ᠬᠠᠭᠤᠴᠢᠨ ᠪᠠᠷᠭᠤ ᠬᠤᠰᠢᠭᠤᠨ ᠤ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2024/12/10
       ᠬᠠᠭᠤᠴᠢᠨ ᠪᠠᠷᠭᠤ ᠬᠤᠰᠢᠭᠤ ᠨᠢ ᠬᠥᠯᠥᠨ ᠪᠤᠶᠢᠷ ᠬᠤᠲᠠ ᠶᠢᠨ ᠪᠠᠷᠠᠭᠤᠨ ᠬᠤᠢᠲᠤ ᠬᠡᠰᠡᠭ ᠲᠤ ᠪᠠᠶᠢᠷᠢᠯᠠᠵᠤ᠂ 1732 ᠣᠨ ᠳᠤ ᠮᠣᠩᠭᠤᠯ ᠦᠨᠳᠦᠰᠦᠲᠡᠨ ᠤ ᠪᠠᠷᠭᠤ ᠠᠶᠢᠮᠠᠭ ᠨᠢ ᠠᠳᠡ ᠢᠷᠡᠵᠦ ᠰᠠᠭᠤᠷᠢᠰᠢᠭᠰᠠᠨ ᠠᠴᠠ ︽ᠬᠠᠭᠤᠴᠢᠨ ᠪᠠᠷᠭᠤ︾  ᠬᠡᠵᠦ ᠨᠡᠷᠡᠶᠢᠳᠤᠭ᠍ᠳᠡᠪᠡ᠃ ᠪᠦᠬᠦ ᠬᠤᠰᠢᠭᠤᠨ ᠤ ᠶᠡᠷᠦᠩᠬᠡᠢ ᠲᠠᠯᠠᠪᠠᠢ 17458 ᠲᠡᠭᠰᠢ ᠲᠦᠷᠪᠡᠯᠵᠢᠨ ᠺᠢᠯᠤᠮᠧᠲᠷ᠂ ᠬᠦᠮᠦᠨ ᠠᠮᠠ 5.05 ᠲᠦᠮᠡ᠂ ᠬᠢᠳᠠᠳ᠂ ᠮᠣᠩᠭᠤᠯ ᠦᠨᠳᠦᠰᠦᠲᠡᠨ᠂ ᠡᠸᠡᠩᠬᠢ ᠦᠨᠳᠦᠰᠦᠲᠡᠨ᠂ ᠳᠠᠭᠤᠷ ᠦᠨᠳᠦᠰᠦᠲᠡᠨ ᠵᠡᠷᠭᠡ 25 ᠦᠨᠳᠦᠰᠦᠲᠡᠨ ᠣᠷᠣᠰᠢᠨ ᠰᠠᠭᠤᠵᠦ ᠪᠣᠢ᠃ ᠬᠠᠷᠢᠶᠠᠨ ᠳᠤ 3 ᠪᠠᠯᠭᠠᠰᠤ᠂ 4 ᠰᠤᠮᠤ ᠪᠠᠶᠢᠵᠤ᠂ ᠬᠠᠷᠢᠶᠠᠳᠤ ᠤᠷᠤᠨ ᠳᠤ ᠬᠠᠳᠠᠲᠤ ᠵᠡᠷᠭᠡ 3 ᠲᠠᠷᠢᠶᠠᠯᠠᠩ ᠮᠠᠯᠵᠢᠯ ᠤᠨ ᠲᠠᠯᠠᠪᠠᠢ ᠪᠤᠢ᠃ ᠳᠤᠮᠳᠠ ᠥᠷᠭᠡᠷᠢᠭ ᠲᠤ ᠪᠠᠶᠢᠷᠢᠯᠠᠵᠤ᠂ ᠳᠤᠯᠠᠭᠠᠨ ᠪᠦᠰᠡ ᠶᠢᠨ ᠡᠬᠡ ᠬᠠᠭᠤᠷᠠᠶ ᠶᠢᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠤᠮᠳᠠᠴᠢ ᠲᠤᠨᠳᠠᠰᠤᠨ ᠤ ᠬᠡᠮᠵᠢᠶ᠎ᠡ 320 ᠮᠢᠯᠢᠮᠧᠲᠷ᠂ ᠣᠷᠣᠰ ᠲᠠᠢ ᠡᠷᠭᠦᠨ᠎ᠡ ᠭᠤᠣᠯ ᠮᠥᠷᠡᠨ  ᠢᠶᠠᠷ ᠵᠠᠭ᠋ᠯᠠᠭᠳᠠᠵᠤ᠂ ᠬᠢᠯᠢ ᠶᠢᠨ ᠱᠤᠭᠤᠮ ᠤᠨ ᠶᠡᠷᠦᠩᠬᠡᠢ ᠤᠷᠲᠤ ᠨᠢ 206.7 ᠺᠢᠯᠣᠮᠧᠲᠷ᠃      ᠣᠷᠤᠨ ᠪᠠᠶᠢᠷᠢ ᠶᠢᠨ ᠳᠠᠪᠠᠭᠤᠯᠢᠭ ᠢᠯᠡᠷᠬᠡᠶ᠃ ᠬᠤᠰᠢᠭᠤᠨ ᠤ ᠪᠠᠶᠢᠭ᠎ᠠ ᠭᠠᠵᠠᠷ ᠨᠢ ᠬᠥᠯᠥᠨ ᠪᠤᠶᠢᠷ ᠬᠤᠲᠠ ᠶᠢᠨ ᠲᠥᠪ ᠬᠤᠲᠠ ᠲᠣᠭᠤᠷᠢᠭ ᠤᠨ ᠬᠠᠶᠢᠯᠠᠷ ᠠᠴᠠ 35 ᠺᠢᠯᠤᠮᠧᠲᠷ ᠵᠠᠶᠢᠲᠠᠶ ᠪᠠᠶᠢᠵᠤ᠂ ᠪᠥᠬᠦ ᠤᠯᠤᠰ ᠤᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠶᠢᠨ ᠬᠤᠲᠠ ᠠᠴᠠ ᠮᠠᠨᠵᠤᠤᠷ ᠬᠤᠲᠠ ᠠᠴᠠ160 ᠺᠢᠯᠤᠮᠧᠲᠷ ᠵᠠᠶᠢᠲᠠᠶ᠂ ᠤᠯᠤᠰ ᠤᠨ ᠲᠠᠰ ᠤᠨ ᠪᠣᠭᠤᠮᠲᠠ ᠶᠢᠨ ᠾᠧᠢ ᠱᠠᠨ ᠲᠧᠤ ᠠᠴᠠ 145 ᠺᠢᠯᠤᠮᠧᠲᠷ ᠵᠠᠶᠢᠲᠠᠶ ᠪᠠᠶᠢᠳᠠᠭ᠃ ᠬᠢᠯᠢ ᠶᠢᠨ ᠳᠣᠲᠣᠷ᠎ᠠ G10᠂ G301᠂ G331᠂ G332 ᠵᠡᠷᠭᠡ 4 ᠵᠤᠷᠪᠤᠰ ᠳᠡᠭᠡᠳᠦ ᠬᠤᠷᠳᠤ ᠶᠢᠨ ᠵᠠᠰᠠᠮᠠᠯ ᠵᠠᠮ ᠪᠠ ᠤᠯᠤᠰ ᠤᠨ ᠵᠠᠮ ᠢ ᠨᠡᠪᠲᠡᠷᠡᠭᠦᠯᠵᠦ᠂ ᠬᠠᠷᠪᠢᠨ ᠬᠤᠲᠠ ᠶᠢᠨ ᠲᠡᠮᠦᠷ ᠵᠠᠮ ᠬᠤᠰᠢᠭᠤᠨ ᠳᠤ 92 ᠺᠢᠯᠤᠮᠧᠲᠷ ᠦᠷᠭᠦᠯᠵᠢᠯᠡᠨ᠎ᠡ᠃       ᠪᠠᠶᠢᠭᠠᠯᠢ ᠶᠢᠨ ᠥᠩᠭᠡ ᠦᠵᠡᠮᠵᠢ᠃ ︽ᠳᠡᠯᠡᠬᠡᠶ ᠶᠢᠨ ᠳᠥᠷᠪᠡᠨ ᠶᠡᠭᠡ ᠲᠠᠯ᠎ᠠ ᠨᠤᠲᠤᠭ︾ ᠤᠨ ᠨᠢᠭᠡ ᠪᠣᠯᠬᠤ ᠬᠥᠯᠥᠨ ᠪᠤᠶᠢᠷ ᠤᠨ ᠲᠠᠯ᠎ᠠ ᠨᠤᠲᠤᠭ ᠤᠨ ᠦᠷᠦᠴᠡᠨ ᠳᠤ ᠪᠠᠶᠢᠷᠢᠯᠠᠵᠤ᠂ ᠲᠠᠯ᠎ᠠ ᠨᠤᠲᠤᠭ ᠤᠨ ᠲᠠᠯᠠᠪᠠᠶ 1.23 ᠲᠦᠮᠡᠨ ᠲᠡᠭᠰᠢ ᠳᠥᠷᠪᠡᠯᠵᠢᠨ ᠺᠢᠯᠤᠮᠧᠲᠷ᠂ ᠪᠥᠬᠦ ᠬᠤᠰᠢᠭᠤᠨ ᠤ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠶᠢᠨ 71% ᠶᠢ ᠡᠵᠡᠯᠡᠨ᠎ᠡ᠃ ᠲᠡᠯᠡᠬᠡᠢ ᠲᠠᠬᠢᠨ ᠳᠤ ᠠᠯᠳᠠᠷᠰᠢᠭᠰᠠᠨ ᠤᠭᠠᠯᠵᠠᠨ ᠮᠡᠷᠭᠡᠯ ᠭᠤᠤᠯ ᠪᠣᠯᠤᠨ ᠬᠠᠶᠢᠯᠠᠷ ᠭᠤᠤᠯ᠂ ᠡᠷᠭᠦᠨ᠎ᠡ ᠭᠤᠤᠯ ᠵᠡᠷᠭᠡ 5 ᠭᠤᠤᠯ ᠮᠥᠷᠡᠨ᠂  ᠬᠦᠬᠡᠨᠠᠭᠤᠷ ᠢᠶᠠᠷ ᠲᠥᠯᠥᠭᠡᠯᠡᠭᠦᠯᠦᠭᠰᠡᠨ ᠶᠡᠭᠡ ᠪᠠᠭ᠎ᠠ ᠨᠠᠭᠤᠷ 317 ᠪᠠᠶᠢᠵᠤ᠂ ᠣᠶ ᠰᠢᠭᠤᠶ ᠶᠢᠨ ᠲᠠᠯᠠᠪᠠᠶ 0.123 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠠᠶᠢᠭᠠᠯᠢ ᠶᠢᠨ ᠷᠠᠰᠢᠶᠠᠨ 95 ᠪᠠᠶᠢᠵᠤ᠂ ᠭᠠᠵᠠᠷ ᠤᠨ ᠭᠠᠳᠠᠷᠭᠤ ᠶᠢᠨ ᠬᠡᠭᠡᠷ᠎ᠡ ᠶᠢᠨ ᠤᠷᠭᠤᠮᠠᠯ 553 ᠵᠦᠢᠯ ᠪᠤᠶ᠃ ᠦᠵᠡᠮᠵᠢ ᠶᠢᠨ ᠣᠷᠣᠨ 35 ︵ᠡᠭᠦᠨ ᠳᠤ A ᠲᠠᠰ ᠤᠨ ᠦᠵᠡᠮᠵᠢ ᠶᠢᠨ ᠣᠷᠣᠨ 5︶᠂ ︽ᠬᠥᠯᠥᠨ ᠪᠤᠶᠢᠷ ᠤᠨ ᠲᠠᠯ᠎ᠠ ᠨᠤᠲᠤᠭ · ᠮᠡᠷᠭᠡᠯ ᠭᠤᠤᠯ︾ ᠤᠨ ᠦᠵᠡᠮᠵᠢ ᠶᠢᠨ ᠣᠷᠣᠨ 2024 ᠣᠨ ᠳᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ 2023 ᠣᠨ ᠳᠤ ᠪᠥᠬᠦ ᠬᠤᠰᠢᠭᠤᠨ ᠤ ᠵᠤᠭᠠᠴᠠᠭᠰᠠᠳ ᠢ 200 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 30 ᠳ᠋ᠦᠩᠰᠢᠭᠤᠷ ᠲᠥᠭᠦᠷᠢᠭ ᠢ ᠳᠠᠪᠠᠪᠠ᠃        ᠭᠦᠨ ᠵᠤᠵᠠᠭᠠᠨ ᠰᠤᠶᠤᠯ ᠤᠨ ᠰᠠᠭᠤᠷᠢ ᠲᠠᠢ᠃ ᠬᠠᠭᠤᠴᠢᠨ ᠪᠠᠷᠭᠤ ᠶᠢᠨ ᠲᠠᠯ᠎ᠠ ᠨᠤᠲᠤᠭ ᠪᠣᠯ ᠳᠤᠮᠳᠠᠳᠤ ᠤᠯᠤᠰ ᠤᠨ ᠨᠡᠭᠦᠳᠡᠯ ᠰᠣᠶᠣᠯ ᠤᠨ ᠦᠯᠡᠳᠡᠭᠳᠡᠯ ᠤᠨ ᠭᠠᠵᠠᠷ ᠪᠣᠯᠤᠨ᠎ᠠ᠂ ᠵᠢᠯ ᠲᠤᠷᠰᠢ ᠲᠠᠯ᠎ᠠ ᠨᠤᠲᠤᠭ ᠤᠨ ᠨᠠᠭᠠᠳᠤᠮ᠂ ᠮᠥᠰᠥ ᠴᠠᠰᠤᠨ ᠤ ᠨᠠᠭᠠᠳᠤᠮ᠂ ᠪᠥᠬᠡ ᠶᠢᠨ ᠨᠠᠭᠠᠳᠤᠮ᠂ ᠭᠠᠯ ᠲᠠᠬᠢᠯᠭ᠎ᠠ ᠶᠢᠨ ᠨᠠᠶᠢᠷ᠂ ᠠᠳᠤᠭᠤᠨ ᠰᠣᠶᠣᠯ ᠤᠨ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠵᠦ᠂ ︽ᠳᠤᠮᠳᠠᠳᠤ ᠤᠯᠤᠰ ᠤᠨ ᠨᠠᠭᠠᠳᠤᠮ ᠤᠨ ᠰᠣᠶᠣᠯ ᠤᠨ ᠦᠯᠤᠬᠡᠢ︾ ᠭᠡᠬᠦ ᠰᠠᠶᠢᠬᠠᠨ ᠠᠯᠳᠠᠷ ᠲᠠᠢ ᠪᠠᠶᠢᠵᠤ᠂ 2023 ᠣᠨ ᠳᠤ ︽ᠥᠪᠥᠷ ᠮᠣᠩᠭᠤᠯ ᠤᠨ ᠠᠳᠤᠭᠤᠨ ᠰᠣᠶᠣᠯ ᠤᠨ ᠦᠯᠤᠬᠡᠢ︾ ᠢᠶᠠᠷ ᠦᠨᠡᠯᠡᠭᠳᠡᠪᠡ᠃ ᠡᠷᠲᠡᠨ ᠤ ᠪᠠᠭᠤᠷᠢ ᠶᠢᠨ ᠦᠯᠡᠳᠡᠭᠳᠡᠯ ᠪᠠᠭᠤᠷᠢ 377᠂ ᠤᠯᠤᠰ ᠤᠨ ᠳᠡᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ 2᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ 4᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 2᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 15 ᠪᠠᠶᠢᠨ᠎ᠠ      ᠡᠯ᠎ᠡ ᠲᠥᠷᠥᠯ ᠤᠨ ᠡᠬᠢ ᠪᠠᠶᠠᠯᠢᠭ ᠡᠯᠪᠡᠭ ᠳᠡᠯᠪᠡᠭ᠃ ᠬᠥᠯᠥᠨ ᠪᠤᠶᠢᠷ ᠬᠤᠲᠠ ᠶᠢᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ᠎ᠠ᠂ ︽ᠬᠠᠭᠤᠴᠢᠨ ᠪᠠᠷᠭᠤ ᠬᠤᠰᠢᠭᠤᠨ ᠤ ᠤᠯᠠᠭᠠᠨ ᠲᠤᠯᠤᠭᠠᠶᠢᠳᠤ ᠬᠤᠨᠢ︾᠂ ︽ᠬᠠᠭᠤᠴᠢᠨ ᠪᠠᠷᠭᠤ ᠬᠤᠰᠢᠭᠤᠨ ᠤ ᠦᠬᠡᠷ︾᠂ ︽ᠬᠠᠭᠤᠴᠢᠨ ᠪᠠᠷᠭᠤ ᠬᠤᠰᠢᠭᠤᠨ ᠤ ᠰᠢᠯᠢᠮᠳᠡᠭ ᠤᠨ ᠦᠷ᠎ᠡ︾ ᠨᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠪᠠᠶᠢᠵᠤ᠂ 2023 ᠣᠨ ᠤ ᠲᠠᠷᠢᠮᠠᠯ ᠤᠨ ᠶᠡᠷᠦᠩᠬᠡᠶ ᠤᠨᠠᠯᠲᠠ 29.51 ᠲᠦᠮᠡᠨ ᠲᠣᠨ᠂ ᠵᠢᠯ ᠤᠨ ᠮᠠᠯ ᠤᠨ ᠶᠡᠷᠦᠩᠬᠡᠶ ᠲᠤᠭ᠎ᠠ 159.1 ᠲᠦᠮᠡᠨ ᠲᠣᠯᠣᠭᠠᠶ ᠪᠣᠯᠤᠨ᠎ᠠ᠃ ᠠᠭᠤᠷᠬᠠᠢ ᠶᠢᠨ ᠡᠬᠢ ᠪᠠᠶᠠᠯᠢᠭ ᠡᠯᠪᠡᠭ᠂ ᠨᠡᠬᠦᠷᠡᠰᠦᠨ ᠤ ᠬᠠᠳᠠᠭᠠᠯᠠᠭᠳᠠᠴᠠ 213.58 ᠳ᠋ᠦᠩᠰᠢᠭᠤᠷ ᠲᠤᠨ᠂ ᠡᠬᠦᠨ ᠠᠴᠠ ᠭᠠᠳᠠᠨ᠎ᠠ᠂ ᠵᠡᠰ᠂ ᠲᠡᠮᠦᠷ᠂ ᠲᠢᠲ᠋ᠠᠨ᠂ ᠲᠤᠭᠤᠯᠭ᠎ᠠ᠂ ᠴᠠᠶᠢᠷ᠂ ᠮᠤᠯᠢᠪᠳᠧᠨ᠂ ᠬᠦᠬᠦᠷ ᠲᠡᠮᠦᠷ᠂ ᠮᠠᠩᠰᠢᠶᠤᠤ ᠱᠠᠤ᠂ ᠬᠠᠶᠢᠯᠤᠭᠤᠷ ᠵᠣᠩᠰᠢ ᠵᠡᠷᠭᠡ 33 ᠵᠦᠢᠯ ᠤᠨ ᠠᠭᠤᠷᠬᠠᠢ ᠶᠢᠨ ᠭᠠᠷᠤᠯᠳᠠ ᠪᠣᠢ᠂ ᠤᠯᠤᠰ ᠤᠨ ᠡᠨᠧᠷᠬᠢ ᠶᠢᠨ ᠪᠤᠷᠤᠰᠢᠯᠢ ᠺᠤᠮᠫᠠᠨᠢ᠂ ᠤᠯᠤᠰ ᠤᠨ ᠡᠨᠧᠷᠬᠢ ᠶᠢᠨ ᠬᠦᠯᠦᠨ ᠪᠤᠶᠢᠷ ᠤᠨ ᠴᠠᠬᠢᠯᠭᠠᠨ ᠭᠠᠷᠭᠠᠬᠤ ᠺᠤᠮᠫᠠᠨᠢ᠂ ᠶᠢᠨ ᠰᠢᠨ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠵᠡᠷᠭᠡ ᠲᠤᠮᠤ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠤᠢ᠃ ᠨᠡᠷᠡᠨ ᠤ ᠡᠨᠧᠷᠭᠢ᠂ ᠰᠠᠯᠬᠢᠨ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ 2023 ᠣᠨ ᠳᠤ ᠰᠢᠨ᠎ᠡ ᠡᠨᠧᠷᠭᠢ ᠶᠢᠨ ᠶᠡᠷᠦᠩᠬᠡᠶ ᠤᠭᠰᠠᠷᠠᠯᠲᠠ ᠶᠢᠨ ᠮᠠᠰᠢᠨ ᠤ ᠬᠡᠮᠵᠢᠶ᠎ᠡ ᠨᠢ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠳᠠᠬᠢ ᠡᠵᠡᠯᠡᠬᠦ ᠬᠤᠪᠢ ᠶᠢᠨ ᠵᠢᠩ 13.6% ᠪᠣᠯᠤᠨ᠎ᠠ᠃       ᠰᠠᠭᠤᠷᠢᠰᠢᠬᠤ ᠳᠤ ᠲᠠᠭᠠᠯᠠᠮᠵᠢᠳᠠᠢ ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠤᠯᠠᠨ ᠵᠢᠯ ᠳᠤ 75% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠰᠢᠯᠢᠳᠡᠭ ᠰᠠᠶᠢᠨ ᠲᠤᠩᠭᠠᠯᠠᠭ ᠡᠳᠦᠷ ᠤᠨ ᠲᠤᠭ᠎ᠠ ᠶᠢᠨ ᠬᠠᠷᠢᠴᠠᠯ 99.7% ᠳᠤ ᠬᠦᠷᠴᠡᠢ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠪᠠ ᠬᠤᠳᠠᠯᠳᠤᠭᠠᠨ ᠤ ᠪᠡᠯᠡᠳᠬᠡᠮᠵᠢ ᠪᠦᠷᠢᠨ ᠲᠡᠭᠦᠯᠳᠡᠷ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠶᠡᠬᠡᠪᠡᠷ ᠳᠡᠭᠡᠭᠰᠢᠯᠡᠵᠦ᠂ 2023 ᠣᠨ ᠳᠤ ︽ᠪᠥᠬᠦ ᠤᠯᠤᠰ ᠤᠨ ᠠᠮᠤᠷ ᠠᠮᠤᠭᠤᠯᠠᠩ ᠬᠢᠯᠢ ᠶᠢᠨ ᠵᠢᠱᠢᠶᠡᠴᠢ ᠬᠤᠰᠢᠭᠤ︾᠂ ︽ᠪᠥᠬᠦ ᠣᠷᠣᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ︾ ᠤ ᠢᠷᠠᠭᠤ ᠠᠯᠳᠠᠷ ᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠰᠢᠶᠠᠨ ᠪᠠ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠪᠣᠯᠤᠨ᠎ᠠ᠃        ᠤᠢᠢᠷ᠎ᠠ ᠶᠢᠨ ᠵᠢᠯ ᠠᠴᠠ᠂ ᠬᠠᠭᠤᠴᠢᠨ ᠪᠠᠷᠭᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠦᠬᠦ ᠲᠠᠯ᠎ᠠ ᠪᠠᠷ ᠲᠠᠪᠰᠢᠪᠠ᠃ 2023 ᠣᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 141.91 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠩᠬ᠎ᠠ ᠤᠳᠠᠭ᠎ᠠ 10 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 25.8% ᠪᠠᠷ ᠨᠡᠮᠡᠭᠳᠡᠪᠡ︔ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 3.84 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ