ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ 1958 ᠣᠨ ᠤ 8 ᠳ᠋ᠤᠭᠠᠷ ᠰᠠᠷ᠎ᠠ ᠶᠢᠨ 15 ᠤ ᠡᠳᠦᠷ ᠪᠠᠶᠢᠭᠤᠯᠣᠭᠳᠠᠵᠦ᠂ | ᠪᠦᠬᠦ ᠣᠷᠣᠨ ᠤ ᠭᠤᠷᠪᠠᠨ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠢᠭᠡ᠂ ᠪᠦᠬᠦ ᠤᠯᠤᠰ ᠤᠨ ᠴᠣᠷ ᠤᠨ ᠭᠠᠭᠴᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠤᠯᠤᠨ᠎ᠠ᠃ | ᠮᠣᠷᠢᠨᠳᠠᠪᠠᠭ᠎ᠠ ᠭᠡᠳᠡᠭ ᠨᠢ ᠳᠠᠭᠤᠷ ᠦᠭᠡ ᠪᠠᠷ ︽ᠮᠠ ᠯᠢᠩ︾ ᠭᠡᠵᠦ᠂ ᠡᠨᠡ ᠨᠢ ᠠᠭᠤᠯᠠ ᠥᠨᠳᠥᠷ ᠵᠠᠮ ᠠᠶᠤᠯ ᠪᠠᠷᠲᠠᠭ᠎ᠠ ᠠᠴᠠ ᠪᠣᠯᠵᠤ᠂ ᠵᠦᠪᠬᠡᠨ | ᠮᠣᠷᠢ ᠪᠠᠷ ᠳᠠᠪᠠᠨ ᠭᠠᠷᠴᠦ ᠪᠠᠶᠢᠳᠠᠭ ᠠᠴᠠ ᠢᠩᠬᠢᠵᠦ ᠨᠡᠷᠡᠯᠡᠭᠳᠡᠪᠡ᠃ | ᠭᠠᠵᠠᠷ ᠤᠨ ᠪᠠᠶᠢᠴᠠ ᠨᠢ ᠬᠥᠯᠥᠨ ᠪᠦᠷ ᠬᠤᠲᠠ ᠶᠢᠨ ᠬᠠᠮᠤᠭ ᠵᠡᠭᠦᠨ ᠬᠡᠰᠡᠭ᠂ ᠶᠡᠭᠡ ᠬᠢᠩᠭᠠᠨ ᠳᠠᠪᠠᠭᠠᠨ ᠤ ᠵᠡᠭᠦᠨ ᠬᠤᠷᠮᠣᠢ ᠶᠢᠨ ᠳᠤᠮᠳᠠ ᠬᠡᠰᠡᠭ᠂ ᠨᠤᠨ | ᠮᠥᠷᠡᠨ ᠤ ᠪᠠᠷᠠᠭᠤᠨ ᠡᠷᠭᠢ ᠳᠤ ᠪᠠᠶᠢᠷᠢᠯᠠᠵᠦ᠂ ᠪᠦᠬᠦ ᠬᠤᠰᠢᠭᠤᠨ ᠤ ᠡᠮᠦᠨ᠎ᠡ ᠠᠴᠠ ᠣᠮᠠᠷ᠎ᠠ ᠬᠦᠷᠲᠡᠯᠡᠬᠢ ᠣᠷᠳᠣ ᠨᠢ 203.2 ᠺᠢᠯᠣᠮᠧᠲᠷ᠂ ᠵᠡᠭᠦᠨ ᠠᠴᠠ | ᠪᠠᠷᠠᠭᠤᠨ ᠬᠦᠷᠳᠡᠯᠡᠬᠢ ᠣᠷᠳᠦ ᠨᠢ 125 ᠺᠢᠯᠣᠮᠧᠲᠷ ᠪᠠᠶᠢᠵᠦ᠂ ᠤᠮᠠᠷᠠᠰᠢ ᠣᠷᠴᠣᠨ ᠤ ᠥᠪᠡᠷᠲᠡᠭᠡᠨ ᠵᠠᠰᠠᠬᠤ ᠬᠤᠰᠢᠭᠤ ᠲᠠᠢ ᠵᠠᠬ᠎ᠠ ᠨᠡᠶᠢᠯᠡᠵᠦ᠂ ᠪᠠᠷᠠᠭᠤᠨᠰᠢ | ᠪᠤᠯᠤᠨ ᠡᠮᠣᠨᠡᠰᠢ ᠠᠷᠤᠨ ᠬᠤᠰᠢᠭᠤ᠂ ᠬᠠᠷᠠᠮᠥ᠋ᠷᠡᠨ ᠮᠤᠵᠢ ᠶᠢᠨ ᠭᠠᠩᠨᠠᠨ ᠰᠢᠶᠠᠨ ᠲᠠᠢ ᠬᠥᠷᠰᠢ ᠵᠡᠷᠭᠡᠯᠡᠳᠡᠭᠡ ᠪᠠᠶᠢᠵᠤ᠂ ᠵᠠᠭᠦᠨᠰᠢ ᠬᠠᠷᠠᠮᠥ᠋ᠷᠡᠨ ᠮᠤᠵᠢ ᠶᠢᠨ ᠨᠠ ᠾᠧ | ᠬᠤᠳᠠ᠂ ᠨᠤᠨ ᠵᠢᠶᠠᠩ ᠰᠢᠶᠠᠨ ᠲᠠᠢ ᠮᠥᠷᠡᠨ ᠠᠯᠤᠰᠯᠠᠵᠤ᠂ ᠪᠦᠬᠦ ᠬᠤᠰᠢᠭᠤᠨ ᠤ ᠲᠠᠯᠠᠪᠠᠢ ᠨᠢ ᠪᠠᠷᠤᠭ 1.1 ᠲᠦᠮᠡᠨ ᠲᠡᠭᠰᠢ ᠳᠥᠷᠪᠡᠯᠵᠢᠨ ᠺᠢᠯᠤᠮᠧᠲ᠋ᠧᠷ᠂ 15 | ᠰᠢᠶᠠᠩ ᠪᠠᠯᠭᠠᠰᠤ ᠬᠠᠷᠢᠯᠠᠭᠳᠠᠵᠦ᠂ 246 ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶᠂ ᠨᠡᠶᠢᠳᠡ 31.4647 ᠲᠦᠮᠡᠨ ᠬᠦᠮᠦᠨ ᠠᠮᠠ ᠲᠠᠢ᠃ | ᠮᠣᠷᠢᠨᠳᠠᠪᠠᠭ᠎ᠠ ᠳᠠᠭᠤᠷ ᠦᠨᠳᠡᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠭᠠᠵᠠᠷ ᠨᠤᠲᠤᠭ ᠥᠷᠭᠡᠨ ᠠᠭᠤᠳᠠᠮ ᠡᠬᠢ ᠪᠠᠶᠠᠯᠢᠭ ᠪᠠᠶᠠᠯᠢᠭ᠃ 853. | 19 ᠲᠦᠮᠡᠨ ᠮᠦ ᠲᠠᠷᠢᠶᠠᠨ ᠭᠠᠵᠠᠷ᠂ 810 ᠲᠦᠮᠡᠨ ᠮᠦ ᠬᠠᠷ᠎ᠠ ᠬᠥᠷᠥᠰᠥ᠂ 42.2 ᠲᠦᠮᠡᠨ ᠮᠦ ᠤᠰᠤᠨ ᠣᠷᠣᠨ᠂ 93.76 ᠲᠦᠮᠡᠨ ᠮᠦ ᠬᠠᠳᠤᠯᠠᠩ | ᠪᠡᠯᠴᠢᠭᠡᠷ ᠲᠠᠢ᠂ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 144.53 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ | ᠪᠠᠷᠤᠭ ᠪᠦᠬᠦ ᠣᠷᠣᠨ ᠤ 40% ᠶᠢ ᠡᠵᠡᠯᠡᠨ᠂ ᠤᠰᠤᠨ ᠡᠨᠧᠷᠭᠢ ᠶᠢᠨ ᠬᠠᠳᠠᠭᠠᠯᠠᠭᠳᠠᠴᠠ ᠶᠢᠨ ᠬᠡᠮᠵᠢᠶ᠎ᠡ 66.6 ᠲᠦᠮᠡᠨ ᠺᠢᠯᠣᠸᠠᠲ ᠲᠤ ᠬᠦᠷᠪᠡ᠃ | ᠮᠣᠷᠢᠨᠳᠠᠪᠠᠭ᠎ᠠ ᠳᠠᠭᠤᠷ ᠦᠨᠳᠡᠰᠦᠲᠡᠨ ᠨᠢ ᠵᠢᠯ ᠳᠤ 15 ᠳ᠋ᠦᠩᠰᠢᠭᠤᠷ ᠵᠢᠩ ᠠᠴᠠ ᠳᠡᠭᠡᠭᠰᠢ ᠰᠢᠷ᠎ᠠ ᠪᠤᠷᠴᠠᠭ ᠦᠢᠯᠡᠳᠪᠦᠷᠢᠯᠡᠵᠦ᠂ ᠰᠢᠶᠠᠨ ᠢᠶᠠᠷ ᠨᠢᠭᠡᠴᠢ ᠪᠣᠯᠭᠠᠭᠰᠠᠨ | ᠰᠢᠷ᠎ᠠ ᠪᠤᠷᠴᠠᠭ ᠤᠨ ᠭᠠᠷᠤᠯᠲᠠ ᠪᠦᠬᠦ ᠤᠯᠤᠰ ᠤᠨ ᠲᠡᠷᠢᠭᠦᠨ ᠳᠤ ᠣᠷᠣᠪᠠ᠃ ᠳᠠᠭᠤᠷ ᠦᠨᠳᠦᠰᠦᠲᠡᠨ ᠤ ᠠᠵᠢᠯᠴᠢ ᠬᠥᠳᠡᠯᠮᠦᠷᠢᠴᠢ᠂ ᠣᠶᠤᠨ ᠤᠬᠠᠭᠠᠨ ᠨᠢ ᠤᠷᠲᠤ | ᠤᠳᠠᠭᠠᠨ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤᠮᠳᠠ ᠦᠨᠳᠦᠰᠦᠲᠡᠨ ᠤ ᠰᠢᠯᠢᠳᠡᠭ ᠰᠣᠶᠣᠯ ᠢ ᠪᠣᠢ ᠪᠣᠯᠭᠠᠵᠤ᠂ ᠳᠠᠭᠤᠤ ᠪᠥᠵᠢᠭ᠂ ᠪᠡᠶ᠎ᠡ ᠶᠢᠨ ᠲᠠᠮᠢᠷ | ᠂ ᠬᠤᠪᠴᠠᠰᠤ ᠵᠠᠰᠠᠯ᠂ ᠢᠳᠡᠭᠡᠨ ᠤᠮᠳᠠᠭᠠᠨ ᠵᠡᠷᠭᠡ ᠲᠠᠯ᠎ᠠ ᠪᠠᠷ ᠦᠨᠳᠦᠰᠦᠲᠡᠨ ᠤ ᠥᠪᠡᠷᠮᠢᠴᠡ ᠬᠡᠪ ᠵᠠᠩᠰᠢᠯ ᠪᠣᠯᠤᠭᠰᠠᠨ ᠪᠠᠢᠨ᠎ᠠ᠃ ᠮᠤᠷᠢᠨᠳᠠᠪᠠᠭ᠎ᠠ ᠳᠠᠭᠤᠷ | ᠦᠨᠳᠡᠰᠦᠲᠡᠨ ᠶᠢᠨ ᠥᠪᠡᠷᠲᠡᠭᠡᠨ ᠵᠠᠰᠠᠬᠤ ᠬᠤᠱᠢᠭᠤᠨ ᠤ ᠬᠥᠮᠦᠨ ᠰᠣᠶᠣᠯ ᠤᠨ ᠦᠵᠡᠮᠵᠢ ᠥᠪᠡᠷᠮᠢᠴᠡ ᠣᠨᠴᠠᠯᠢᠭ ᠲᠠᠢ᠂ ᠵᠤᠭᠠᠴᠠᠯ ᠤᠨ ᠡᠬᠢ ᠪᠠᠶᠠᠯᠢᠭ ᠡᠯᠪᠡᠭ | ᠳᠡᠯᠪᠡᠭ᠂ ᠵᠠᠩ ᠦᠢᠯᠡ ᠶᠢᠨ ᠥᠪᠡᠷᠮᠢᠴᠡ ᠣᠨᠴᠠᠯᠢᠭ ᠲᠠᠢ ᠳᠤᠮᠳᠠᠳᠤ ᠤᠯᠤᠰ ᠤᠨ ᠳᠠᠭᠤᠷ ᠦᠨᠳᠦᠰᠦᠲᠡᠨ ᠤ ᠬᠦᠷᠢᠶᠡᠯᠡᠩ᠂ ᠳᠠᠭᠤᠷ ᠦᠨᠳᠦᠰᠦᠲᠡᠨ ᠤ | ᠮᠦᠽᠧᠢ ᠶᠢᠨ ᠭᠠᠵᠠᠷ᠂ ᠥᠨᠢ ᠤᠳᠠᠭᠠᠨ ᠲᠡᠦᠬᠡ ᠲᠠᠢ ᠠᠯᠲᠠᠨ ᠤᠯᠤᠰ ᠤᠨ ᠬᠤᠣ᠂ ᠥᠩᠭᠡ ᠦᠵᠡᠮᠵᠢ ᠰᠠᠢᠲᠠᠢ ᠮᠣᠷᠢᠨ ᠳᠠᠪᠠᠭ᠎ᠠ ᠠᠭᠤᠯᠠ᠃ ︽ᠰᠢᠷ᠎ᠠ | ᠪᠤᠷᠴᠠᠭ ᠤᠨ ᠨᠤᠲᠤᠭ︾᠂ ︽ᠪᠤᠶᠢᠺᠤ ᠪᠥᠮᠪᠦᠭᠡ ᠶᠢᠨ ᠨᠤᠲᠤᠭ︾᠂ ︽ᠳᠠᠭᠤᠤ ᠪᠥᠵᠢᠭ ᠤᠨ ᠨᠤᠲᠤᠭ︾ ᠭᠡᠰᠡᠨ ᠰᠠᠶᠢᠬᠠᠨ ᠠᠯᠳᠠᠷ ᠲᠠᠢ᠃ | 2001 ᠣᠨ ᠳᠤ ᠪᠦᠬᠦ ᠤᠯᠤᠰ ᠤᠨ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠵᠠᠩᠭᠢᠯᠠᠭ᠎ᠠ ᠪᠠᠷᠢᠯᠭ᠎ᠠ ᠨᠢᠷᠬᠢ ᠳᠠᠭᠤᠷ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠳᠤ ᠪᠠᠷᠢᠯᠭ᠎ᠠ ᠡᠬᠢᠯᠡᠭᠦᠯᠵᠦ᠂ ᠪᠠᠷᠢᠯᠭ᠎ᠠ ᠶᠢᠨ ᠶᠡᠷᠦᠩᠬᠡᠶ ᠪᠡᠯᠡ ᠣᠷᠣᠭᠤᠯᠤᠯᠲᠠ 78 ᠳ᠋ᠦᠩᠰᠢᠭᠤᠷ ᠲᠥᠭᠦᠷᠢᠭ ᠪᠠᠶᠢᠵᠤ᠂ | ᠲᠥᠯᠥᠪᠯᠡᠭᠰᠡᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 25 ᠲᠦᠮᠡᠨ ᠺᠢᠯᠣᠸᠠᠲ᠂ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 6.14 | ᠳ᠋ᠦᠩᠰᠢᠭᠤᠷ ᠭᠷᠠᠳᠦ᠋ᠰ᠂ ᠦᠶᠡᠷ ᠢ ᠰᠡᠷᠭᠡᠶᠢᠯᠡᠬᠦ᠂ ᠤᠰᠤᠯᠠᠬᠤ᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠤᠰᠤᠨ ᠵᠠᠮ ᠤᠨ ᠲᠡᠭᠡᠭᠡᠪᠦᠷᠢ ᠵᠡᠷᠭᠡ | ᠶᠡᠷᠦᠩᠬᠡᠶᠢᠯᠡᠭᠰᠡᠨ ᠦᠷ᠎ᠡ ᠠᠰᠢᠭ ᠲᠠᠢ ᠪᠣᠯᠬᠤᠷ᠂ ᠪᠠᠷᠢᠯᠭ᠎ᠠ ᠶᠢ 2006 ᠣᠨ ᠤ 7 ᠳ᠋ᠤᠭᠠᠷ ᠰᠠᠷ᠎ᠠ ᠳᠤ ᠤᠰᠤ ᠬᠠᠳᠠᠭᠠᠯᠠᠵᠤ ᠴᠠᠬᠢᠯᠭᠠᠨ ᠭᠠᠷᠭᠠᠪᠠ᠃ | ᠴᠥᠬᠦᠷᠤᠮ ᠤᠨ ᠤᠰᠤ ᠳᠦᠭᠦᠷᠦᠭᠰᠡᠨ ᠤ ᠳᠠᠷᠠᠭ᠎ᠠ 500 ᠭᠠᠷᠤᠢ ᠲᠡᠭᠰᠢ ᠳᠥᠷᠪᠡᠯᠵᠢᠨ ᠺᠢᠯᠤᠮᠧᠳ᠋ᠷ ᠲᠠᠯᠠᠪᠠᠢ ᠲᠠᠢ ᠪᠣᠯᠵᠤ᠂ ᠵᠤᠭᠠᠴᠠᠯ ᠤᠨ ᠰᠠᠶᠢᠨ ᠰᠠᠶᠢᠬᠠᠨ | ᠦᠵᠡᠮᠵᠢᠲᠦ ᠤᠷᠤᠨ ᠪᠣᠯᠣᠭᠰᠠᠨ ᠪᠠᠶᠢᠨ᠎ᠠ᠃ |