ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠠᠵᠢᠯᠯᠠᠭ᠎ᠠ ᠶᠢᠨ ᠦᠷ᠎ᠡ ᠪᠦᠲᠦᠭᠡᠯ ᠢ ︽ᠢᠯᠡ ᠪᠠᠷ ᠠᠳᠠᠯᠢᠳᠬᠠᠬᠤ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/12/18
      12 ᠰᠠᠷ᠎ᠠ ᠶᠢᠨ 15 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠠᠵᠢᠯᠯᠠᠭ᠎ᠠ ᠶᠢᠨ ᠦᠷ᠎ᠡ ᠪᠦᠲᠦᠭᠡᠯ ᠢ ︽ᠢᠯᠡ ᠪᠠᠷ ᠠᠳᠠᠯᠢᠳᠬᠠᠬᠤ︾ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠪᠡᠯᠡᠳᠬᠡᠯ ᠤᠷᠤᠯᠳᠤᠭᠠᠨ᠂  ᠰᠢᠢᠳᠪᠦᠷᠢᠲᠦ ᠤᠷᠤᠯᠳᠤᠭᠠᠨ ᠭᠡᠬᠦ ᠬᠤᠶᠠᠷ ᠱᠠᠲᠤ ᠬᠤᠪᠢᠶᠠᠵᠤ᠂ ᠪᠡᠯᠡᠳᠬᠡᠯ ᠤᠷᠤᠯᠳᠤᠭᠠᠨ ᠳᠤ ᠴᠣᠯᠭᠤᠷᠠᠨ ᠭᠠᠷᠤᠭᠰᠠᠨ 10 ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠳᠤᠲᠠᠭᠤᠳᠠᠯ ᠢᠶᠠᠨ ᠨᠥᠬᠦᠪᠥᠷᠢᠯᠡᠬᠦ᠂ ᠳᠠᠪᠠᠭᠤ ᠲᠠᠯ᠎ᠠ ᠪᠠᠨ ᠳᠠᠪᠲᠠᠨ ᠪᠣᠯᠪᠠᠰᠤᠷᠠᠭᠤᠯᠬᠤ ᠪᠣᠳᠠᠲᠠᠶ ᠠᠷᠭ᠎ᠠ ᠬᠢᠳᠡᠯ ᠪᠠ ᠦᠷ᠎ᠡ ᠪᠦᠲᠦᠮᠵᠢ ᠶᠢᠨ ᠲᠣᠭᠤᠷᠢᠨ ᠳᠤ ᠭᠤᠶᠢᠳᠠ ᠰᠠᠶᠢᠬᠠᠨ ᠤᠬᠠᠭᠤᠯᠤᠨ ᠲᠠᠶᠢᠯᠪᠤᠷᠢᠯᠠᠵᠤ᠂ ᠴᠤᠭ ᠵᠢᠪᠬᠤᠭ᠎ᠠ ᠪᠠᠨ ᠢᠯᠡᠷᠡᠭᠦᠯᠵᠦ᠂ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠵᠦ᠂ ᠡᠷᠴᠢ ᠵᠣᠷᠢᠭ ᠢᠶᠠᠨ ᠠᠳᠠᠯᠢᠳᠬᠠᠵᠤ᠂ ᠡᠯ᠎ᠡ ᠰᠠᠯᠠᠭ᠎ᠠ ᠲᠠᠰᠤᠭ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠶ ᠪᠠᠷ ᠠᠵᠢᠯᠯᠠᠬᠤ᠂ ᠵᠣᠷᠢᠭᠲᠠᠶ ᠪᠠᠷ ᠲᠦᠷᠦᠭᠦᠯᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ  ᠭᠦᠢᠴᠡᠳ ᠢᠯᠡᠷᠡᠭᠦᠯᠪᠡ᠃
20241218-1.gif
       ᠲᠣᠰ ᠤᠳᠠᠭᠠᠨ ᠤ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠴᠠᠬᠢᠯᠭᠠᠨ ᠮᠡᠳᠡᠭᠡ ᠶᠢᠨ ᠭᠠᠵᠠᠷ ᠵᠢᠴᠢ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠤᠷᠢᠵᠤ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠣᠭᠤᠯᠬᠤ ᠶᠢᠨ ᠬᠠᠮᠲᠤ ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠰᠢᠶᠠᠯ ᠢ ᠡᠭᠦᠷᠭᠡᠯᠡᠭᠦᠯᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠴᠠᠭᠠᠨ ᠰᠤᠳᠤᠯᠤᠭᠴᠢ᠂ ᠡᠯ᠎ᠡ ᠰᠠᠯᠠᠭ᠎ᠠ ᠲᠠᠰᠤᠭ ᠤᠨ ᠠᠵᠢᠯᠲᠠᠨ᠂ ᠬᠠᠶᠢᠯᠠᠷ ᠲᠣᠭᠤᠷᠢᠭ᠂ ᠡᠸᠡᠩᠬᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠪᠣᠯᠤᠨ ᠬᠡᠰᠡᠭ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
20241218-2.webp.jpg
     ᠵᠢᠯ ᠤᠨ ᠡᠬᠢᠨ ᠠᠴᠠ ᠨᠠᠭᠠᠰᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠶᠢᠨ ᠠᠰᠠᠭᠤᠳᠠᠯ ᠢ ᠴᠡᠭᠴᠡᠯᠡᠨ ᠵᠠᠰᠠᠬᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠵᠡᠷᠭᠡ ᠣᠳᠣᠬᠠᠨ ᠤ ᠪᠣᠳᠠᠲᠠᠶ ᠠᠴᠠ ᠡᠭᠦᠰᠴᠦ᠂ 15  ᠵᠦᠢᠯ ᠤᠨ ᠠᠵᠢᠯ ᠢ ᠲᠥᠰᠦᠪᠯᠡᠨ ᠲᠣᠭᠲᠠᠭᠠᠵᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠠᠵᠢᠯᠯᠠᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠨ ᠲᠣᠬᠢᠷᠠᠭᠤᠯᠤᠨ ᠠᠬᠢᠭᠤᠯᠪᠠ᠃ ᠡᠭᠦᠨ ᠤ ᠬᠠᠮᠲᠤ᠂ ᠨᠥᠬᠦᠴᠡᠯ ᠪᠦᠷᠢᠯᠳᠦᠭᠦᠯᠵᠦ ᠪᠠᠶᠢᠭᠠᠳ ︽ᠭᠠᠷᠴᠤ ᠶᠠᠪᠤᠵᠤ︾᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠱᠢ ᠵᠢᠩ ᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠬᠦᠷᠴᠦ ᠬᠠᠷᠢᠭᠤ ᠮᠡᠳᠡᠭᠦᠯᠵᠦ ᠰᠠᠨᠠᠯ ᠢᠶᠠᠨ ᠰᠣᠯᠢᠯᠴᠠᠪᠠ︔ ᠵᠠᠷᠢᠮ ᠨᠢ ᠬᠠᠷᠠᠯᠲᠠ ᠲᠠᠢ ᠪᠠᠷ ︽ᠤᠷᠢᠨ ᠠᠪᠴᠢᠷᠠᠵᠤ︾᠂ ᠪᠥᠬᠦ ᠬᠤᠲᠠ ᠶᠢᠨ ᠵᠠᠰᠠᠭ ᠤᠨ ᠣᠷᠳᠣᠨ ᠤ ᠠᠯᠪᠠᠨ ᠠᠵᠢᠯ ᠤᠨ ᠰᠢᠰᠲ᠋ᠧᠮ ᠤᠨ ︽ᠵᠢᠷᠤᠮᠵᠢᠭᠤᠯᠬᠤ᠂ ᠴᠤᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠮᠢᠶ᠎ᠠ ᠪᠥᠬᠦᠶ ᠭᠠᠵᠠᠷ ᠤᠨ ᠬᠠᠷᠢᠭᠤᠴᠠᠯᠭᠠᠲᠠᠨ ᠢ ᠤᠷᠢᠵᠤ ᠮᠠᠨ ᠤ ᠬᠤᠲᠠ ᠳᠤ ᠬᠢᠴᠢᠶᠡᠯ ᠵᠢᠭᠠᠯᠭᠠᠵᠤ᠂ ᠪᠢᠴᠢᠭ ᠮᠠᠲ᠋ᠧᠷᠢᠶᠠᠯ ᠰᠢᠢᠳᠪᠦᠷᠢᠯᠡᠬᠦ ᠬᠤᠷᠠᠯ ᠡᠷᠭᠢᠯᠡᠬᠦ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠵᠡᠷᠭᠡ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ