ᠵᠢᠢ ᠶᠦᠩ ᠴᠢᠶᠠᠨ ᠪᠦᠬᠦ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠠᠭᠤᠷ ᠠᠮᠢᠰᠬᠤᠯ ᠢ ᠪᠤᠢ ᠪᠣᠯᠭᠠᠬᠤ ᠪᠠ ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/12/16
       ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ 12 ᠰᠠᠷ᠎ᠠ ᠶᠢᠨ 21 ᠤ ᠡᠳᠦᠷ ᠬᠥᠯᠥᠨ ᠪᠤᠶᠢᠷ ᠬᠤᠳᠠ ᠳᠤ ᠡᠬᠢᠯᠡᠨ᠎ᠡ᠃ 12 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠥᠬᠦ ᠬᠤᠲᠠ ᠶᠢᠨ ᠮᠥᠰᠥ ᠴᠠᠰᠤᠨ ᠤ ᠤᠯᠠᠷᠢᠯ ᠤᠨ ᠠᠭᠤᠷ ᠠᠮᠢᠰᠬᠤᠯ ᠢ ᠪᠣᠶ ᠪᠣᠯᠭᠠᠬᠤ ᠪᠠ ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠬᠥᠩ ᠹᠸᠢ ᠲᠢᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
20241216-1.webp.jpg
       ᠵᠢᠢ ᠶᠦᠩ ᠴᠢᠶᠠᠨ ᠤᠷᠢᠳ ᠬᠤᠵᠢᠳ ᠬᠥᠯᠥᠨ ᠪᠤᠶᠢᠷ ᠤᠨ ᠨᠢᠰᠬᠡᠯ ᠤᠨ ᠪᠠᠭᠤᠳᠠᠯ᠂ ᠬᠠᠶᠢᠯᠠᠷ ᠤᠨ ᠭᠠᠯᠲᠤ ᠲᠡᠷᠭᠡᠨ ᠥᠷᠲᠡᠭᠡ ᠪᠠ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠶ ᠥᠷᠲᠡᠭᠡ ᠳᠤ ᠭᠦᠨᠵᠡᠭᠡᠶᠢᠷᠡᠵᠦ᠂ ᠨᠢᠰᠬᠡᠯ ︵ᠥᠷᠲᠡᠭᠡ︶ ᠢ ᠭᠥᠯᠢᠶᠡᠨ ᠠᠪᠬᠤ ᠴᠡᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠥᠲᠥᠯᠥᠨ ᠵᠢᠯᠣᠭᠤᠳᠬᠤ ᠲᠡᠮᠳᠡᠭ ᠤᠨ ᠪᠠᠶᠢᠷᠢᠯᠠᠭᠤᠯᠤᠯᠲᠠ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠭᠰᠠᠨ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠲᠤᠬᠠᠶ ᠶᠢᠨ ᠲᠠᠯᠠᠪᠠᠶ ᠳᠤ ᠬᠠᠯᠠᠨ ᠰᠠᠶᠢᠵᠢᠷᠠᠭᠤᠯᠬᠤ ᠰᠠᠨᠠᠯ ᠢᠶᠠᠨ ᠳᠤᠷᠠᠳᠪᠠ᠃ ᠲᠡᠷᠡ᠂ ᠣᠳᠣᠬᠠᠨ ᠳᠤ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠵᠢᠩᠬᠢᠨᠢ ᠪᠠᠷ ᠡᠬᠢᠯᠡᠬᠦ ᠠᠴᠠ ᠵᠥᠪᠬᠡᠨ ᠨᠢᠭᠡ ᠭᠠᠷᠠᠭ ᠤᠨ ᠴᠠᠭ ᠦᠯᠡᠳᠡᠵᠦ᠂ ᠡᠯ᠎ᠡ ᠵᠦᠢᠯ ᠤᠨ ᠪᠡᠯᠡᠳᠬᠡᠯ ᠠᠵᠢᠯ ᠨᠢᠭᠡᠨᠲᠡ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠪᠠ᠃ ︽ᠨᠢᠭᠡ ᠲᠠᠯᠠᠪᠤᠷ ᠬᠤᠶᠠᠷ ᠥᠷᠲᠡᠭᠡ︾ ᠨᠢ ᠬᠤᠲᠠ ᠶᠢᠨ ᠴᠢᠬᠤᠯᠠ ᠴᠤᠩᠬᠤᠪᠴᠢ ᠪᠣᠯᠤᠭᠰᠠᠨ ᠤ ᠬᠤᠪᠢ ᠳᠤ᠂ ᠣᠷᠣᠨ ᠵᠠᠶ ᠶᠢᠨ ᠡᠬᠢ ᠪᠠᠶᠠᠯᠢᠭ ᠢ ᠨᠠᠷᠢᠨ ᠨᠢᠮᠪᠠᠶ ᠲᠥᠯᠥᠪᠵᠢᠭᠦᠯᠦᠨ ᠵᠦᠶ ᠵᠣᠬᠢᠰᠲᠠᠶ ᠠᠰᠢᠭᠯᠠᠵᠤ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠪᠤᠯᠤᠩ᠂ ᠦᠵᠡᠮᠵᠢ ᠶᠢᠨ ᠱᠤᠭ ᠵᠦᠴᠦᠭᠡ ᠵᠡᠷᠭᠡ ᠲᠥᠬᠦᠭᠡᠷᠦᠮᠵᠢ ᠳᠤ ᠮᠥᠰᠥ ᠴᠠᠰᠤᠨ ᠤ ᠤᠯᠠᠷᠢᠯ ᠤᠨ ᠭᠤᠤᠯ ᠰᠡᠳᠦᠪᠲᠦ ᠡᠯᠧᠮᠧᠨ᠋ᠲ ᠢ ᠠᠭᠤᠰᠤᠯᠴᠠᠭᠤᠯᠵᠤ᠂ ᠭᠤᠶᠢᠳᠠ ᠰᠠᠶᠢᠬᠠᠨ ᠠᠵᠢᠯᠯᠠᠭ᠎ᠠ ᠶᠢᠨ ᠤᠷᠢᠳᠴᠢᠯᠠᠭᠰᠠᠨ ᠮᠡᠳᠡᠭᠡ ᠶᠢ ᠰᠠᠶᠢᠲᠤᠷ ᠬᠢᠵᠦ᠂ ᠮᠥᠰᠥ ᠴᠠᠰᠤᠨ ᠤ ᠰᠣᠶᠣᠯ ᠤᠨ ᠬᠢᠯᠠᠰ ᠴᠡᠭ ᠢ ᠤᠬᠠᠭᠤᠯᠵᠤ᠂ ᠵᠢᠭᠤᠯᠴᠢᠯᠠᠭᠰᠠᠳ ᠲᠤ ᠮᠥᠰᠥ ᠴᠠᠰᠤᠨ ᠤ ᠤᠯᠠᠷᠢᠯ ᠤᠨ ᠬᠠᠯᠠᠭᠤᠨ ᠠᠭᠤᠷ ᠠᠮᠢᠰᠬᠤᠯ ᠢ ᠮᠡᠳᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
20241216-2.webp.jpg
       ᠵᠢᠢ ᠶᠦᠩ ᠴᠢᠶᠠᠨ ᠡᠷᠲᠡᠨ ᠤ ᠬᠤᠲᠠ ᠶᠢᠨ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠪᠠ 626 ᠠᠮᠲᠠᠲᠤ ᠢᠳᠡᠭᠡᠨ ᠤ ᠵᠡᠭᠡᠯᠢ ᠶᠢᠨ ᠡᠷᠭᠢᠨ ᠲᠣᠭᠤᠷᠢᠨ ᠤ ᠬᠤᠳᠠᠯᠳᠤᠭᠠᠴᠢᠨ ᠡᠷᠦᠬᠡ ᠪᠠᠷ ᠲᠣᠭᠤᠷᠢᠨ ᠦᠵᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠤᠯᠠᠷᠢᠯ ᠤᠨ ᠬᠤᠭᠤᠴᠠᠭᠠᠨ ᠤ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃ ᠲᠡᠷᠡ᠂ ᠠᠵᠠ ᠲᠣᠬᠢᠶᠠᠯ ᠢ ᠠᠮᠵᠢᠵᠤ᠂ ᠤᠯᠠᠨ  ᠲᠦᠮᠡᠨᠴᠢ ᠮᠥᠰᠥ ᠴᠠᠰᠤᠨ ᠤ ᠤᠯᠠᠷᠢᠯ ᠤᠨ ᠭᠤᠣᠯ ᠰᠡᠳᠦᠪ ᠤᠨ ᠲᠣᠭᠤᠷᠢᠨ ᠳᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠲᠥᠪᠯᠡᠷᠡᠯ ᠤᠨ ᠦᠢᠯᠡᠳᠦᠯ ᠢ ᠰᠠᠶᠢᠲᠤᠷ ᠠᠰᠢᠭᠯᠠᠵᠤ᠂ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠭᠠᠷᠤᠭ᠎ᠠ ᠪᠣᠯᠭᠠᠵᠤ᠂ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠡᠮᠬᠢ ᠴᠡᠭᠴᠡ ᠲᠠᠢ᠂ ᠡᠮᠬᠢ ᠵᠢᠷᠤᠮ ᠲᠠᠢ᠂ ᠬᠠᠯᠠᠭᠤᠮᠰᠤᠭ᠂ ᠲᠤᠰᠬᠠᠢ ᠮᠡᠷᠭᠡᠵᠢᠯ ᠤᠨ ᠲᠦᠷᠢ ᠲᠥᠷᠬᠦ ᠪᠠᠷ ᠨᠠᠢᠮᠠᠨ ᠵᠦᠭ ᠠᠴᠠ ᠢᠷᠡᠭᠰᠡᠨ ᠵᠣᠴᠢᠳ ᠢ ᠤᠭᠲᠤᠬᠤ ᠬᠡᠷᠡᠭᠲᠡᠢ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠬᠢᠭᠡᠳ ᠵᠢᠯᠣᠭᠤᠳᠣᠯᠭ᠎ᠠ ᠪᠠᠨ ᠴᠢᠩᠭᠠᠳᠬᠠᠵᠤ᠂  ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠵᠢᠴᠢ ᠲᠠᠷᠠᠭᠠᠴᠢ ᠶᠢᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠬᠦ ᠳᠤ ᠬᠡᠷᠡᠯ ᠭᠢᠯᠪᠠᠭ᠎ᠠ ᠨᠡᠮᠡᠷᠢᠯᠡᠵᠦ᠂ ᠬᠥᠯᠥᠨ ᠪᠤᠶᠢᠷ ᠤᠨ ᠰᠠᠶᠢᠨ ᠰᠠᠶᠢᠬᠠᠨ ᠳᠦᠷᠢ ᠲᠥᠷᠬᠦ ᠬᠢᠭᠡᠳ ᠮᠠᠭᠲᠠᠭᠠᠯ ᠰᠠᠶᠢᠰᠢᠶᠠᠯ ᠢ ᠳᠡᠭᠡᠭᠰᠢᠯᠡᠭᠦᠯᠦᠨ᠂ ︽ᠤᠷᠤᠰᠴᠠ︾ ᠶᠢ ᠦᠨᠡᠨ ᠬᠦ ︽ᠦᠯᠡᠳᠡᠴᠡ︾ ᠪᠣᠯᠭᠠᠨ ᠬᠤᠪᠢᠷᠠᠭᠤᠯᠬᠤ ᠬᠡᠷᠡᠭᠲᠡᠶ ᠭᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ