ᠬᠠᠶᠢᠯᠠᠷ ᠲᠣᠭᠤᠷᠢᠭ ᠨᠢ ᠬᠤᠲᠠ ᠶᠢᠨ ᠲᠣᠭᠤᠷᠢᠭ ᠪᠠ ᠬᠤᠲᠠ ᠶᠢᠨ ᠲᠡᠭᠦᠷᠭᠡ ᠬᠤᠶᠠᠷ ᠬᠡᠰᠡᠭ ᠢᠶᠠᠷ ᠪᠦᠷᠢᠯᠳᠦᠵᠡᠢ᠃ ᠬᠤᠲᠠ ᠶᠢᠨ ᠲᠣᠭᠤᠷᠢᠭ ᠢ | ᠭᠤᠣᠯ ᠤᠨ ᠵᠡᠭᠦᠨ᠂ ᠭᠤᠣᠯ ᠤᠨ ᠪᠠᠷᠠᠭᠤᠨ᠂ ᠵᠢᠶᠠᠨ ᠱᠧ ᠵᠡᠭᠡᠯᠢ ᠭᠤᠳᠤᠮᠵᠢ ᠪᠠ ᠲᠡᠮᠦᠷ ᠵᠠᠮ ᠤᠨ ᠬᠤᠶᠢᠲᠤ ᠬᠡᠰᠡᠭ 4 ᠲᠣᠭᠤᠷᠢᠭ ᠬᠤᠪᠢᠶᠠᠨ᠎ᠠ᠃ ᠭᠤᠷᠪᠠᠨ | ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠵᠦ᠂ ᠳᠤᠮᠳᠠ ᠪᠠᠨ ᠬᠤᠶᠠᠷ ᠭᠤᠣᠯ ︵ᠢᠮᠢᠨ ᠭᠤᠣᠯ᠂ 626 ᠵᠢᠵᠢᠭ ᠭᠤᠣᠯ︶ ᠤᠷᠤᠰᠳᠠᠭ᠃ ᠬᠤᠲᠠ ᠶᠢᠨ | ᠲᠣᠭᠤᠷᠢᠭ ᠲᠤ ᠱᠧᠩ ᠯᠢ᠂ ᠬᠥᠯᠥᠨ᠂ ᠵᠢᠶᠠᠨ ᠺᠠᠩ᠂ ᠵᠧᠩ ᠶᠠᠩ᠂ ᠺᠣᠣ ᠱᠠᠨ᠂ ᠵᠡᠭᠦᠨ ᠠᠭᠤᠯᠠ ᠵᠡᠷᠭᠡ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠲᠠᠢ᠂ ᠬᠤᠲᠠ ᠶᠢᠨ ᠲᠡᠭᠦᠷᠭᠡ ᠳᠤ ᠬᠠᠭ᠂ ᠹᠧᠨ ᠳ᠋ᠧᠦ 2 ᠪᠠᠯᠭᠠᠰᠤ ᠪᠠ ᠵᠢᠶᠠᠨ ᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠳᠠᠭ᠃ ᠬᠤᠲᠠ ᠶᠢᠨ | ᠲᠣᠭᠤᠷᠢᠭ᠂ ᠬᠤᠲᠠ ᠶᠢᠨ ᠲᠡᠭᠦᠷᠭᠡ ᠳᠤ ᠨᠡᠶᠢᠲᠡ 52 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ 17 ᠵᠠᠰᠠᠭ ᠵᠠᠬᠢᠷᠭᠠᠨ ᠤ ᠲᠣᠰᠬᠤᠨ᠂ 93 | ᠲᠣᠰᠬᠤᠨ ᠤ ᠠᠷᠠᠳ ᠤᠨ ᠳᠤᠭᠤᠶᠢᠯᠠᠩ ᠲᠠᠢ᠃ ᠡᠭᠦᠨ ᠳᠤ ᠹᠧᠨ ᠳ᠋ᠧᠦ ᠪᠠᠯᠭᠠᠰᠤ 6 ᠵᠠᠰᠠᠭ ᠵᠠᠬᠢᠷᠭᠠᠨ ᠤ ᠲᠣᠰᠬᠤᠨ᠂ 23 ᠲᠣᠰᠬᠤᠨ ᠤ ᠠᠷᠠᠳ ᠤᠨ | ᠳᠤᠭᠤᠶᠢᠯᠠᠩ᠂ 9 ᠨᠡᠶᠢᠭᠡᠮ ᠲᠣᠭᠤᠷᠢᠭ ᠤᠨ ᠵᠥᠪᠯᠡᠯ ᠲᠠᠢ᠂ ᠬᠠᠭ ᠪᠠᠯᠭᠠᠰᠤ 6 ᠵᠠᠰᠠᠭ ᠵᠠᠬᠢᠷᠭᠠᠨ ᠤ ᠲᠣᠰᠬᠤᠨ᠂ 45 ᠲᠣᠰᠬᠤᠨ ᠤ ᠠᠷᠠᠳ ᠤᠨ ᠳᠤᠭᠤᠶᠢᠯᠠᠩ᠂ | 1 ᠨᠡᠶᠢᠭᠡᠮ ᠲᠣᠭᠤᠷᠢᠭ ᠤᠨ ᠵᠥᠪᠯᠡᠯ ᠲᠠᠢ᠂ ᠵᠢᠶᠠᠨ ᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 5 ᠵᠠᠰᠠᠭ ᠵᠠᠬᠢᠷᠭᠠᠨ ᠤ ᠲᠣᠰᠬᠤᠨ᠂ 25 | ᠲᠣᠰᠬᠤᠨ ᠤ ᠠᠷᠠᠳ ᠤᠨ ᠳᠤᠭᠤᠶᠢᠯᠠᠩ᠂ 4 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠂ ᠵᠧᠩ ᠶᠠᠩ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ 7 ᠨᠡᠶᠢᠭᠡᠮ ᠲᠣᠭᠤᠷᠢᠭ ᠤᠨ ᠵᠥᠪᠯᠡᠯ ᠲᠠᠢ᠂ ᠵᠢᠶᠠᠨ ᠺᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 9 ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠥᠪᠯᠡᠯ ᠲᠠᠢ᠂ ᠺᠣᠣ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 4 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ ᠲᠠᠢ᠂ ᠱᠧᠩ ᠯᠢ ᠨᠡᠶᠢᠭᠡᠮ ᠲᠣᠭᠤᠷᠢᠭ 7 ᠰᠠᠭᠤᠭᠠᠯᠢ ᠠᠷᠠᠳ ᠤᠨ ᠵᠥᠪᠯᠡᠯ ᠲᠠᠢ᠂ ᠬᠥᠯᠥᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 7 | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠂ ᠵᠡᠭᠦᠨ ᠠᠭᠤᠯᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 4 ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ ᠪᠠᠶᠢᠳᠠᠭ᠃ |