ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ
ᠨᠡᠶᠢᠲᠡᠯᠡᠭᠰᠡᠨ ᠴᠠᠭ᠄
2024/12/10
       ᠬᠠᠭᠤᠴᠢᠨ ᠪᠠᠷᠭᠤ ᠬᠤᠰᠢᠭᠤ ᠨᠢ ᠬᠥᠯᠥᠨ ᠪᠤᠶᠢᠷ ᠬᠤᠲᠠ ᠶᠢᠨ ᠪᠠᠷᠠᠭᠤᠨ ᠬᠤᠢᠲᠤ ᠬᠡᠰᠡᠭ ᠲᠤ ᠪᠠᠶᠢᠷᠢᠯᠠᠵᠤ᠂ 1732 ᠣᠨ ᠳᠤ ᠮᠣᠩᠭᠤᠯ ᠦᠨᠳᠦᠰᠦᠲᠡᠨ ᠤ ᠪᠠᠷᠭᠤ ᠠᠶᠢᠮᠠᠭ ᠨᠢ ᠠᠳᠡ ᠢᠷᠡᠵᠦ ᠰᠠᠭᠤᠷᠢᠰᠢᠭᠰᠠᠨ ᠠᠴᠠ ︽ᠬᠠᠭᠤᠴᠢᠨ ᠪᠠᠷᠭᠤ︾  ᠬᠡᠵᠦ ᠨᠡᠷᠡᠶᠢᠳᠤᠭ᠍ᠳᠡᠪᠡ᠃ ᠪᠦᠬᠦ ᠬᠤᠰᠢᠭᠤᠨ ᠤ ᠶᠡᠷᠦᠩᠬᠡᠢ ᠲᠠᠯᠠᠪᠠᠢ 17458 ᠲᠡᠭᠰᠢ ᠲᠦᠷᠪᠡᠯᠵᠢᠨ ᠺᠢᠯᠤᠮᠧᠲᠷ᠂ ᠬᠦᠮᠦᠨ ᠠᠮᠠ 5.05 ᠲᠦᠮᠡ᠂ ᠬᠢᠳᠠᠳ᠂ ᠮᠣᠩᠭᠤᠯ ᠦᠨᠳᠦᠰᠦᠲᠡᠨ᠂ ᠡᠸᠡᠩᠬᠢ ᠦᠨᠳᠦᠰᠦᠲᠡᠨ᠂ ᠳᠠᠭᠤᠷ ᠦᠨᠳᠦᠰᠦᠲᠡᠨ ᠵᠡᠷᠭᠡ 25 ᠦᠨᠳᠦᠰᠦᠲᠡᠨ ᠣᠷᠣᠰᠢᠨ ᠰᠠᠭᠤᠵᠦ ᠪᠣᠢ᠃ ᠬᠠᠷᠢᠶᠠᠨ ᠳᠤ 3 ᠪᠠᠯᠭᠠᠰᠤ᠂ 4 ᠰᠤᠮᠤ ᠪᠠᠶᠢᠵᠤ᠂ ᠬᠠᠷᠢᠶᠠᠳᠤ ᠤᠷᠤᠨ ᠳᠤ ᠬᠠᠳᠠᠲᠤ ᠵᠡᠷᠭᠡ 3 ᠲᠠᠷᠢᠶᠠᠯᠠᠩ ᠮᠠᠯᠵᠢᠯ ᠤᠨ ᠲᠠᠯᠠᠪᠠᠢ ᠪᠤᠢ᠃ ᠳᠤᠮᠳᠠ ᠥᠷᠭᠡᠷᠢᠭ ᠲᠤ ᠪᠠᠶᠢᠷᠢᠯᠠᠵᠤ᠂ ᠳᠤᠯᠠᠭᠠᠨ ᠪᠦᠰᠡ ᠶᠢᠨ ᠡᠬᠡ ᠬᠠᠭᠤᠷᠠᠶ ᠶᠢᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠤᠮᠳᠠᠴᠢ ᠲᠤᠨᠳᠠᠰᠤᠨ ᠤ ᠬᠡᠮᠵᠢᠶ᠎ᠡ 320 ᠮᠢᠯᠢᠮᠧᠲᠷ᠂ ᠣᠷᠣᠰ ᠲᠠᠢ ᠡᠷᠭᠦᠨ᠎ᠡ ᠭᠤᠣᠯ ᠮᠥᠷᠡᠨ  ᠢᠶᠠᠷ ᠵᠠᠭ᠋ᠯᠠᠭᠳᠠᠵᠤ᠂ ᠬᠢᠯᠢ ᠶᠢᠨ ᠱᠤᠭᠤᠮ ᠤᠨ ᠶᠡᠷᠦᠩᠬᠡᠢ ᠤᠷᠲᠤ ᠨᠢ 206.7 ᠺᠢᠯᠣᠮᠧᠲᠷ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ