ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹ 2024 ︺ 46 ᠳ᠋ᠤᠭᠠᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠬᠠᠮᠤᠭ ᠤᠨ ᠳᠣᠣᠷ᠎ᠠ ᠴᠠᠯᠢᠩ ᠤᠨ ᠲᠣᠭᠲᠠᠭᠠᠯ︾ ᠤᠨ | ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠢᠯᠲᠠᠨ ᠠᠵᠢᠯᠴᠢᠨ ᠤ ᠴᠠᠯᠢᠩ ᠤᠨ ᠬᠢᠷᠢ | ᠬᠡᠮᠵᠢᠶ᠎ᠡ ᠶᠢᠨ ᠨᠡᠮᠡᠭᠳᠡᠯ ᠵᠡᠷᠭᠡ ᠪᠠᠶᠢᠳᠠᠯ ᠲᠠᠢ ᠤᠶᠠᠯᠳᠤᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠶᠠᠷ ᠬᠢᠨᠠᠨ | ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠪᠦᠬᠦᠯᠢ ᠡᠳᠦᠷ ᠤᠨ ᠳᠦᠷᠢᠮᠲᠦ ᠰᠠᠷ᠎ᠠ ᠶᠢᠨ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ | ᠬᠥᠳᠡᠯᠮᠦᠷᠢᠴᠢᠨ ᠤ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠳᠤ 2270 ᠲᠥᠭᠦᠷᠢᠭ᠂ | ᠬᠤᠶᠠᠳᠤᠭᠠᠷ ᠲᠥᠷᠥᠯ ᠤᠨ ᠭᠠᠵᠠᠷ ᠣᠷᠣᠨ ᠳᠤ 2200 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ 2140 ᠲᠥᠭᠦᠷᠢᠭ ᠪᠣᠯᠤᠨ᠎ᠠ︔ | ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ | ᠭᠠᠵᠠᠷ ᠣᠷᠣᠨ ᠳᠤ 22.4 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ 21.7 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ | 21.1 ᠲᠥᠭᠦᠷᠢᠭ ᠪᠣᠯᠣᠨ᠎ᠠ᠃ ᠭᠠᠵᠠᠷ ᠣᠷᠣᠨ ᠤ ᠲᠥᠷᠥᠯ ᠢᠯᠭᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ ᠶᠢ ᠳᠠᠭᠠᠯᠳᠤᠭᠤᠯᠤᠯ ᠳᠤ ᠨᠠᠷᠢᠨ ᠦᠵᠡᠭᠡᠷᠡᠢ᠃ | ᠬᠤᠶᠠᠷ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠨᠠᠰᠤᠵᠢᠯ ᠤᠨ ᠦᠨᠳᠦᠰᠦᠨ ᠳᠠᠭᠠᠳᠬᠠᠯ᠂ ᠡᠮᠴᠢᠯᠡᠭᠡ ᠶᠢᠨ ᠳᠠᠭᠠᠳᠬᠠᠯ᠂ ᠠᠵᠢᠯ | ᠠᠯᠳᠠᠯᠲᠠ ᠶᠢᠨ ᠳᠠᠭᠠᠳᠬᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠢ | ᠪᠠᠭᠲᠠᠭᠠᠨ᠎ᠠ︔ ᠠᠵᠢᠯᠯᠠᠬᠤ ᠴᠠᠭ ᠢ ᠤᠷᠲᠤᠳᠬᠠᠭᠰᠠᠨ ᠬᠤᠭᠤᠴᠠᠭᠠᠨ ᠤ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ | ᠳᠤᠯᠠᠭᠠᠨ᠂ ᠬᠤᠳᠳᠤᠭ ᠳᠣᠲᠣᠷ᠎ᠠ᠂ ᠬᠤᠣᠷ ᠬᠥᠨᠥᠭᠡᠯ ᠲᠠᠢ ᠵᠡᠷᠭᠡ ᠤᠨᠴᠠᠭᠠᠢ ᠨᠥᠬᠦᠴᠡᠯ ᠳᠣᠣᠷᠠᠬᠢ ᠨᠡᠮᠡᠯᠭᠡ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠤᠯᠤᠰ ᠠᠴᠠ ᠲᠣᠭᠲᠠᠭᠠᠭᠰᠠᠨ ᠬᠥᠳᠡᠯᠮᠦᠷᠢᠯᠡᠭᠴᠢ ᠶᠢᠨ ᠠᠰᠠᠷᠠᠮᠵᠢ ᠣᠯᠭᠤᠮᠵᠢ ᠵᠡᠷᠭᠡ ᠶᠢ ᠪᠠᠭᠲᠠᠭᠠᠬᠤ ᠦᠭᠡᠢ᠃ | ᠭᠤᠷᠪᠠ᠂ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠴᠢᠨ ᠬᠡᠪ ᠤᠨ ᠬᠥᠳᠡᠯᠮᠦᠷᠢ ᠬᠠᠩᠭᠠᠭᠰᠠᠨ ᠪᠠᠶᠢᠳᠠᠯ ᠳᠤ᠂ ᠬᠥᠮᠥᠨ ᠬᠡᠷᠡᠭᠯᠡᠬᠦ ᠨᠢᠭᠡᠴᠢ ᠨᠢ | ᠲᠣᠬᠢᠷᠠᠭᠤᠯᠤᠯᠲᠠ ᠬᠢᠭᠰᠡᠨ ᠤ ᠳᠠᠷᠠᠭᠠᠬᠢ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠴᠠᠯᠢᠩ ᠥᠭᠬᠦ ᠬᠡᠷᠡᠭᠲᠡᠢ | ︔ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠬᠢᠵᠦ ᠪᠠᠶᠢᠭ᠎ᠠ ᠬᠥᠳᠡᠯᠮᠦᠷᠢᠯᠡᠭᠴᠢ ᠳᠤ ᠬᠥᠮᠥᠨ ᠬᠡᠷᠡᠭᠯᠡᠬᠦ ᠨᠢᠭᠡᠴᠢ ᠶᠢᠨ ᠣᠯᠭᠤᠬᠤ ᠵᠣᠭᠤᠰ ᠤᠨ ᠴᠠᠯᠢᠩ ᠨᠢ | ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ ᠨᠢᠭᠡᠴᠢ ᠶᠢᠨ ᠬᠠᠤᠯᠢ ᠶᠣᠰᠣᠭᠠᠷ ᠲᠤᠰᠢᠶᠠᠬᠤ ᠨᠡᠶᠢᠭᠡᠮ ᠤᠨ | ᠳᠠᠭᠠᠳᠬᠠᠯ ᠤᠨ ᠰᠦᠢᠳᠬᠡᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ | ᠠᠰ ᠲᠤ ᠨᠢ ᠥᠭᠬᠦ ᠬᠡᠷᠡᠭᠲᠡᠢ᠃ | ᠳᠥᠷᠪᠡ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠ | ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2024 ᠣᠨ ᠤ 12 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠵᠢᠴᠢ | ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹ 2021︺ 69 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠲᠠᠪᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶᠠᠨ ᠤ ᠲᠤᠬᠠᠢ | ᠤᠬᠠᠭᠤᠯᠭ᠎ᠠ ᠪᠠᠨ ᠴᠢᠩᠭᠠᠳᠬᠠᠨ᠂ ᠲᠤᠬᠠᠢ ᠶᠢᠨ ᠭᠠᠵᠠᠷ ᠤᠨ ᠢᠶᠠᠨ ᠭᠤᠣᠯ ᠪᠣᠯᠬᠤ ᠵᠠᠭᠤᠴᠢᠯᠠᠭᠤᠷ ᠳᠡᠭᠡᠷ᠎ᠡ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ | ᠨᠡᠶᠢᠲᠡᠯᠡᠵᠦ᠂ ᠬᠥᠮᠥᠨ ᠬᠡᠷᠡᠭᠯᠡᠬᠦ ᠨᠢᠭᠡᠴᠢ᠂ ᠬᠥᠳᠡᠯᠮᠦᠷᠢᠯᠡᠭᠴᠢ ᠪᠠ ᠣᠯᠠᠨ ᠨᠡᠶᠢᠲᠡ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠥᠷᠭᠡᠨ ᠢᠶᠠᠷ ᠣᠶᠢᠯᠠᠭᠠᠭᠤᠯᠬᠤ | ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠬᠠᠮᠤᠭ ᠤᠨ ᠳᠣᠣᠷ᠎ᠠ ᠴᠠᠯᠢᠩ ᠤᠨ ᠲᠣᠭᠲᠠᠭᠠᠯ︾ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠥᠳᠡᠯᠮᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠭᠠᠵᠠᠷ ᠣᠷᠣᠨ ᠤ ᠲᠥᠷᠥᠯ ᠢᠯᠭᠠᠯ ᠪᠠ | ᠪᠠᠷᠢᠮᠵᠢᠶ᠎ᠠ ᠶᠢᠨ ᠬᠦᠰᠦᠨᠦᠭᠲᠦ | 2024 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | |