ᠬᠤᠲᠠ ᠶᠢᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2024/12/10
       ︽ᠬᠠᠶᠢᠯᠠᠷ︾ ᠭᠡᠳᠡᠭ ᠨᠡᠷ᠎ᠡ ᠨᠢ ᠬᠠᠶᠢᠯᠠᠷ ᠭᠤᠣᠯ ᠤᠨ ᠨᠡᠷ᠎ᠡ ᠠᠴᠠ ᠢᠷᠡᠯᠲᠡ ᠲᠠᠢ ᠶᠤᠮ᠃ ᠬᠠᠶᠢᠯᠠᠷ ᠭᠤᠣᠯ ᠤᠨ ᠨᠡᠷᠡᠶᠢᠳᠦᠯ ᠤᠨ ᠤᠳᠬ᠎ᠠ ᠨᠢ᠄ ᠬᠤᠶᠠᠷ ᠡᠷᠭᠢ ᠶᠢᠨ ᠪᠡᠯᠴᠢᠶᠡᠷ ᠲᠤ ᠮᠠᠰᠢ ᠣᠯᠠᠨ ᠬᠡᠭᠡᠷ᠎ᠡ ᠶᠢᠨ ᠭᠤᠭᠤᠳ ᠤᠷᠭᠤᠳᠠᠭ ᠭᠤᠣᠯ ᠪᠣᠯᠣᠨ᠎ᠠ᠃      ᠬᠠᠶᠢᠯᠠᠷ ᠲᠣᠭᠤᠷᠢᠭ ᠨᠢ ᠬᠤᠲᠠ ᠶᠢᠨ ᠲᠣᠭᠤᠷᠢᠭ ᠪᠠ ᠬᠤᠲᠠ ᠶᠢᠨ ᠲᠡᠭᠦᠷᠭᠡ ᠬᠤᠶᠠᠷ ᠬᠡᠰᠡᠭ ᠢᠶᠠᠷ ᠪᠦᠷᠢᠯᠳᠦᠵᠡᠢ᠃ ᠬᠤᠲᠠ ᠶᠢᠨ ᠲᠣᠭᠤᠷᠢᠭ ᠢ ᠭᠤᠣᠯ ᠤᠨ ᠵᠡᠭᠦᠨ᠂ ᠭᠤᠣᠯ ᠤᠨ ᠪᠠᠷᠠᠭᠤᠨ᠂ ᠵᠢᠶᠠᠨ ᠱᠧ ᠵᠡᠭᠡᠯᠢ ᠭᠤᠳᠤᠮᠵᠢ ᠪᠠ ᠲᠡᠮᠦᠷ ᠵᠠᠮ ᠤᠨ ᠬᠤᠶᠢᠲᠤ ᠬᠡᠰᠡᠭ 4 ᠲᠣᠭᠤᠷᠢᠭ ᠬᠤᠪᠢᠶᠠᠨ᠎ᠠ᠃ ᠭᠤᠷᠪᠠᠨ ᠲᠠᠯ᠎ᠠ ᠪᠠᠷ ᠢᠶᠠᠨ ᠠᠭᠤᠯᠠ  ᠪᠠᠷ ᠬᠦᠷᠢᠶᠡᠯᠡᠭᠳᠡᠵᠦ᠂ ᠳᠤᠮᠳᠠ ᠪᠠᠨ ᠬᠤᠶᠠᠷ ᠭᠤᠣᠯ ︵ᠢᠮᠢᠨ ᠭᠤᠣᠯ᠂ 626 ᠵᠢᠵᠢᠭ ᠭᠤᠣᠯ︶ ᠤᠷᠤᠰᠳᠠᠭ᠃ ᠬᠤᠲᠠ ᠶᠢᠨ ᠲᠣᠭᠤᠷᠢᠭ ᠲᠤ ᠱᠧᠩ ᠯᠢ᠂ ᠬᠥᠯᠥᠨ᠂ ᠵᠢᠶᠠᠨ ᠺᠠᠩ᠂ ᠵᠧᠩ ᠶᠠᠩ᠂ ᠺᠣᠣ ᠱᠠᠨ᠂ ᠵᠡᠭᠦᠨ ᠠᠭᠤᠯᠠ ᠵᠡᠷᠭᠡ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠲᠠᠢ᠂ ᠬᠤᠲᠠ ᠶᠢᠨ ᠲᠡᠭᠦᠷᠭᠡ ᠳᠤ ᠬᠠᠭ᠂ ᠹᠧᠨ ᠳ᠋ᠧᠦ 2 ᠪᠠᠯᠭᠠᠰᠤ ᠪᠠ ᠵᠢᠶᠠᠨ ᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠳᠠᠭ᠃ ᠬᠤᠲᠠ ᠶᠢᠨ ᠲᠣᠭᠤᠷᠢᠭ᠂ ᠬᠤᠲᠠ ᠶᠢᠨ ᠲᠡᠭᠦᠷᠭᠡ ᠳᠤ ᠨᠡᠶᠢᠲᠡ 52 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ 17 ᠵᠠᠰᠠᠭ ᠵᠠᠬᠢᠷᠭᠠᠨ ᠤ ᠲᠣᠰᠬᠤᠨ᠂ 93 ᠲᠣᠰᠬᠤᠨ ᠤ ᠠᠷᠠᠳ ᠤᠨ ᠳᠤᠭᠤᠶᠢᠯᠠᠩ ᠲᠠᠢ᠃ ᠡᠭᠦᠨ ᠳᠤ ᠹᠧᠨ ᠳ᠋ᠧᠦ ᠪᠠᠯᠭᠠᠰᠤ 6 ᠵᠠᠰᠠᠭ ᠵᠠᠬᠢᠷᠭᠠᠨ ᠤ ᠲᠣᠰᠬᠤᠨ᠂ 23 ᠲᠣᠰᠬᠤᠨ ᠤ ᠠᠷᠠᠳ ᠤᠨ ᠳᠤᠭᠤᠶᠢᠯᠠᠩ᠂ 9 ᠨᠡᠶᠢᠭᠡᠮ ᠲᠣᠭᠤᠷᠢᠭ ᠤᠨ ᠵᠥᠪᠯᠡᠯ ᠲᠠᠢ᠂ ᠬᠠᠭ ᠪᠠᠯᠭᠠᠰᠤ 6 ᠵᠠᠰᠠᠭ ᠵᠠᠬᠢᠷᠭᠠᠨ ᠤ ᠲᠣᠰᠬᠤᠨ᠂ 45 ᠲᠣᠰᠬᠤᠨ ᠤ ᠠᠷᠠᠳ ᠤᠨ ᠳᠤᠭᠤᠶᠢᠯᠠᠩ᠂ 1 ᠨᠡᠶᠢᠭᠡᠮ ᠲᠣᠭᠤᠷᠢᠭ ᠤᠨ ᠵᠥᠪᠯᠡᠯ ᠲᠠᠢ᠂ ᠵᠢᠶᠠᠨ ᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 5 ᠵᠠᠰᠠᠭ ᠵᠠᠬᠢᠷᠭᠠᠨ ᠤ ᠲᠣᠰᠬᠤᠨ᠂ 25 ᠲᠣᠰᠬᠤᠨ ᠤ ᠠᠷᠠᠳ ᠤᠨ ᠳᠤᠭᠤᠶᠢᠯᠠᠩ᠂ 4 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠂ ᠵᠧᠩ ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 7 ᠨᠡᠶᠢᠭᠡᠮ ᠲᠣᠭᠤᠷᠢᠭ ᠤᠨ ᠵᠥᠪᠯᠡᠯ ᠲᠠᠢ᠂ ᠵᠢᠶᠠᠨ ᠺᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 9 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠂ ᠺᠣᠣ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 4 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠂ ᠱᠧᠩ ᠯᠢ ᠨᠡᠶᠢᠭᠡᠮ ᠲᠣᠭᠤᠷᠢᠭ 7 ᠰᠠᠭᠤᠭᠠᠯᠢ ᠠᠷᠠᠳ ᠤᠨ ᠵᠥᠪᠯᠡᠯ ᠲᠠᠢ᠂ ᠬᠥᠯᠥᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 7 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠂ ᠵᠡᠭᠦᠨ ᠠᠭᠤᠯᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 4 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ ᠪᠠᠶᠢᠳᠠᠭ᠃ ᠬᠠᠶᠢᠯᠠᠷ ᠲᠣᠭᠤᠷᠢᠭ  ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠳᠠ ᠶᠢᠨ ᠬᠤᠷᠢᠶ᠎ᠠ᠂ ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ᠂ ᠪᠦᠬᠦ ᠬᠤᠳᠠ ᠶᠢᠨ ᠤᠯᠤᠰ ᠲᠦᠷᠦ᠂ ᠠᠵᠤ ᠠᠬᠤᠢ ᠂ ᠰᠣᠶᠣᠯ᠂ ᠵᠠᠮ ᠬᠠᠷᠢᠯᠴᠠᠭ᠎ᠠ᠂  ᠮᠡᠳᠡᠭᠡ ᠵᠠᠩᠭᠢ ᠪᠣᠯᠣᠨ ᠵᠤᠭᠠᠴᠠᠯ ᠤᠨ ᠲᠥᠪ ᠪᠣᠯᠣᠨ᠎ᠠ᠃ ᠶᠡᠷᠦᠩᠬᠡᠢ ᠲᠠᠯᠠᠪᠠᠶ ᠨᠢ 1440 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠥᠯᠥᠨ ᠪᠤᠶᠢᠷ ᠬᠤᠲᠠ ᠶᠢᠨ ᠶᠡᠷᠦᠩᠬᠡᠢ ᠲᠠᠯᠠᠪᠠᠶ ᠶᠢᠨ 0.57% ᠶᠢ ᠡᠵᠡᠯᠡᠵᠦ᠂ ᠬᠤᠲᠠ ᠪᠠᠶᠢᠭᠤᠯᠤᠭᠰᠠᠨ ᠲᠠᠯᠠᠪᠠᠶ ᠨᠢ 64.4 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃       2023 ᠣᠨ ᠤ ᠡᠴᠦᠰ ᠪᠣᠯᠲᠠᠯ᠎ᠠ ᠡᠷᠦᠬᠡ ᠠᠮᠠ ᠶᠢᠨ ᠲᠠᠩᠰᠠ ᠶᠢᠨ ᠪᠥᠬᠦ ᠬᠥᠮᠥᠨ ᠠᠮᠠ ᠶᠢᠨ ᠲᠤᠭ᠎ᠠ 287641 ᠪᠠᠶᠢᠵᠤ᠂ ᠡᠭᠦᠨ ᠤ ᠳᠣᠲᠣᠷ᠎ᠠ ᠬᠤᠲᠠ ᠪᠠᠯᠭᠠᠰᠤᠨ ᠤ ᠬᠥᠮᠥᠨ ᠠᠮᠠ 273614᠂ ᠬᠥᠳᠡᠭᠡ ᠲᠣᠰᠬᠤᠨ ᠤ ᠬᠥᠮᠥᠨ ᠠᠮᠠ 14027 ᠪᠣᠶ᠃ ᠵᠢᠯ ᠤᠨ ᠡᠴᠦᠰ ᠤᠨ ᠶᠡᠷᠦᠩᠬᠡᠢ ᠡᠷᠦᠬᠡ ᠶᠢᠨ ᠲᠤᠭ᠎ᠠ 117555 ᠡᠷᠦᠬᠡ ᠳᠤ ᠬᠦᠷᠴᠡᠢ᠃ ᠪᠥᠬᠦ ᠵᠢᠯ ᠳᠤ ᠲᠥᠷᠥᠭᠰᠡᠨ ᠬᠥᠮᠥᠨ ᠠᠮᠠ 1412 ᠪᠠᠶᠢᠵᠤ᠂ ᠲᠥᠷᠥᠭᠰᠡᠨ ᠨᠣᠷᠮ᠎ᠠ ᠨᠢ 4.9‰ ᠪᠣᠯᠣᠨ᠎ᠠ᠃ ᠦᠬᠦᠭᠰᠡᠨ ᠬᠥᠮᠥᠨ ᠠᠮᠠ 2559 ᠪᠠᠶᠢᠵᠤ᠂ ᠦᠬᠦᠭᠰᠡᠨ ᠨᠣᠷᠮ᠎ᠠ ᠨᠢ 8.9‰ ᠪᠣᠯᠣᠨ᠎ᠠ᠃ ᠬᠥᠮᠥᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ ᠨᠢ -40‰ ᠪᠣᠯᠣᠨ᠎ᠠ᠃       ᠪᠦᠬᠦ ᠵᠢᠯ ᠳᠤ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 46494 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 4.7% ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢ 36432 ᠲᠥᠭᠦᠷᠢᠭ ᠲᠤ ᠬᠦᠷᠴᠦ᠂ 12.9% ᠪᠠᠷ ᠨᠡᠮᠡᠭᠳᠡᠪᠡ᠃
ᠢᠷᠡᠯᠲᠡ᠄ ᠬᠠᠶᠢᠯᠠᠷ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ