ᠸᠠᠩ ᠸᠠᠩ ᠱᠧᠩ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠵᠢᠴᠢ ᠰᠢᠷᠢᠰ ᠤᠷᠤᠯᠳᠤᠭᠠᠨ ᠤ ᠠᠵᠢᠯᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/19
       12 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠵᠢᠴᠢ ᠰᠢᠷᠢᠰ ᠤᠷᠤᠯᠳᠤᠭᠠᠨ ᠤ ᠠᠵᠢᠯᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃
20241219-1.webp.jpg
       ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠲᠣᠰ ᠭᠠᠷᠠᠭ ᠤᠨ ᠵᠢᠷᠭᠤᠭᠠᠨ ᠳᠤ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠥᠪ ᠲᠤ ᠶᠠᠪᠤᠭᠳᠠᠨ᠎ᠠ᠂ ᠸᠠᠩ ᠸᠠᠩ ᠱᠧᠩ ᠠᠳᠡ ᠢᠷᠡᠵᠦ᠂ ᠶᠣᠰᠣᠯᠠᠯ ᠤᠨ ᠲᠠᠰ ᠳᠠᠷᠠᠭᠠᠯᠠᠯ ᠶᠣᠰᠣᠭᠠᠷ᠂ ᠵᠠᠩᠭᠢᠯᠠᠭ᠎ᠠ ᠶᠢᠨ ᠭᠤᠭᠴᠤᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠡᠯ᠎ᠡ ᠵᠦᠢᠯ ᠤᠨ ᠨᠠᠷᠢᠨ  ᠵᠦᠢᠯᠡᠰ ᠢ ᠨᠠᠷᠢᠨ ᠨᠢᠮᠪᠠᠶ ᠦᠷᠦᠵᠦ᠂ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠲᠣᠭᠯᠠᠯᠲᠠ ᠶᠢᠨ ᠪᠣᠯᠪᠠᠰᠤᠷᠠᠯ ᠢ ᠰᠠᠶᠢᠲᠤᠷ ᠬᠢᠵᠦ᠂ ᠬᠠᠮᠤᠭ ᠤᠨ ᠰᠠᠶᠢᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠴᠠᠬᠢᠯᠭᠠᠨ ᠬᠦᠴᠦᠨ ᠤ ᠬᠠᠩᠭᠠᠯᠭ᠎ᠠ᠂ ᠠᠮᠤᠷ ᠲᠦᠪᠰᠢᠨ ᠤ ᠬᠠᠮᠠᠭᠠᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠴᠠᠭ ᠢ ᠠᠮᠵᠢᠨ ᠬᠦᠷᠦᠯᠴᠡᠬᠦ ᠥᠬᠡᠶ ᠲᠠᠯ᠎ᠠ ᠪᠠ ᠳᠤᠲᠠᠭᠤᠳᠠᠯ ᠢᠶᠠᠨ ᠨᠥᠬᠦᠪᠥᠷᠢᠯᠡᠵᠦ᠂ ᠡᠬᠢᠯᠡᠯᠲᠡ ᠶᠢᠨ ᠶᠣᠰᠣᠯᠠᠯ ᠵᠢᠴᠢ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
20241219-2.webp.jpg
       ᠮᠥᠰᠥ ᠴᠠᠰᠤᠨ ᠤ ᠤᠯᠠᠷᠢᠯ ᠤᠨ ᠬᠤᠭᠤᠴᠠᠭᠠᠨ ᠳᠤ ᠠᠩᠬᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠲᠠ ᠶᠢᠨ ᠬᠡᠭᠡᠷ᠎ᠡ ᠶᠢᠨ ᠴᠡᠨᠡᠯᠡᠯᠲᠡ ᠶᠢᠨ ᠥᠷᠢᠰᠥᠯᠳᠦᠭᠡᠨ ᠤ ᠤᠷᠤᠯᠳᠤᠭᠠᠨ ᠵᠢᠴᠢ ᠮᠥᠰᠥ ᠴᠠᠰᠤᠨ ᠤ ᠰᠢᠷᠢᠰ ᠠᠵᠢᠯᠯᠠᠭ᠎ᠠ ᠶᠢ ᠡᠷᠭᠢᠯᠡᠬᠦ ᠪᠣᠯᠤᠨ᠎ᠠ᠃ ᠸᠠᠩ ᠸᠠᠩ ᠱᠧᠩ ᠠᠬᠤᠢ ᠲᠠᠯᠠᠪᠠᠢ ᠳᠤ ᠤᠷᠤᠯᠳᠤᠭᠠᠨ ᠤ ᠵᠠᠮ ᠤᠨ ᠪᠦᠲᠦᠭᠡᠨ ᠪᠠᠶᠢᠭᠤᠯᠤᠯᠲᠠ᠂ ᠱᠤᠭᠤᠮᠠᠯ ᠤᠨ ᠦᠵᠡᠮᠵᠢ ᠪᠣᠯᠤᠨ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ ᠶᠢ ᠪᠠᠶᠢᠴᠠᠭᠠᠨ ᠦᠵᠡᠵᠦ᠂ ᠤᠯᠠᠨ ᠲᠦᠮᠡᠨᠴᠢ ᠴᠢᠨᠠᠷ ᠢ ᠳᠤᠪᠤᠶᠢᠯᠭᠠᠵᠤ᠂ ᠬᠥᠯᠥᠨ ᠪᠤᠶᠢᠷ ᠤᠨ ᠣᠨᠴᠠᠯᠢᠭ ᠢ ᠳᠤᠪᠤᠶᠢᠯᠭᠠᠵᠤ᠂ ᠠᠵᠢᠯᠯᠠᠭ᠎ᠠ ᠶᠢᠨ ᠠᠭᠤᠯᠤᠭᠳᠠᠬᠤᠨ ᠢ ᠳᠠᠰᠤᠷᠠᠯᠳᠠ ᠦᠭᠡᠢ ᠰᠢᠨᠡᠴᠢᠯᠡᠨ ᠪᠠᠶᠠᠯᠢᠭᠵᠢᠭᠤᠯᠵᠤ᠂ ᠨᠡᠩ ᠤᠯᠠᠨ ᠨᠡᠩ ᠰᠠᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠤᠯᠠᠨ ᠲᠦᠮᠡᠨ ᠳᠤ ᠵᠤᠭ᠎ᠠ ᠴᠡᠩᠭᠡᠯ ᠬᠠᠩᠭᠠᠬᠤ ᠰᠠᠶᠢᠨ ᠭᠠᠵᠠᠷ ᠬᠠᠩᠭᠠᠵᠤ᠂ ᠮᠥᠰᠥ ᠴᠠᠰᠤᠨ ᠤ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠵᠦ ᠠᠷᠠᠳ ᠲᠤ ᠠᠰᠢᠭ ᠬᠦᠷᠲᠡᠭᠡᠬᠦ ᠶᠢ ᠴᠢᠬᠤᠯᠠᠴᠢᠯᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠣᠶᠣᠯ᠂ ᠵᠤᠭᠠᠴᠠᠯ᠂ ᠬᠡᠷᠡᠭᠯᠡᠭᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠥᠰᠥ ᠴᠠᠰᠤᠨ ᠤ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠦᠯ ᠢ ᠶᠡᠬᠡᠰᠬᠡᠬᠦ ᠬᠡᠷᠡᠭᠲᠡᠢ᠃ ᠠᠮᠤᠷ ᠲᠦᠪᠰᠢᠨ ᠪᠣᠯ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠭᠡᠨᠡᠳᠲᠡ ᠶᠢᠨ ᠬᠡᠷᠡᠭ ᠢ ᠲᠦᠷᠭᠡᠨ ᠲᠤᠰᠬᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠷᠤᠯᠳᠤᠭᠠᠨ ᠤ ᠶᠠᠪᠤᠴᠠ ᠳᠤ ᠭᠠᠷᠴᠤ ᠮᠡᠳᠡᠬᠦ ᠰᠠᠨᠠᠭᠠᠨ ᠳᠤ ᠥᠬᠡᠶ ᠬᠡᠷᠡᠭ ᠢ ᠪᠠᠭᠠᠰᠬᠠᠵᠤ᠂ ᠬᠤᠲᠠ ᠶᠢᠨ ᠠᠷᠠᠳ ᠤᠨ ᠵᠢᠭᠤᠯᠴᠢᠯᠠᠭᠴᠢᠳ ᠤᠨ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
20241219-3.webp.jpg
       ᠥᠪᠥᠷ ᠮᠣᠩᠭᠤᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠳᠤ᠂ ᠸᠠᠩ ᠸᠠᠩ ᠱᠧᠩ ᠮᠥᠰᠥ ᠴᠠᠰᠤᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠪᠠᠶᠢᠭᠤᠯᠤᠮᠵᠢ ᠲᠣᠭᠲᠠᠴᠠ ᠶᠢ ᠲᠦᠷᠭᠡᠨ ᠰᠤᠳᠤᠯᠤᠨ ᠲᠡᠭᠦᠯᠳᠡᠷᠵᠢᠭᠦᠯᠵᠦ᠂ ᠰᠢᠯᠢᠳᠡᠭ ᠪᠡᠯᠡᠳᠬᠡᠯ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠦᠰᠦᠨ ᠪᠤᠶᠢᠵᠢᠬᠤ ᠪᠠ ᠳᠡᠭᠡᠭᠰᠢᠯᠡᠬᠦ ᠵᠠᠮ ᠢ ᠤᠯᠠᠮ ᠴᠢᠨᠠᠭᠰᠢᠳᠠ ᠥᠷᠭᠡᠳᠬᠡᠬᠦ ᠬᠡᠷᠡᠭᠲᠡᠢ ᠭᠡᠵᠦ ᠱᠠᠭᠠᠷᠳᠠᠪᠠ᠃       ᠸᠠᠩ ᠸᠠᠩ ᠱᠧᠩ ᠨᠢᠰᠬᠡᠯ ᠤᠨ ᠪᠠᠭᠤᠳᠠᠯ ᠪᠠ ᠵᠠᠮ ᠳᠠᠭᠠᠤ ᠭᠥᠯᠢᠶᠡᠨ ᠠᠪᠴᠤ ᠪᠠᠲᠤᠯᠠᠬᠤ ᠪᠠ ᠠᠭᠤᠷ ᠠᠮᠢᠰᠬᠤᠯ ᠢ ᠪᠣᠶ ᠪᠣᠯᠭᠠᠬᠤ ᠠᠵᠢᠯ ᠢ ᠪᠠᠶᠢᠴᠠᠭᠠᠵᠤ᠂ ᠨᠠᠷᠢᠨ ᠨᠢᠮᠪᠠᠶ ᠵᠢᠷᠤᠵᠤ ᠲᠥᠯᠥᠪᠯᠡᠨ ᠲᠣᠬᠢᠷᠠᠭᠤᠯᠵᠤ᠂ ᠬᠥᠷ ᠬᠥᠭᠵᠢᠶᠡᠨᠲᠡᠶ ᠠᠵᠢᠯᠯᠠᠭᠠᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ ᠡᠯ᠎ᠡ ᠵᠦᠢᠯ ᠤᠨ ᠭᠥᠯᠢᠶᠡᠨ ᠠᠪᠴᠤ ᠵᠣᠴᠢᠯᠠᠬᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠵᠣᠴᠢᠳ ᠲᠤ ᠬᠥᠯᠥᠨ ᠪᠤᠶᠢᠷ ᠲᠤ ᠮᠥᠰᠥ ᠴᠠᠰᠤᠨ ᠤ ᠷᠢᠳᠢ ᠰᠢᠳᠢ ᠪᠠ ᠬᠠᠯᠠᠭᠤᠮᠰᠤᠭ ᠵᠣᠴᠢᠨᠰᠠᠭ ᠢ ᠮᠡᠳᠡᠷᠡᠭᠦᠯᠵᠦ᠂ ᠰᠠᠶᠢᠨ ᠰᠠᠶᠢᠬᠠᠨ ᠰᠠᠭᠤᠭᠳᠠᠯ  ᠦᠯᠡᠳᠡᠭᠡᠬᠦ ᠬᠡᠷᠡᠭᠳᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ