ᠰᠢᠨ᠎ᠡ ᠪᠠᠷᠭᠤ ᠪᠠᠷᠠᠭᠤᠨ ᠬᠤᠰᠢᠭᠤ ᠨᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠭᠤᠯᠵᠠᠷ ᠲᠤ ᠪᠠᠶᠢᠷᠢᠯᠠᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 19 ᠬᠢᠯᠢ ᠶᠢᠨ ᠬᠤᠰᠢᠭᠤ ︵ᠬᠤᠲᠠ︶ ᠪᠠ 33 ᠮᠠᠯᠵᠢᠬᠤ ᠬᠤᠰᠢᠭᠤᠨ ᠤ ᠨᠢᠭᠡ ᠪᠠᠶᠢᠵᠤ᠂ ᠬᠥᠯᠥᠨ ᠪᠤᠶᠢᠷ ᠬᠤᠲᠠ ᠶᠢᠨ | ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠤ ᠪᠠᠶᠢᠨ᠎ᠠ︔ ᠵᠡᠭᠦᠨ ᠬᠤᠶᠢᠲᠤ ᠬᠡᠰᠡᠭ ᠢᠶᠠᠷ ᠢᠶᠠᠨ ᠮᠠᠨ ᠤ ᠤᠯᠤᠰ ᠤᠨ ᠬᠠᠮᠤᠭ ᠤᠨ ᠶᠡᠭᠡ ᠬᠠᠭᠤᠷᠠᠢ ᠵᠠᠮ ᠤᠨ | ᠪᠣᠭᠤᠮᠲᠠ ᠶᠢᠨ ᠬᠤᠲᠠ ᠪᠣᠯᠬᠤ ᠮᠠᠨᠵᠤᠤᠷ ᠬᠤᠲᠠ ᠲᠠᠢ ᠬᠥᠷᠰᠢᠯᠡᠵᠦ ᠪᠠᠶᠢᠨ᠎ᠠ︔ ᠬᠤᠶᠢᠨ᠎ᠠ᠂ ᠪᠠᠷᠠᠭᠤᠨ᠂ ᠡᠮᠦᠨ᠎ᠡ ᠭᠤᠷᠪᠠᠨ ᠲᠠᠯ᠎ᠠ ᠪᠠᠷ ᠢᠶᠠᠨ ᠮᠣᠩᠭᠤᠯ ᠤᠯᠤᠰ | ᠪᠠ ᠣᠷᠣᠰ ᠤᠯᠤᠰ ᠲᠠᠢ ᠬᠢᠯᠢ ᠨᠡᠶᠢᠯᠡᠵᠦ᠂ ᠨᠤᠲᠤᠭ ᠳᠡᠪᠢᠰᠬᠡᠷ ᠤᠨ ᠶᠡᠷᠦᠩᠬᠡᠢ ᠲᠠᠯᠠᠪᠠᠶ ᠨᠢ 2.52 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠢᠯᠢ ᠶᠢᠨ | ᠱᠤᠭᠤᠮ ᠤᠨ ᠣᠷᠳᠣ ᠨᠢ 515.4 ᠺᠢᠯᠣᠮᠧᠲᠷ ᠪᠠᠶᠢᠵᠤ᠂ ᠡᠭᠦᠨ ᠳᠤ ᠳᠤᠮᠳᠠᠳᠤ ᠣᠷᠣᠰ ᠤᠨ ᠬᠢᠯᠢ ᠶᠢᠨ ᠱᠤᠭᠤᠮ ᠤᠨ ᠤᠷᠲᠤ ᠨᠢ 48 ᠺᠢᠯᠣᠮᠧᠲᠷ᠂ ᠳᠤᠮᠳᠠᠳᠤ | ᠮᠣᠩᠭᠤᠯ ᠤᠨ ᠬᠢᠯᠢ ᠶᠢᠨ ᠱᠤᠭᠤᠮ ᠤᠨ ᠤᠷᠲᠤ ᠨᠢ 467.4 ᠺᠢᠯᠣᠮᠧᠲᠷ ᠪᠠᠶᠢᠳᠠᠭ᠃ ᠪᠥᠬᠦ ᠬᠤᠰᠢᠭᠤᠨ ᠳᠤ 3 ᠪᠠᠯᠭᠠᠰᠤ᠂ 4 ᠰᠤᠮᠤ᠂ 12 ᠨᠡᠶᠢᠭᠡᠮ | ᠲᠣᠭᠤᠷᠢᠭ᠂ 51 ᠭᠠᠴᠠᠭ᠎ᠠ ︵ᠲᠣᠰᠬᠤᠨ︶ ᠲᠠᠢ ᠪᠠᠶᠢᠳᠠᠭ᠃ ᠪᠥᠬᠦ ᠬᠤᠰᠢᠭᠤᠨ ᠤ ᠶᠡᠷᠦᠩᠬᠡᠢ ᠬᠥᠮᠥᠨ ᠠᠮᠠ 3.5 ᠲᠦᠮᠡ ᠪᠠᠶᠢᠵᠤ᠂ ᠮᠣᠩᠭᠤᠯ᠂ ᠬᠢᠲᠠᠳ᠂ | ᠬᠤᠲᠣᠩ᠂ ᠮᠠᠨᠵᠤ᠂ ᠳᠠᠭᠤᠷ᠂ ᠣᠷᠴᠣᠨ᠂ ᠡᠸᠡᠩᠬᠢ ᠵᠡᠷᠭᠡ 14 ᠦᠨᠳᠦᠰᠦᠲᠡᠨ ᠢᠶᠠᠷ ᠪᠦᠷᠢᠯᠳᠦᠵᠦ᠂ ᠡᠭᠦᠨ ᠳᠤ ᠮᠣᠩᠭᠤᠯ ᠦᠨᠳᠦᠰᠦᠲᠡᠨ ᠤ ᠬᠦᠮᠦᠨ ᠠᠮᠠ | 29430 ᠬᠦᠮᠦᠨ ᠪᠠᠶᠢᠵᠤ᠂ ᠶᠡᠷᠦᠩᠬᠡᠢ ᠬᠦᠮᠦᠨ ᠠᠮᠠ ᠶᠢᠨ 83.63% ᠶᠢ ᠡᠵᠡᠯᠡᠳᠡᠭ᠃ ᠪᠥᠬᠦ ᠬᠤᠰᠢᠭᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ | ᠤᠰᠤ ᠪᠡᠯᠴᠢᠭᠡᠷ ᠲᠠᠩᠰᠤᠭ ᠰᠠᠶᠢᠬᠠᠨ᠂ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ︽ᠵᠡᠭᠦᠨ ᠢᠶᠠᠨ ᠵᠡᠰ ᠲᠠᠢ ᠪᠠᠷᠠᠭᠤᠨ ᠢᠶᠠᠨ ᠮᠥᠩᠭᠦ ᠲᠠᠢ᠂ ᠡᠮᠦᠨ᠎ᠡ ᠢᠶᠠᠨ | ᠲᠣᠰᠣ ᠲᠠᠢ ᠬᠤᠶᠢᠨ᠎ᠠ ᠪᠠᠨ ᠨᠡᠭᠦᠷᠡᠰᠦ ᠲᠠᠢ᠂ ᠭᠠᠵᠠᠷ ᠰᠠᠢ ᠦᠭᠡᠢ ᠮᠠᠨᠤ ᠲᠠᠢ︾ ᠭᠡᠬᠦ ᠰᠠᠶᠢᠬᠠᠨ ᠠᠯᠳᠠᠷᠲᠠᠢ ᠶᠤᠮ᠃ ᠬᠤᠰᠢᠭᠤᠨ ᠤ ᠬᠢᠯᠢ ᠳᠠᠬᠢ ᠪᠠᠷᠭᠤ ᠶᠢᠨ | ᠲᠠᠯ᠎ᠠ ᠨᠤᠲᠤᠭ ᠪᠣᠯ ᠳᠡᠯᠡᠬᠡᠢ ᠶᠢᠨ ᠵᠢᠷᠭᠤᠭᠠᠨ ᠶᠡᠭᠡ ᠬᠠᠮᠤᠭ ᠤᠨ ᠭᠤᠶᠣ ᠲᠠᠯ᠎ᠠ ᠨᠤᠲᠤᠭ ᠤᠨ ᠨᠢᠭᠡ ᠪᠣᠯᠬᠤ ᠬᠥᠯᠥᠨ ᠪᠤᠶᠢᠷ ᠤᠨ ᠲᠠᠯ᠎ᠠ ᠨᠤᠲᠤᠭ ᠤᠨ ᠴᠢᠬᠤᠯᠠ | ᠪᠦᠷᠢᠯᠳᠦᠭᠦᠨ ᠬᠡᠰᠡᠭ ᠪᠠᠶᠢᠵᠤ᠂ ᠬᠡᠷᠡᠭᠯᠡᠵᠦ ᠪᠣᠯᠬᠤᠶᠢᠴᠠ ᠨᠤᠲᠤᠭ ᠪᠡᠯᠴᠢᠭᠡᠷ ᠤᠨ ᠲᠠᠯᠠᠪᠠᠶ ᠨᠢ 3429.6 ᠲᠦᠮᠡᠨ ᠮᠦ ᠪᠠᠶᠢᠨ᠎ᠠ᠃ ᠬᠢᠯᠢ ᠳᠣᠲᠣᠷ᠎ᠠ ᠬᠥᠯᠥᠨ᠂ | ᠪᠤᠶᠢᠷ ᠬᠤᠶᠠᠷ ᠨᠠᠭᠤᠷ ᠲᠠᠢ᠃ ᠲᠠᠯ᠎ᠠ ᠨᠤᠲᠤᠭ ᠳᠡᠭᠡᠷ᠎ᠡ ᠡᠮ ᠳᠤ ᠣᠷᠣᠬᠤ ᠤᠷᠭᠤᠮᠠᠯ 36 ᠵᠦᠢᠯ᠂ ᠬᠡᠭᠡᠷ᠎ᠡ ᠶᠢᠨ ᠠᠮᠢᠲᠠᠨ 35 ᠵᠦᠢᠯ᠂ ᠰᠢᠪᠠᠭᠤᠨ ᠤ ᠲᠥᠷᠥᠯ | 292 ᠵᠦᠢᠯ ᠪᠤᠶ᠃ ᠪᠦᠬᠦ ᠬᠤᠰᠢᠭᠤᠨ ᠳᠤ ᠣᠳᠣ ᠨᠢᠭᠡᠨᠲᠡ ᠬᠠᠶᠢᠨ ᠲᠤᠲᠤᠯᠠᠭᠰᠠᠨ ᠠᠭᠤᠷᠬᠠᠢ ᠶᠢᠨ ᠡᠬᠢ ᠪᠠᠶᠠᠯᠢᠭ ᠲᠤ ᠭᠤᠣᠯᠳᠠᠭᠤ ᠲᠤᠭᠤᠯᠭ᠎ᠠ᠂ ᠴᠠᠶᠢᠷ᠂ | ᠠᠯᠲᠠ᠂ ᠮᠥᠩᠭᠦ᠂ ᠵᠡᠰ ᠵᠡᠷᠭᠡ ᠠᠷᠪᠠᠭᠠᠳ ᠵᠦᠢᠯ ᠤᠨ ᠬᠤᠪᠣᠷ ᠲᠡᠮᠦᠷᠯᠢᠭ ᠪᠠ ᠴᠢᠯᠠᠭᠤᠨ ᠲᠣᠰᠣ᠂ ᠨᠡᠭᠦᠷᠡᠰᠦ᠂ ᠴᠠᠭᠠᠨ ᠱᠠᠤ᠂ ᠮᠠᠨᠤ ᠴᠢᠯᠠᠭᠤ᠂ ᠴᠠᠬᠢᠭᠤᠷ | ᠴᠢᠯᠠᠭᠤ᠂ ᠬᠠᠶᠢᠯᠤᠭᠤᠷ ᠴᠢᠯᠠᠭᠤ ᠵᠡᠷᠭᠡ ᠲᠡᠮᠦᠷᠯᠢᠭ ᠪᠤᠰᠤ ᠠᠭᠤᠷᠬᠠᠢ ᠶᠢᠨ ᠬᠠᠳᠠᠭᠠᠯᠠᠭᠳᠠᠴᠠ ᠪᠣᠢ᠃ ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ᠂ | ᠳ᠋ᠠᠴᠢᠩ ᠤᠨ ᠴᠢᠯᠠᠭᠤᠨ ᠲᠣᠰᠣᠨ ᠤ ᠠᠭᠤᠷᠬᠠᠶ᠂ ᠶᠦᠨᠨᠠᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ᠂ ᠭᠠᠨᠰᠦ ᠶᠢᠨ ᠱᠧᠩ ᠳ᠋ᠠ ᠪᠦᠯᠦᠭᠯᠡᠯ᠂ ᠬᠥᠯᠥᠨ ᠪᠤᠶᠢᠷ ᠤᠨ | ᠴᠠᠭᠠᠨ ᠠᠭᠤᠷᠬᠠᠶ ᠶᠢᠨ ᠦᠢᠯᠡᠰ ᠤᠨ ᠺᠣᠮᠫᠠᠨᠢ᠂ ᠱᠧᠨ ᠬᠤᠸᠠ ᠶᠢᠨ ᠭᠦᠸᠧ ᠬᠤᠸᠠ ︵ᠬᠥᠯᠥᠨ ᠪᠤᠶᠢᠷ︶ ᠰᠠᠯᠬᠢᠨ ᠬᠦᠴᠦ ᠴᠠᠬᠢᠯᠭᠠᠨ ᠬᠦᠴᠦᠨ ᠤ ᠺᠣᠮᠫᠠᠨᠢ ᠵᠡᠷᠭᠡ | ᠲᠣᠮᠣ ᠬᠡᠯᠪᠡᠷᠢ ᠶᠢᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠪᠠ᠃ | ᠬᠥᠯᠥᠨ ᠨᠠᠭᠤᠷ ᠢ ᠪᠠᠰᠠ ᠲᠡᠯᠡᠶ ᠨᠠᠭᠤᠷ ᠭᠡᠳᠡᠭ᠂ ᠲᠡᠷᠡ ᠨᠢ ᠥᠪᠥᠷ ᠮᠣᠩᠭᠤᠯ ᠤᠨ ᠨᠢᠭᠡᠳᠦᠭᠡᠷ ᠶᠡᠭᠡ ᠨᠠᠭᠤᠷ ᠪᠠᠶᠢᠵᠤ᠂ ᠤᠰᠤᠨ ᠤ ᠲᠠᠯᠠᠪᠠᠶ ᠨᠢ | ᠬᠠᠮᠤᠭ ᠤᠨ ᠶᠡᠭᠡ ᠦᠶ᠎ᠡ ᠳᠡᠭᠡᠨ 2339 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠣᠲᠣ ᠶᠢᠨ ᠲᠠᠯᠠᠪᠠᠶ ᠨᠢ 2038 ᠲᠡᠭᠰᠢ ᠳᠥᠷᠪᠡᠯᠵᠢᠨ ᠺᠢᠯᠣᠮᠧᠲᠷ | ᠣᠷᠴᠢᠮ ᠪᠠᠶᠢᠵᠤ᠂ ᠡᠭᠦᠨ ᠳᠤ 91% ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠳᠤ ᠪᠤᠢ᠃ ᠨᠠᠭᠤᠷ ᠤᠨ ᠤᠷᠳᠤ ᠨᠢ 93 ᠮᠧᠲᠷ᠂ ᠬᠠᠮᠤᠬ ᠤᠨ ᠶᠡᠭᠡ | ᠦᠷᠭᠡᠨ ᠨᠢ 51 ᠺᠢᠯᠤᠮᠲ᠋ᠧᠷ᠂ ᠳᠤᠮᠳᠠᠴᠢ ᠦᠷᠭᠡᠨ ᠨᠢ 25 ᠺᠢᠯᠤᠮᠲ᠋ᠧᠷ᠂ ᠬᠠᠮᠤᠭ ᠤᠨ ᠶᠡᠭᠡ ᠤᠰᠤᠨ ᠤ ᠭᠦᠨ ᠨᠢ 8 ᠮᠧᠲᠷ᠂ ᠲᠤᠮᠳᠠᠴᠢ ᠤᠰᠤᠨ ᠤ ᠭᠦᠨ ᠨᠢ | 5.7 ᠮᠧᠲᠷ᠂ ᠨᠠᠭᠤᠷ ᠤᠨ ᠬᠦᠪᠡᠭᠡᠨ ᠤ ᠤᠷᠳᠤ ᠨᠢ 447 ᠺᠢᠯᠤᠮᠲ᠋ᠧᠷ ᠪᠠᠶᠢᠵᠤ᠂ ᠬᠥᠯᠤᠨ ᠨᠠᠭᠤᠷ ᠤᠨ ᠤᠰᠤᠨ ᠤᠷᠤᠨ ᠬᠢᠭᠡᠳ ᠡᠷᠬᠢᠨ ᠲᠤᠭᠤᠷᠢᠨ ᠤ ᠨᠤᠭᠤ | ᠭᠠᠵᠠᠷ ᠤᠨ ᠶᠡᠷᠤᠩᠬᠡᠢ ᠲᠠᠯᠠᠪᠠᠢ ᠨᠢ 7680 ᠲᠡᠭᠰᠢ ᠲᠥᠷᠪᠡᠯᠵᠢᠨ ᠺᠢᠯᠤᠮᠲ᠋ᠧᠷ ᠪᠠᠶᠢᠳᠠᠭ᠃ ᠬᠥᠯᠥᠨ ᠨᠠᠭᠤᠷ ᠨᠢ ᠣᠷᠣᠰᠣᠨ ᠣᠷᠣᠵᠤ ᠭᠠᠷᠬᠤ ᠨᠠᠭᠤᠷ ᠪᠠᠶᠢᠵᠤ᠂ | ᠤᠰᠤᠨ ᠤ ᠢᠷᠡᠯᠲᠡ ᠨᠢ ᠭᠤᠣᠯᠳᠠᠭᠤ ᠬᠡᠷᠦᠯᠦᠨ ᠭᠤᠣᠯ ᠪᠠ ᠣᠷᠱᠣᠨ ᠭᠤᠣᠯ ᠪᠠᠶᠢᠵᠤ᠂ ᠬᠤᠷ᠎ᠠ ᠲᠣᠨᠣᠳᠠᠰᠤ᠂ ᠡᠷᠭᠢᠨ ᠲᠣᠭᠤᠷᠢᠨ ᠤ ᠤᠷᠤᠰᠬᠠᠯ ᠪᠠ ᠭᠠᠵᠠᠷ | ᠳᠣᠣᠷᠠᠬᠢ ᠤᠰᠤ ᠨᠥᠬᠦᠵᠦ ᠪᠠᠶᠢᠳᠠᠭ᠃ ᠬᠥᠯᠥᠨ ᠨᠠᠭᠤᠷ ᠤᠨ ᠡᠷᠭᠢᠨ ᠲᠣᠭᠤᠷᠢᠨ ᠳᠤ ᠰᠢᠪᠠᠭᠤᠨ ᠤ ᠲᠥᠷᠥᠯ ᠨᠡᠶᠢᠲᠡ 241 ᠵᠦᠢᠯ ᠪᠣᠶ᠂ ᠵᠢᠱᠢᠶᠡᠯᠡᠪᠡᠯ᠄ ᠬᠤᠨ | ᠭᠠᠯᠠᠭᠤ᠂ ᠴᠠᠬᠤᠯᠠᠢ᠂ ᠲᠣᠭᠤᠷᠤᠤ᠂ ᠨᠤᠭᠤᠰᠤ᠂ ᠳᠡᠭᠡᠯᠡᠢ ᠵᠡᠷᠭᠡ ᠬᠤᠶᠠᠷ ᠵᠠᠭᠤ ᠭᠠᠷᠤᠢ ᠵᠦᠢᠯ ᠤᠨ ᠬᠤᠪᠣᠷ ᠴᠤᠬᠠᠭ ᠰᠢᠪᠠᠭᠤᠨ ᠤ ᠲᠥᠷᠥᠯ ᠪᠠᠶᠢᠵᠤ᠂ | ᠨᠠᠭᠤᠷ ᠲᠤ ᠨᠡᠶᠢᠲᠡ 30 ᠭᠠᠷᠤᠢ ᠲᠥᠷᠥᠯ ᠤᠨ ᠵᠢᠭᠠᠰᠤ ᠪᠣᠶ᠂ ᠡᠭᠦᠨ ᠳᠤ ᠭᠤᠣᠯᠳᠠᠭᠤ ᠮᠥᠷᠭᠦ ᠵᠢᠭᠠᠰᠤ᠂ ᠬᠡᠯᠲᠡᠭᠡ ᠵᠢᠭᠠᠰᠤ᠂ ᠴᠤᠯᠪᠤᠷᠲᠤ ᠵᠢᠭᠠᠰᠤ ᠵᠡᠷᠭᠡ ᠠᠵᠤ | ᠠᠬᠤᠢ ᠶᠢᠨ ᠵᠢᠭᠠᠰᠤᠨ ᠤ ᠲᠥᠷᠥᠯ ᠪᠠᠶᠢᠨ᠎ᠠ᠃ ᠪᠤᠶᠢᠷ ᠨᠠᠭᠤᠷ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠳᠤ ᠴᠦᠮ ᠪᠠᠶᠢᠭ᠎ᠠ ᠬᠠᠮᠲᠤ ᠶᠢᠨ ᠨᠠᠭᠤᠷ | ᠪᠣᠯᠣᠨ᠎ᠠ᠂ ᠶᠡᠷᠦᠩᠬᠡᠢ ᠲᠠᠯᠠᠪᠠᠢ ᠨᠢ 608.78 ᠲᠡᠭᠰᠢ ᠳᠥᠷᠪᠡᠯᠵᠢᠨ ᠺᠢᠯᠤᠮᠧᠲᠷ ᠪᠠᠶᠢᠳᠠᠭ᠃ ᠨᠠᠭᠤᠷ ᠤᠨ ᠶᠡᠬᠡᠩᠬᠢ ᠬᠡᠰᠡᠭ ᠨᠢ ᠮᠣᠩᠭᠤᠯ ᠤᠯᠤᠰ ᠤᠨ ᠬᠢᠯᠢ ᠳᠤ | ᠪᠠᠶᠢᠵᠤ᠂ ᠵᠥᠪᠬᠡᠨ ᠪᠠᠷᠠᠭᠤᠨ ᠬᠤᠶᠢᠲᠤ ᠬᠡᠰᠡᠭ ᠤᠨ 40.26 ᠲᠡᠭᠰᠢ ᠳᠥᠷᠪᠡᠯᠵᠢᠨ ᠺᠢᠯᠣᠮᠧᠲᠷ ᠨᠢ ᠮᠠᠨ ᠤ ᠤᠯᠤᠰ ᠲᠤ ᠥᠮᠴᠢᠯᠡᠭᠳᠡᠵᠦ᠂ ᠪᠦᠬᠦᠨ ᠢᠶᠠᠷ ᠢᠶᠠᠨ | ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠳᠤ ᠪᠠᠶᠢᠨ᠎ᠠ᠃ | ᠣᠶᠢᠷ᠎ᠠ ᠶᠢᠨ ᠵᠢᠯ ᠠᠴᠠ᠂ ᠮᠠᠨ ᠤ ᠬᠤᠰᠢᠭᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢᠨ ᠲᠣᠭᠤᠷᠢᠨ ᠳᠤ᠂ ᠮᠠᠯ ᠠᠵᠤ | ᠠᠬᠤᠶ ᠪᠠᠷ ᠬᠤᠰᠢᠭᠤ ᠪᠠᠨ ᠲᠣᠭᠲᠠᠪᠤᠷᠢᠵᠢᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ᠂ ᠠᠶᠠᠯᠠᠯ ᠵᠢᠭᠤᠯᠴᠢᠯᠠᠯ ᠢᠶᠠᠷ ᠬᠤᠰᠢᠭᠤ ᠪᠠᠨ | ᠠᠮᠢᠵᠢᠷᠠᠭᠤᠯᠬᠤ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠨ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠶᠢᠨ | ᠬᠥᠭᠵᠢᠯᠲᠡ᠂ ᠨᠡᠶᠢᠭᠡᠮ ᠤᠨ ᠳᠠᠪᠰᠢᠯᠲᠠ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠲᠤᠯᠠᠭᠰᠠᠭᠠᠷ ᠢᠷᠡᠭᠰᠡᠨ ᠶᠤᠮ᠃ | ᠤᠷᠢᠳ ᠬᠤᠵᠢᠳ ᠪᠦᠬᠦ ᠤᠯᠤᠰ ᠤᠨ ᠪᠤᠯᠪᠠᠰᠤᠨ ᠬᠤᠰᠢᠭᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠬᠦᠯᠬᠦ ᠵᠢᠱᠢᠶ᠎ᠡ ᠦᠵᠡᠬᠦᠯᠬᠦ ᠬᠤᠰᠢᠭᠤ᠂ | ᠲᠠᠪᠤᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠬᠦᠯᠦᠭᠰᠡᠨ ᠳᠡᠷᠢᠬᠦᠨ ᠤ ᠬᠤᠰᠢᠭᠤ᠂ ᠭᠠᠵᠢᠭᠤ ᠨᠤᠮᠯᠠᠯ ᠦᠬᠡᠢ ᠬᠤᠰᠢᠭᠤ ᠰᠢᠶᠠᠨ᠂ ᠠᠮᠢ ᠠᠬᠤᠢ ᠶᠢᠨ | ᠪᠤᠯᠪᠠᠰᠤᠨ ᠤ ᠵᠢᠱᠢᠶ᠎ᠡ ᠦᠵᠡᠬᠦᠯᠬᠦ ᠢᠨᠵᠧᠨᠧᠷᠢᠩ ᠤᠨ ᠳᠤᠷᠰᠢᠯᠳᠠ ᠶᠢᠨ ᠴᠡᠭ ᠤᠨ ᠭᠠᠵᠠᠷ ᠤᠷᠤᠨ᠂ ᠳᠤᠮᠳᠠᠳᠤ ᠤᠯᠤᠰ ᠤᠨ ᠪᠠᠷᠠᠭᠤᠨ ᠤᠷᠤᠨ ᠤ ᠵᠠᠭᠤᠨ | ᠬᠦᠴᠦᠷᠬᠡᠭ ᠰᠢᠶᠠᠨ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠦᠨᠳᠦᠰᠦᠨ ᠦᠷᠢᠰᠦᠯᠳᠦᠬᠦ ᠬᠦᠴᠦᠨ ᠤ ᠳᠡᠭᠡᠭᠰᠢᠯᠡᠬᠦᠯᠦᠯᠳᠡ ᠶᠢᠨ ᠬᠤᠷᠳᠤᠴᠠ ᠨᠢ | ᠬᠠᠮᠤᠭ ᠤᠨ ᠬᠤᠷᠳᠤᠨ ᠵᠠᠭᠤᠨ ᠬᠦᠴᠦᠷᠬᠡᠭ ᠬᠤᠰᠢᠭᠤ ᠬᠤᠳᠠ ᠵᠡᠷᠬᠡ ᠢᠷᠠᠭᠤ ᠠᠯᠳᠠᠷ ᠢ ᠬᠦᠷᠲᠡᠵᠦ ᠥᠩᠭᠡᠷᠡᠭᠰᠡᠨ ᠶᠤᠮ᠃ | 2023 ᠣᠨ ᠳᠤ᠂ ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 89 ᠳ᠋ᠦᠩᠰᠢᠭᠤᠷ ᠲᠥᠭᠦᠷᠢᠭ ᠲᠤ | ᠬᠦᠷᠴᠦ᠂ 8.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠣᠷᠣᠵᠤ᠂ ᠣᠶᠢᠷ᠎ᠠ ᠶᠢᠨ ᠠᠷᠪᠠᠨ ᠵᠢᠯ ᠤᠨ ᠲᠤᠷᠰᠢᠬᠢ | ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 7.4 | ᠳ᠋ᠦᠩᠰᠢᠭᠤᠷ ᠲᠥᠭᠦᠷᠢᠭ ᠲᠤ ᠬᠦᠷᠴᠦ᠂ 7% ᠪᠠᠷ ᠨᠡᠮᠡᠭᠳᠡᠨ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 2.8 ᠵᠠᠭᠤᠨ ᠤ ᠨᠢᠭᠡᠴᠢ ᠥᠨᠳᠥᠷ ᠪᠣᠯᠵᠤ᠂ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 34746 ᠲᠥᠭᠦᠷᠢᠭ ᠲᠤ ᠬᠦᠷᠴᠦ᠂ 6.4% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠣᠷᠣᠭᠤᠯᠤᠯᠲᠠ 11.09 ᠳ᠋ᠦᠩᠰᠢᠭᠤᠷ ᠲᠥᠭᠦᠷᠢᠭ ᠲᠤ | ᠬᠦᠷᠴᠦ᠂ 21.3% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 14.4% ᠪᠠᠷ ᠨᠡᠮᠡᠭᠳᠡᠪᠡ᠃ | |