ᠬᠤᠲᠠ ᠶᠢᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2024/12/10
       ᠬᠡᠭᠡᠨ ᠭᠤᠤᠯ ᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠨᠢᠭᠡᠨ ᠰᠢᠶᠠᠨ ᠤ ᠲᠠᠰ ᠤᠨ ᠬᠤᠲᠠ ᠪᠠᠶᠢᠵᠤ᠂ ᠶᠡᠭᠡ ᠬᠢᠩᠭᠠᠨ ᠳᠠᠪᠠᠭ᠎ᠠ ᠶᠢᠨ ᠬᠤᠶᠢᠲᠤ ᠬᠡᠰᠡᠭ ᠤᠨ ᠪᠠᠷᠠᠭᠤᠨ ᠪᠠᠯ᠂ ᠬᠥᠯᠥᠨ ᠪᠤᠶᠢᠷ ᠬᠤᠲᠠ ᠶᠢᠨ ᠤᠮᠠᠷᠠᠲᠤ ᠬᠡᠰᠡᠭ ᠲᠤ ᠪᠠᠶᠢᠷᠢᠯᠠᠵᠤ᠂ ᠭᠠᠵᠠᠷ ᠵᠦᠶ ᠶᠢᠨ ᠪᠠᠶᠢᠷᠢᠰᠢᠯ ᠨᠢ ᠵᠡᠭᠦᠨ ᠤᠷᠲᠤᠷᠢᠭ ᠤᠨ 120°12´~122°55´᠂ ᠤᠮᠠᠷᠠᠲᠤ ᠥᠷᠭᠡᠷᠢᠭ ᠤᠨ 50°20´~52°30´᠂ ᠳᠤᠮᠳᠠᠳᠤ ᠤᠯᠤᠰ ᠤᠨ ᠥᠷᠭᠡᠷᠢᠭ ᠢᠶᠠᠷ ᠬᠠᠮᠤᠭ ᠤᠨ ᠥᠨᠳᠥᠷ ᠬᠤᠲᠠ ᠶᠢᠨ ᠨᠢᠭᠡ ᠪᠣᠯᠤᠨ᠎ᠠ᠃ ᠭᠡᠭᠡᠨ ᠭᠤᠣᠯ ᠪᠣᠯ ᠮᠣᠩᠭᠤᠯ ᠬᠡᠯᠡᠨ ᠤ ︽ᠭᠡᠭᠡᠨ ᠭᠤᠣᠯ︾ ᠤᠨ ᠨᠠᠶᠢᠷᠠᠭ ᠠᠪᠢᠶ᠎ᠠ ᠪᠠᠶᠢᠵᠦ᠂ ︽ᠬᠡᠭᠡᠨ ᠲᠤᠩᠭᠠᠯᠠᠭ ᠭᠤᠣᠯ︾ ᠭᠡᠰᠡᠨ ᠤᠳᠬ᠎ᠠ ᠲᠠᠢ᠃ ᠵᠡᠭᠦᠨᠰᠢ ᠪᠠᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠲᠠᠢ ᠬᠥᠷᠰᠢᠯᠡᠵᠦ᠂ ᠪᠠᠷᠠᠭᠤᠨᠰᠢ ᠪᠠᠨ ᠡᠷᠭᠦᠨ᠎ᠡ ᠬᠤᠲᠠ ᠲᠠᠢ ᠵᠠᠬ᠎ᠠ ᠨᠡᠶᠢᠯᠡᠵᠦ᠂ ᠡᠮᠦᠨᠡᠰᠢ ᠪᠠᠨ ᠶᠠᠭᠰᠢ ᠬᠤᠲᠠ ᠲᠠᠢ ᠵᠠᠯᠭᠠᠯᠳᠤᠵᠤ᠂ ᠤᠮᠠᠷᠠᠰᠢ ᠪᠠᠨ ᠬᠠᠷᠠᠮᠥ᠋ᠷᠡᠨ ᠮᠤᠵᠢ ᠶᠢᠨ ᠶᠡᠭᠡ ᠬᠢᠩᠭᠠᠨ ᠳᠠᠪᠠᠭᠠᠨ ᠤ ᠮᠦᠸᠧ ᠾᠧ ᠬᠤᠲᠠ᠂ ᠬᠤ᠋ ᠵᠦᠩ  ᠲᠣᠭᠤᠷᠢᠭ ᠲᠠᠢ ᠵᠠᠯᠭᠠᠯᠳᠤᠨ᠎ᠠ᠃ ᠠᠮᠦᠨ᠎ᠡ ᠤᠮᠠᠷ᠎ᠠ ᠶᠢᠨ ᠰᠢᠯᠤᠭᠤᠨ ᠱᠤᠭᠤᠮ ᠤᠨ ᠵᠠᠶ ᠶᠢᠨ ᠤᠷᠲᠤ ᠨᠢ 244.4 ᠺᠢᠯᠣᠮᠧᠲᠷ᠂ ᠵᠡᠭᠦᠨ ᠪᠠᠷᠠᠭᠤᠨ ᠰᠢᠯᠤᠭᠤᠨ ᠱᠤᠭᠤᠮ ᠤᠨ ᠵᠠᠶ ᠶᠢᠨ ᠥᠷᠭᠡᠨ ᠨᠢ 202.2 ᠺᠢᠯᠣᠮᠧᠲᠷ᠂ ᠶᠡᠷᠦᠩᠬᠡᠶ ᠲᠠᠯᠠᠪᠠᠶ ᠨᠢ 2.001 ᠲᠦᠮᠡᠨ  ᠺᠦᠸᠡᠲ ᠺᠢᠯᠣᠮᠧᠲᠷ ᠪᠣᠯᠤᠨ᠎ᠠ᠃
ᠢᠷᠡᠯᠲᠡ᠄ ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠤᠨ