ᠲᠡᠦᠬᠡ ᠶᠢᠨ ᠤᠯᠠ ᠮᠥᠷ
ᠨᠡᠶᠢᠲᠡᠯᠡᠭᠰᠡᠨ ᠴᠠᠭ᠄
2024/12/10
       ᠬᠠᠶᠢᠯᠠᠷ᠂ ᠴᠢᠩ ᠤᠯᠤᠰ ᠤᠨ ᠨᠠᠶᠢᠷᠠᠯᠲᠤ ᠲᠥᠪ ᠤᠨ ᠠᠷᠪᠠᠳᠤᠭᠠᠷ ᠣᠨ ︵1732 ᠣᠨ︶ ᠳᠤ  ᠪᠠᠶᠢᠭᠤᠯᠤᠭᠳᠠᠵᠤ᠂ 1734 ᠣᠨ ᠳᠤ ᠬᠤᠲᠠ ︵ᠬᠥᠯᠥᠨ ᠪᠤᠶᠢᠷ ᠬᠤᠲᠠ︶ ᠪᠠᠶᠢᠭᠤᠯᠵᠤ᠂ ᠣᠳᠣ ᠨᠢᠭᠡᠨᠲᠡ 285 ᠵᠢᠯ ᠤᠨ ᠬᠤᠲᠠ ᠪᠠᠶᠢᠭᠤᠯᠤᠭᠰᠠᠨ ᠲᠡᠦᠬᠡ ᠲᠠᠢ ᠪᠣᠯᠵᠠᠢ᠃ ᠴᠢᠩ ᠤᠯᠤᠰ ᠤᠨ ᠦᠶ᠎ᠡ ᠳᠤ᠂ ᠬᠥᠯᠥᠨ ᠪᠤᠶᠢᠷ ᠤᠨ ᠳᠡᠳ᠋ ᠠᠮᠪᠠᠨ ᠶᠠᠮᠤᠨ ᠤ ᠬᠠᠷᠢᠶᠠᠲᠤ ᠭᠠᠵᠠᠷ ᠪᠠᠶᠢᠵᠠᠢ᠃ ᠢᠷᠭᠡᠨ ᠤᠯᠤᠰ ᠤᠨ ᠶᠢᠰᠦᠳᠦᠭᠡᠷ ᠣᠨ ︵1920 ᠣᠨ︶ ᠳᠤ᠂ ᠬᠥᠯᠥᠨ ᠰᠢᠶᠠᠨ ︵ᠬᠢᠲᠠᠳ ᠦᠨᠳᠦᠰᠦᠲᠡᠨ ᠤ ᠬᠡᠷᠡᠭ ᠶᠠᠪᠤᠳᠠᠯ ᠢ ᠬᠠᠮᠢᠶᠠᠷᠤᠨ᠎ᠠ︶ ᠢ ᠪᠠᠶᠢᠭᠤᠯᠪᠠ᠃ ᠵᠡᠭᠦᠨ ᠬᠤᠶᠢᠲᠤ ᠣᠷᠣᠨ ᠡᠵᠡᠯᠡᠭᠳᠡᠭᠰᠡᠨ ᠦᠶ᠎ᠡ ᠳᠤ᠂ ᠬᠠᠭᠤᠷᠮᠠᠭ ᠮᠠᠨᠵᠤ ᠶᠢᠨ ᠬᠢᠩᠭᠠᠨ ᠬᠤᠶᠢᠲᠤ ᠮᠤᠵᠢ ᠳᠤ ᠬᠠᠷᠢᠶᠠᠯᠠᠭᠳᠠᠵᠤ ᠪᠠᠶᠢᠪᠠ᠃ 1940 ᠣᠨ ᠳᠤ᠂ ᠬᠠᠭᠤᠷᠮᠠᠭ ᠮᠠᠨᠵᠤ ᠤᠯᠤᠰ ᠤᠨ 89 ᠳ᠋ᠦ᠋ᠭᠡᠷ ᠵᠠᠷᠯᠢᠭ ᠢᠶᠠᠷ ᠬᠤᠲᠠ ᠪᠠᠶᠢᠭᠤᠯᠵᠠᠢ᠃ ᠢᠷᠭᠡᠨ ᠤᠯᠤᠰ ᠤᠨ ᠭᠤᠴᠢᠨ ᠳᠥᠷᠪᠡᠳᠦᠭᠡᠷ ᠣᠨ ᠤ 10 ᠰᠠᠷ᠎ᠠ ︵1945 ᠣᠨ ᠤ 10 ᠰᠠᠷ᠎ᠠ︶ ᠳᠤ᠂ ᠶᠠᠫᠤᠨ ᠪᠠᠭᠤᠵᠤ ᠥᠭᠭᠦᠭᠰᠡᠨ ᠤ ᠳᠠᠷᠠᠭᠠᠬᠢ ᠬᠠᠶᠢᠯᠠᠷ ᠬᠤᠲᠠ ᠶᠢᠨ ᠵᠠᠬᠢᠷᠭ᠎ᠠ ᠶᠢ ᠰᠢᠨ᠎ᠡ ᠪᠠᠶᠢᠭᠤᠯᠤᠭᠳᠠᠭᠰᠠᠨ ᠬᠥᠯᠥᠨ ᠪᠤᠶᠢᠷ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤᠳᠤᠷᠢᠳᠪᠠ᠃ ᠢᠷᠭᠡᠨ ᠤᠯᠤᠰ ᠤᠨ ᠭᠤᠴᠢᠨ ᠨᠠᠢᠮᠠᠳᠤᠭᠠᠷ ᠣᠨ ᠤ 4 ᠰᠠᠷ᠎ᠠ ︵1949 ᠣᠨ ᠤ 4 ᠰᠠᠷ᠎ᠠ︶ ᠳᠤ ᠬᠥᠯᠥᠨ ᠪᠤᠶᠢᠷ ᠠᠶᠢᠮᠠᠭ ᠨᠢ ᠨᠤᠨ ᠮᠥᠷᠡᠨ ᠠᠶᠢᠮᠠᠭ ᠲᠠᠢ ᠨᠡᠶᠢᠯᠡᠵᠦ᠂ ᠬᠠᠶᠢᠯᠠᠷ ᠬᠤᠳᠠ ᠨᠢ ᠬᠥᠯᠥᠨ ᠪᠤᠶᠢᠷ ᠨᠤᠨ ᠮᠥᠷᠡᠨ ᠠᠶᠢᠮᠠᠭ ᠲᠤ ᠬᠠᠷᠢᠶᠠᠯᠠᠭᠳᠠᠵᠤ᠂ ᠬᠥᠯᠥᠨ ᠪᠤᠶᠢᠷ ᠨᠤᠨ ᠮᠥᠷᠡᠨ ᠠᠶᠢᠮᠠᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠵᠠᠢ᠃ 1953 ᠣᠨ ᠤ 4 ᠰᠠᠷ᠎ᠠ ᠳᠤ᠂ ᠬᠥᠯᠥᠨ ᠪᠤᠶᠢᠷ ᠨᠤᠨ ᠮᠥᠷᠡᠨ ᠠᠶᠢᠮᠠᠭ ᠤᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠵᠠᠬᠢᠷᠭ᠎ᠠ ᠶᠢ ᠪᠠᠶᠢᠭᠤᠯᠪᠠ᠃ ᠬᠠᠶᠢᠯᠠᠷ ᠬᠤᠳᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠤᠲᠠ ᠪᠠᠷ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠵᠠᠰᠠᠭ ᠵᠠᠬᠢᠷᠭᠠᠨ ᠤ ᠵᠠᠬᠢᠷᠭ᠎ᠠ ᠠᠴᠠ ᠣᠷᠣᠯᠠᠨ ᠬᠠᠮᠢᠶᠠᠷᠪᠠ᠃ 1968 ᠣᠨ ᠤ 1 ᠰᠠᠷ᠎ᠠ ᠳᠤ᠂ ᠬᠠᠶᠢᠯᠠᠷ ᠬᠤᠳᠠ ᠶᠢᠨ ᠠᠷᠠᠳ ᠤᠨ ᠵᠥᠪᠯᠡᠯ ᠢ ︽ᠬᠠᠶᠢᠯᠠᠷ ᠬᠤᠳᠠ ᠶᠢᠨ ᠬᠤᠪᠢᠰᠬᠠᠯ ᠤᠨ ᠵᠥᠪᠯᠡᠯ︾ ᠭᠡᠵᠦ ᠥᠭᠡᠷᠡᠴᠢᠯᠡᠵᠦ᠂ ︽ᠬᠥᠯᠥᠨ ᠪᠤᠶᠢᠷ ᠠᠶᠢᠮᠠᠭ ᠤᠨ ᠬᠤᠪᠢᠰᠬᠠᠯ ᠤᠨ ᠵᠥᠪᠯᠡᠯ︾ ᠳᠤ ᠬᠠᠷᠢᠶᠠᠯᠠᠭᠤᠯᠪᠠ᠃ 1969 ᠣᠨ ᠤ 8 ᠰᠠᠷ᠎ᠠ ᠳᠤ᠂ ︽ᠬᠠᠶᠢᠯᠠᠷ ᠬᠤᠳᠠ ᠶᠢᠨ ᠬᠤᠪᠢᠰᠬᠠᠯ ᠤᠨ ᠵᠥᠪᠯᠡᠯ︾ ᠢ ︽ᠬᠥᠯᠥᠨ ᠪᠤᠶᠢᠷ ᠠᠶᠢᠮᠠᠭ ᠤᠨ ᠬᠤᠪᠢᠰᠬᠠᠯ ᠤᠨ ᠵᠥᠪᠯᠡᠯ︾ ᠲᠠᠢ ᠬᠠᠮᠲᠤ ︽ᠬᠠᠷᠠᠮᠥ᠋ᠷᠡᠨ ᠮᠤᠵᠢ ᠶᠢᠨ ᠬᠤᠪᠢᠰᠬᠠᠯ ᠤᠨ ᠵᠥᠪᠯᠡᠯ︾ ᠳᠤ ᠬᠠᠷᠢᠶᠠᠯᠠᠭᠤᠯᠪᠠ᠃ 1979 ᠣᠨ ᠤ 7 ᠰᠠᠷ᠎ᠠ ᠳᠤ᠂ ︽ᠬᠠᠶᠢᠯᠠᠷ ᠬᠤᠳᠠ ᠶᠢᠨ ᠬᠤᠪᠢᠰᠬᠠᠯ ᠤᠨ ᠵᠥᠪᠯᠡᠯ︾ ᠨᠢ ︽ᠬᠥᠯᠥᠨ ᠪᠤᠶᠢᠷ ᠠᠶᠢᠮᠠᠭ ᠤᠨ ᠬᠤᠪᠢᠰᠬᠠᠯ ᠤᠨ ᠵᠥᠪᠯᠡᠯ︾ ᠢ ᠳᠠᠭᠠᠵᠤ᠂ ︽ᠬᠠᠷᠠᠮᠥ᠋ᠷᠡᠨ ᠮᠤᠵᠢ ᠶᠢᠨ ᠬᠤᠪᠢᠰᠬᠠᠯ ᠤᠨ ᠵᠥᠪᠯᠡᠯ︾ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠵᠥᠪᠯᠡᠯ︾  ᠳᠤ ᠬᠤᠪᠢᠶᠠᠷᠢᠯᠠᠨ ᠣᠷᠣᠵᠤ᠂ ︽ᠬᠥᠯᠥᠨ ᠪᠤᠶᠢᠷ ᠠᠶᠢᠮᠠᠭ ᠤᠨ ᠬᠤᠪᠢᠰᠬᠠᠯ ᠤᠨ ᠵᠥᠪᠯᠡᠯ︾ ᠳᠤ ᠬᠠᠷᠢᠶᠠᠯᠠᠭᠤᠯᠪᠠ᠃ 1980 ᠣᠨ ᠤ 8 ᠰᠠᠷ᠎ᠠ ᠳᠤ᠂ ᠬᠠᠶᠢᠯᠠᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠳᠦᠷᠢᠮ ᠢ ᠰᠡᠷᠭᠦᠭᠡᠵᠦ᠂ ᠲᠡᠭᠦᠨ ᠤ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠤᠭᠰᠠᠨ ᠦᠭᠡᠢ᠃ 2002 ᠣᠨ ᠤ 1 ᠰᠠᠷ᠎ᠠ ᠳᠤ᠂ ᠬᠠᠶᠢᠯᠠᠷ ᠬᠤᠲᠠ ᠶᠢ ᠬᠦᠴᠦᠨ ᠦᠭᠡᠢ ᠪᠣᠯᠭᠠᠵᠤ ᠲᠣᠭᠤᠷᠢᠭ ᠪᠠᠶᠢᠭᠤᠯᠪᠠ᠃
ᠢᠷᠡᠯᠲᠡ᠄ ᠬᠠᠶᠢᠯᠠᠷ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ