷ ᠤᠨ ᠪᠠᠶᠢᠴᠠ ᠶᠢ ᠠᠵᠢᠭᠯᠠᠪᠠᠯ᠂ ᠵᠡᠭᠦᠨ ᠬᠤᠶᠢᠲᠤ ᠣᠷᠣᠨ ᠨᠢ ᠥᠨᠳᠥᠷ᠂ ᠪᠠᠷᠠᠭᠤᠨ ᠡᠮᠦᠨᠡᠲᠦ ᠣᠷᠣᠨ ᠨᠢ ᠳᠣᠣᠷ᠎ᠠ ᠪᠠᠶᠢᠳᠠᠭ᠃ ᠵᠢᠩᠯᠢᠩ ᠳᠠᠪᠠᠭ᠎ᠠ ᠪᠣᠯ ᠳᠣᠭᠰᠢᠨ ᠤᠷᠤᠰᠬᠠᠯ ᠤᠨ ᠭᠤᠣᠯ ᠪᠠ ᠭᠡᠭᠡᠨ ᠭᠤᠣᠯ᠂ ᠳ᠋ᠧᠯᠪᠦᠷ ᠭᠤᠣᠯ ᠤᠨ ᠬᠠᠭᠠᠯᠪᠤᠷᠢ ᠳᠠᠪᠠᠭ᠎ᠠ ᠪᠠᠶᠢᠵᠤ᠂ ᠳᠠᠪᠠᠭ᠎ᠠ ᠶᠢᠨ ᠡᠮᠦᠨ᠎ᠡ ᠲᠠᠯ᠎ᠠ ᠪᠠ ᠬᠤᠶᠢᠲᠤ ᠲᠠᠯ᠎ᠠ ᠶᠢᠨ ᠭᠠᠵᠠᠷ ᠤᠨ ᠪᠠᠶᠢᠴᠠ ᠶᠢᠨ ᠬᠠᠨᠳᠤᠰᠢ ᠨᠢ ᠠᠳᠠᠯᠢ ᠦᠭᠡᠶ ᠶᠤᠮ᠃ ᠵᠢᠩᠯᠢᠩ ᠳᠠᠪᠠᠭ᠎ᠠ ᠠᠴᠠ ᠡᠮᠦᠨᠡᠰᠢᠬᠢ ᠭᠡᠭᠡᠨ ᠭᠤᠤᠯ  ᠤᠨ ᠰᠠᠪᠠ ᠭᠠᠵᠠᠷ ᠤᠨ ᠭᠠᠵᠠᠷ ᠤᠨ ᠪᠠᠶᠢᠴᠠ ᠨᠢ ᠵᠡᠭᠦᠨ ᠬᠤᠶᠢᠰᠢ ᠥᠨᠳᠥᠷ᠂ ᠪᠠᠷᠠᠭᠤᠨ ᠡᠮᠦᠨᠡᠰᠢ ᠪᠠᠨ ᠳᠣᠤᠷ᠎ᠠ ᠪᠠᠶᠢᠵᠤ᠂ ᠵᠡᠭᠦᠨ ᠬᠤᠶᠢᠲᠤ ᠶᠢᠨ ᠭᠡᠭᠡᠨ ᠭᠤᠤᠯ ᠤᠨ ᠳᠡᠭᠡᠳᠦ ᠤᠷᠤᠰᠬᠠᠯ ᠤᠨ ᠭᠤᠤᠯ ᠤᠨ ᠡᠬᠢ ᠶᠢᠨ ᠣᠶᠢᠷᠠᠯᠴᠠᠭ᠎ᠠ ᠫᠢᠩ ᠳ᠋ᠢᠩ ᠱᠠᠨ ᠠᠭᠤᠯᠠ ᠶᠢᠨ ᠡᠷᠭᠦᠭᠳᠡᠴᠡ ᠨᠢ 1451 ᠮᠧᠲᠷ᠂ ᠭᠡᠭᠡᠨ ᠭᠤᠤᠯ ᠤᠨ ᠬᠥᠨᠳᠡᠶ ᠶᠢ ᠳᠠᠭᠠᠵᠤ ᠪᠠᠷᠠᠭᠤᠨ ᠡᠮᠦᠨᠡᠰᠢ ᠪᠠᠨ ᠰᠲ᠋ᠤᠫᠠᠨᠢᠬ᠎ᠠ ᠠᠭᠤᠯᠠ ᠬᠦᠷᠴᠦ ᠡᠷᠭᠦᠭᠳᠡᠴᠡ ᠨᠢ 1174 ᠮᠧᠲᠷ᠂ ᠬᠠᠷᠢᠴᠠᠩᠭᠤᠶ ᠥᠨᠳᠥᠷ ᠤᠨ ᠵᠥᠷᠢᠶ᠎ᠡ ᠨᠢ 277 ᠮᠧᠲᠷ ᠪᠠᠶᠢᠵᠤ᠂ ᠭᠡᠭᠡᠨ ᠭᠤᠤᠯ ᠲᠡᠭᠦᠨ ᠤ ᠭᠠᠵᠠᠷ ᠤᠨ ᠪᠠᠶᠢᠴᠠ ᠶᠢ ᠳᠠᠭᠠᠵᠤ ᠵᠡᠭᠦᠨ ᠬᠤᠶᠢᠰᠢ — ᠪᠠᠷᠠᠭᠤᠨ ᠡᠮᠦᠨᠡᠰᠢ ᠪᠠᠨ ᠤᠷᠤᠰᠴᠤ᠂ ᠬᠢᠯᠢ ᠠᠴᠠ ᠭᠠᠷᠤᠭᠰᠠᠨ ᠤ ᠳᠠᠷᠠᠭ᠎ᠠ ᠪᠠᠷᠠᠭᠤᠨᠰᠢ ᠤᠷᠤᠰᠤᠨ᠎ᠠ︔ ᠵᠢᠩᠯᠢᠩ ᠳᠠᠪᠠᠭ᠎ᠠ ᠠᠴᠠ ᠬᠤᠶᠢᠰᠢ ᠰᠢᠷᠦᠭᠦᠨ ᠤᠷᠤᠰᠬᠠᠯ ᠤᠨ ᠭᠤᠤᠯ ᠤᠨ ᠬᠥᠨᠳᠡᠶ ᠶᠢ ᠳᠠᠭᠠᠵᠤ ᠮᠠᠨᠬᠥ᠋ᠢ ᠪᠠᠯᠭᠠᠰᠤ ᠬᠦᠷᠲᠡᠯ᠎ᠡ ᠨᠠᠷᠢᠨ ᠣᠷᠳᠣ ︽ᠥᠨᠳᠥᠷ ᠠᠭᠤᠯᠠ ᠶᠢᠨ ᠬᠤᠲᠣᠭᠤᠷ︾ ᠤᠨ ᠪᠠᠶᠢᠳᠠᠯ ᠢᠯᠡᠷᠡᠵᠦ᠂ ᠭᠠᠵᠠᠷ ᠤᠨ ᠪᠠᠶᠢᠴᠠ ᠨᠢ ᠡᠮᠦᠨ᠎ᠡ ᠪᠠᠨ ᠥᠨᠳᠥᠷ ᠤᠮᠠᠷ᠎ᠠ ᠪᠠᠨ ᠳᠣᠤᠷ᠎ᠠ ᠪᠠᠶᠢᠳᠠᠭ᠃ ᠳᠣᠭᠰᠢᠨ ᠤᠷᠤᠰᠬᠠᠯ ᠤᠨ ᠭᠤᠣᠯ ᠤᠨ ᠵᠡᠭᠦᠨ ᠲᠠᠯ᠎ᠠ ᠶᠢᠨ ᠳᠡᠭᠡᠳᠦ ᠡᠬᠢ ᠪᠣᠯᠬᠤ ᠵᠢᠨᠾᠧ ᠭᠤᠣᠯ ᠤᠨ ᠡᠬᠢ ᠶᠢᠨ ᠵᠢᠩᠯᠢᠩ ᠳᠠᠪᠠᠭ᠎ᠠ ᠶᠢᠨ ᠣᠶᠢᠷ᠎ᠠ ᠬᠠᠪᠢ ᠶᠢᠨ ᠡᠷᠭᠦᠭᠳᠡᠴᠡ‌ᠨᠢ 1252 ᠮᠧᠲᠷ᠂ ᠤᠮᠠᠷᠠᠰᠢ ᠳᠣᠭᠰᠢᠨ ᠤᠷᠤᠰᠬᠠᠯ ᠤᠨ ᠭᠤᠣᠯ ᠤᠨ ᠬᠥᠨᠳᠡᠶ ᠠᠴᠠ ᠮᠠᠨᠬᠥ᠋ᠢ ᠪᠠᠯᠭᠠᠰᠤ ᠬᠦᠷᠲᠡᠯ᠎ᠡ ᠡᠷᠭᠦᠭᠳᠡᠴᠡ‌ᠨᠢ 1110 ᠮᠧᠲᠷ᠂ ᠬᠠᠷᠢᠴᠠᠩᠭᠤᠶ ᠥᠨᠳᠥᠷ ᠤᠨ ᠵᠥᠷᠢᠶ᠎ᠡ ᠨᠢ 150 ᠮᠧᠲᠷ ᠣᠷᠴᠢᠮ ᠪᠠᠶᠢᠵᠤ᠂ ᠳᠣᠭᠰᠢᠨ ᠤᠷᠤᠰᠬᠠᠯ ᠤᠨ ᠭᠤᠣᠯ ᠤᠨ ᠤᠷᠤᠰᠬᠤ ᠴᠢᠭᠯᠡᠯ ᠨᠢ ᠶᠡᠭᠡ ᠲᠥᠯᠥᠪ ᠡᠮᠦᠨᠡᠰᠢ ᠤᠮᠠᠷᠠᠰᠢ ᠤᠷᠤᠰᠴᠤ᠂ ᠲᠤᠰ ᠬᠤᠲᠠ ᠶᠢᠨ ᠬᠢᠯᠢ ᠠᠴᠠ ᠭᠠᠷᠤᠭᠰᠠᠨ ᠤ ᠳᠠᠷᠠᠭ᠎ᠠ ᠪᠠᠷᠠᠭᠤᠨ ᠡᠮᠦᠨᠡᠰᠢ ᠤᠷᠤᠰᠤᠨ᠎ᠠ᠃       ᠪᠦᠬᠦ ᠬᠤᠲᠠ ᠶᠢᠨ ᠳᠠᠯᠠᠶ ᠶᠢᠨ ᠲᠦᠪᠰᠢᠨ ᠠᠴᠠ ᠳᠡᠭᠡᠭᠰᠢ ᠡᠷᠭᠦᠭᠳᠡᠭᠰᠡᠨ ᠥᠨᠳᠥᠷ ᠤᠨ ᠬᠡᠮᠵᠢᠶ᠎ᠡ ᠨᠢ ᠣᠯᠠᠩᠬᠢ ᠳᠠᠭᠠᠨ 700 ~ 1300 ᠮᠧᠲᠷ ᠪᠠᠶᠢᠵᠤ ᠂ ᠳᠤᠮᠳᠠᠴᠢ‌ᠡᠷᠭᠦᠭᠳᠡᠴᠡ ᠨᠢ 1000 ᠮᠧᠲᠷ᠂ ᠬᠠᠮᠤᠭ ᠤᠨ ᠥᠨᠳᠥᠷ ᠣᠷᠭᠢᠯ ᠪᠣᠯᠬᠤ ᠤᠺᠤᠷᠢᠳᠦᠤ ᠠᠭᠤᠯᠠ ᠨᠢ ᠳᠣᠭᠰᠢᠨ ᠤᠷᠤᠰᠬᠠᠯ ᠤᠨ ᠭᠤᠣᠯ ᠤᠨ ᠵᠡᠭᠦᠨ ᠲᠠᠯ᠎ᠠ ᠶᠢᠨ  ᠠᠯᠦ᠋ᠩᠱᠠᠨ ᠠᠭᠤᠯᠠ ᠶᠢᠨ ᠬᠢᠯᠢ ᠳᠤ ᠣᠷᠣᠰᠢᠵᠤ᠂ ᠡᠷᠭᠦᠭᠳᠡᠴᠡ ᠨᠢ 1530 ᠮᠧᠲᠷ᠂ ᠮᠥᠨ ᠴᠦ ᠶᠡᠭᠡ ᠬᠢᠩᠭᠠᠨ ᠳᠠᠪᠠᠭ᠎ᠠ ᠶᠢᠨ ᠬᠤᠶᠢᠲᠤ ᠬᠡᠰᠡᠭ ᠤᠨ ᠬᠠᠮᠤᠭ ᠤᠨ ᠥᠨᠳᠥᠷ ᠣᠷᠭᠢᠯ ᠪᠣᠯᠤᠨ᠎ᠠ᠃ ᠳᠠᠷᠠᠭ᠎ᠠ ᠨᠢ ᠨᠡᠯᠢᠶᠡᠳ ᠥᠨᠳᠥᠷ ᠠᠭᠤᠯᠠᠨ ᠣᠷᠭᠢᠯ ᠨᠢ ᠪᠠᠷᠠᠭᠤᠨ ᠬᠤᠶᠢᠲᠤ ᠬᠡᠰᠡᠭ ᠬᠢᠭᠡᠳ ᠡᠷᠭᠦᠨ᠎ᠡ ᠬᠤᠲᠠ ᠶᠢᠨ ᠠᠭᠤᠯᠵᠠᠷ ᠲᠠᠬᠢ ᠠᠯᠠᠴᠢ ᠠᠭᠤᠯᠠ ᠪᠤᠯᠤᠨ᠎ᠠ᠂ ᠡᠷᠭᠦᠭᠳᠡᠴᠡ ᠨᠢ 1421 ᠮᠧᠲᠷ᡽︔ ᠵᠡᠭᠦᠨ ᠡᠮᠦᠨᠡᠲᠦ ᠬᠡᠰᠡᠭ ᠤᠨ ᠫᠢᠩ ᠳ᠋ᠢᠩ ᠱᠠᠨ ᠠᠭᠤᠯᠠᠨ ᠶᠢᠨ ᠡᠷᠭᠦᠭᠳᠡᠴᠡ‌ᠨᠢ 1451 ᠮᠧᠲᠷ᠃ ᠬᠤᠲᠠ ᠶᠢᠨ ᠬᠢᠯᠢ ᠳᠣᠲᠣᠷ᠎ᠠ ᠡᠷᠭᠦᠭᠳᠡᠴᠡ ᠨᠢ 1000 ᠮᠧᠲᠷ ᠠᠴᠠ ᠳᠡᠭᠡᠭᠰᠢ ᠠᠭᠤᠯᠠ 700 ᠭᠠᠷᠤᠶ ᠪᠠᠶᠢᠵᠤ᠂ ᠠᠭᠤᠯᠠᠨ  ᠤ ᠶᠠᠷᠥᠩᠬᠡᠢ ᠣᠨᠴᠠᠯᠢᠭ ᠨᠢ ᠨᠢᠷᠤᠭᠤ ᠨᠢ ᠨᠠᠮᠤᠭᠤᠬᠠᠨ᠂ ᠠᠭᠤᠯᠠᠨ ᠣᠷᠣᠶ ᠨᠢ ᠲᠡᠭᠰᠢᠬᠡᠨ᠂ ᠡᠯ᠎ᠡ ᠠᠭᠤᠯᠠᠨ ᠣᠷᠣᠶ ᠶᠢᠨ ᠬᠤᠭᠤᠷᠣᠨᠳᠣᠬᠢ ᠥᠨᠳᠥᠷ ᠤᠨ ᠵᠥᠷᠢᠶ᠎ᠡ ᠨᠢ ᠶᠡᠭᠡ ᠪᠢᠰᠢ᠃       ᠪᠦᠬᠦ ᠬᠤᠲᠠ ᠶᠢᠨ ᠶᠡᠷᠦᠩᠬᠡᠶ ᠭᠠᠵᠠᠷ ᠤᠨ ᠪᠠᠶᠢᠴᠠ ᠪᠠ ᠳᠦᠷᠢ ᠲᠥᠷᠬᠦ ᠠᠴᠠ ᠦᠵᠡᠪᠡᠯ᠂ ᠡᠷᠲᠡᠨ ᠤ ᠲᠡᠭᠰᠢ ᠭᠠᠵᠠᠷ ᠤᠨ ᠭᠠᠳᠠᠷᠭᠤ ᠪᠠ ᠪᠥᠭᠡᠷᠡᠩᠬᠡᠶ ᠬᠡᠯᠪᠡᠷᠢᠲᠡᠶ ᠠᠭᠤᠯᠠᠨ ᠴᠣᠭᠴᠠ ᠶᠢᠨ ᠣᠨᠴᠠᠯᠢᠭ ᠲᠠᠢ ᠶᠤᠮ᠃ ᠶᠡᠷᠦᠩᠬᠡᠶᠢᠯᠡᠪᠡᠯ ᠨᠡᠯᠢᠶᠡᠳ ᠨᠠᠮᠤᠭᠤᠬᠠᠨ᠂ ᠭᠤᠣᠯ ᠤᠨ ᠲᠣᠣᠷ ᠨᠢ ᠪᠤᠶᠢᠵᠢᠵᠤ᠂ ᠭᠤᠣᠯ ᠤᠨ ᠬᠥᠨᠳᠡᠶ ᠨᠢ ᠥᠷᠭᠡᠨ ᠠᠭᠤᠳᠠᠮ᠂ ᠬᠠᠷᠢᠴᠠᠩᠭᠤᠶ ᠥᠨᠳᠥᠷ ᠤᠨ ᠵᠥᠷᠢᠶ᠎ᠡ ᠨᠢ 100 ~ 300 ᠮᠧᠲᠷ ᠪᠠᠶᠢᠵᠤ᠂ ᠭᠠᠵᠠᠷ ᠤᠨ ᠪᠠᠶᠢᠴᠠ ᠶᠢᠨ ᠬᠠᠷᠢᠴᠠᠩᠭᠤᠶ ᠲᠡᠭᠰᠢ ᠪᠠᠶᠢᠳᠠᠭ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ