ᠡᠯ᠎ᠡ ᠲᠥᠷᠥᠯ ᠤᠨ ᠡᠬᠢ ᠪᠠᠶᠠᠯᠢᠭ ᠡᠯᠪᠡᠭ ᠳᠡᠯᠪᠡᠭ᠃ ᠬᠥᠯᠥᠨ ᠪᠤᠶᠢᠷ ᠬᠤᠲᠠ ᠶᠢᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ᠎ᠠ᠂ ︽ᠬᠠᠭᠤᠴᠢᠨ ᠪᠠᠷᠭᠤ ᠬᠤᠰᠢᠭᠤᠨ ᠤ ᠤᠯᠠᠭᠠᠨ ᠲᠤᠯᠤᠭᠠᠶᠢᠳᠤ ᠬᠤᠨᠢ︾᠂ ︽ᠬᠠᠭᠤᠴᠢᠨ ᠪᠠᠷᠭᠤ | ᠬᠤᠰᠢᠭᠤᠨ ᠤ ᠦᠬᠡᠷ︾᠂ ︽ᠬᠠᠭᠤᠴᠢᠨ ᠪᠠᠷᠭᠤ ᠬᠤᠰᠢᠭᠤᠨ ᠤ ᠰᠢᠯᠢᠮᠳᠡᠭ ᠤᠨ ᠦᠷ᠎ᠡ︾ ᠨᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ | ᠲᠠᠷᠢᠶᠠᠯᠠᠩ ᠤᠨ ᠪᠦᠲᠦᠭᠡᠭᠳᠡᠬᠦᠨ ᠪᠠᠶᠢᠵᠤ᠂ 2023 ᠣᠨ ᠤ ᠲᠠᠷᠢᠮᠠᠯ ᠤᠨ ᠶᠡᠷᠦᠩᠬᠡᠶ ᠤᠨᠠᠯᠲᠠ 29.51 ᠲᠦᠮᠡᠨ ᠲᠣᠨ᠂ ᠵᠢᠯ ᠤᠨ ᠮᠠᠯ ᠤᠨ ᠶᠡᠷᠦᠩᠬᠡᠶ ᠲᠤᠭ᠎ᠠ | 159.1 ᠲᠦᠮᠡᠨ ᠲᠣᠯᠣᠭᠠᠶ ᠪᠣᠯᠤᠨ᠎ᠠ᠃ ᠠᠭᠤᠷᠬᠠᠢ ᠶᠢᠨ ᠡᠬᠢ ᠪᠠᠶᠠᠯᠢᠭ ᠡᠯᠪᠡᠭ᠂ ᠨᠡᠬᠦᠷᠡᠰᠦᠨ ᠤ ᠬᠠᠳᠠᠭᠠᠯᠠᠭᠳᠠᠴᠠ 213.58 ᠳ᠋ᠦᠩᠰᠢᠭᠤᠷ ᠲᠤᠨ᠂ | ᠡᠬᠦᠨ ᠠᠴᠠ ᠭᠠᠳᠠᠨ᠎ᠠ᠂ ᠵᠡᠰ᠂ ᠲᠡᠮᠦᠷ᠂ ᠲᠢᠲ᠋ᠠᠨ᠂ ᠲᠤᠭᠤᠯᠭ᠎ᠠ᠂ ᠴᠠᠶᠢᠷ᠂ ᠮᠤᠯᠢᠪᠳᠧᠨ᠂ ᠬᠦᠬᠦᠷ ᠲᠡᠮᠦᠷ᠂ ᠮᠠᠩᠰᠢᠶᠤᠤ ᠱᠠᠤ᠂ ᠬᠠᠶᠢᠯᠤᠭᠤᠷ ᠵᠣᠩᠰᠢ ᠵᠡᠷᠭᠡ 33 | ᠵᠦᠢᠯ ᠤᠨ ᠠᠭᠤᠷᠬᠠᠢ ᠶᠢᠨ ᠭᠠᠷᠤᠯᠳᠠ ᠪᠣᠢ᠂ ᠤᠯᠤᠰ ᠤᠨ ᠡᠨᠧᠷᠬᠢ ᠶᠢᠨ ᠪᠤᠷᠤᠰᠢᠯᠢ ᠺᠤᠮᠫᠠᠨᠢ᠂ ᠤᠯᠤᠰ ᠤᠨ ᠡᠨᠧᠷᠬᠢ ᠶᠢᠨ ᠬᠦᠯᠦᠨ ᠪᠤᠶᠢᠷ ᠤᠨ ᠴᠠᠬᠢᠯᠭᠠᠨ | ᠭᠠᠷᠭᠠᠬᠤ ᠺᠤᠮᠫᠠᠨᠢ᠂ ᠶᠢᠨ ᠰᠢᠨ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠵᠡᠷᠭᠡ ᠲᠤᠮᠤ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠤᠢ᠃ | ᠨᠡᠷᠡᠨ ᠤ ᠡᠨᠧᠷᠭᠢ᠂ ᠰᠠᠯᠬᠢᠨ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ 2023 ᠣᠨ ᠳᠤ ᠰᠢᠨ᠎ᠡ ᠡᠨᠧᠷᠭᠢ ᠶᠢᠨ | ᠶᠡᠷᠦᠩᠬᠡᠶ ᠤᠭᠰᠠᠷᠠᠯᠲᠠ ᠶᠢᠨ ᠮᠠᠰᠢᠨ ᠤ ᠬᠡᠮᠵᠢᠶ᠎ᠡ ᠨᠢ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠳᠠᠬᠢ ᠡᠵᠡᠯᠡᠬᠦ ᠬᠤᠪᠢ ᠶᠢᠨ ᠵᠢᠩ 13.6% ᠪᠣᠯᠤᠨ᠎ᠠ᠃ | ᠰᠠᠭᠤᠷᠢᠰᠢᠬᠤ ᠳᠤ ᠲᠠᠭᠠᠯᠠᠮᠵᠢᠳᠠᠢ ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠤᠯᠠᠨ ᠵᠢᠯ ᠳᠤ | 75% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠰᠢᠯᠢᠳᠡᠭ ᠰᠠᠶᠢᠨ ᠲᠤᠩᠭᠠᠯᠠᠭ ᠡᠳᠦᠷ ᠤᠨ ᠲᠤᠭ᠎ᠠ ᠶᠢᠨ ᠬᠠᠷᠢᠴᠠᠯ 99.7% ᠳᠤ ᠬᠦᠷᠴᠡᠢ᠃ ᠬᠤᠲᠠ | ᠪᠠᠯᠭᠠᠰᠤᠨ ᠤ ᠰᠠᠭᠤᠷᠢ ᠲᠥᠬᠦᠭᠡᠷᠦᠮᠵᠢ ᠪᠠ ᠬᠤᠳᠠᠯᠳᠤᠭᠠᠨ ᠤ ᠪᠡᠯᠡᠳᠬᠡᠮᠵᠢ ᠪᠦᠷᠢᠨ ᠲᠡᠭᠦᠯᠳᠡᠷ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠶᠡᠬᠡᠪᠡᠷ ᠳᠡᠭᠡᠭᠰᠢᠯᠡᠵᠦ᠂ 2023 ᠣᠨ ᠳᠤ ︽ᠪᠥᠬᠦ ᠤᠯᠤᠰ ᠤᠨ ᠠᠮᠤᠷ ᠠᠮᠤᠭᠤᠯᠠᠩ ᠬᠢᠯᠢ ᠶᠢᠨ ᠵᠢᠱᠢᠶᠡᠴᠢ | ᠬᠤᠰᠢᠭᠤ︾᠂ ︽ᠪᠥᠬᠦ ᠣᠷᠣᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ︾ ᠤ ᠢᠷᠠᠭᠤ ᠠᠯᠳᠠᠷ ᠢ | ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠰᠢᠶᠠᠨ ᠪᠠ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠪᠣᠯᠤᠨ᠎ᠠ᠃ |