ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠡᠯ᠎ᠡ ᠬᠤᠰᠢᠭᠤ ᠬᠤᠲᠠ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠬᠤᠲᠠ ᠶᠢᠨ ᠰᠢᠭᠤᠳ ᠬᠠᠷᠢᠶ᠎ᠠ ᠨᠠᠮ ᠤᠨ ︵ᠠᠵᠢᠯᠯᠠᠬᠤ︶ ᠬᠤᠷᠢᠶ᠎ᠠ ᠶᠢᠨ ᠱᠦᠵᠢ ᠶᠢᠨ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠬᠤᠷᠠᠯ ᠬᠤᠷᠠᠯᠳᠤᠪᠠ ᠸᠠᠩ ᠸᠠᠩ ᠸᠠᠩ ᠱᠧᠩ ᠬᠤᠷᠠᠯ ᠢ ᠡᠷᠭᠢᠯᠡᠭᠰᠡᠨ ᠪᠥᠭᠡᠳ ᠦᠨᠡᠯᠡᠯᠲᠡ ᠪᠠ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2024/12/19
       12 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠡᠯ᠎ᠡ ᠬᠤᠰᠢᠭᠤ ᠬᠤᠲᠠ ᠲᠣᠭᠤᠷᠢᠭ ᠤᠨ ᠨᠠᠮ ᠤᠨ ᠬᠤᠷᠢᠶ᠎ᠠ ᠪᠠ ᠬᠤᠲᠠ ᠶᠢᠨ ᠰᠢᠭᠤᠳ ᠬᠠᠷᠢᠶ᠎ᠠ ᠨᠠᠮ ᠤᠨ ︵ᠠᠵᠢᠯᠯᠠᠬᠤ︶ ᠬᠤᠷᠢᠶᠠᠨ ᠤ ᠱᠦᠵᠢ ᠶᠢᠨ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠲᠠᠯᠠᠪᠠᠶ ᠳᠤ ᠰᠢᠯᠭᠠᠨ ᠦᠨᠡᠯᠡᠯᠲᠡ ᠬᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠯᠢ ᠵᠢᠶ ᠷᠦᠩ᠂ ᠢᠦᠶ ᠸᠧᠶ ᠳ᠋ᠦᠩ᠂ ᠯᠢᠦᠶ ᠬᠦᠶ ᠾᠧ ᠨᠡᠷ ᠬᠤᠷᠠᠯ ᠳᠤ ᠣᠷᠣᠯᠴᠠᠪᠠ᠃
20241220-1.webp.jpg
       ᠬᠤᠷᠠᠯ ᠳᠡᠭᠡᠷ᠎ᠡ᠂ ᠸᠠᠩ ᠸᠠᠩ ᠱᠧᠩ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠭᠰᠡᠨ ᠪᠥᠭᠡᠳ ᠪᠣᠳᠠᠲᠠᠢ ᠰᠠᠨᠠᠭᠤᠯᠭ᠎ᠠ ᠳᠤᠷᠠᠳᠴᠠᠢ᠃ ᠶᠠᠨ ᠢ ᠱᠧᠩ᠂ ᠬᠠᠨ ᠯᠢ ᠫᠢᠩ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠯᠲᠡ ᠬᠢᠪᠠ᠃
20241220-2.webp.jpg
       ᠬᠤᠷᠠᠯ ᠠᠴᠠ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ ᠰᠠᠨᠠᠭ᠎ᠠ ᠪᠠᠨ ᠨᠢᠭᠲᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠣᠷᠢᠯᠲᠠ ᠪᠠ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠠᠵᠢᠯᠯᠠᠭ᠎ᠠ ᠪᠠᠷ ᠤᠯᠤᠰ ᠲᠥᠷᠥ ᠶᠢᠨ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠠᠵᠢᠯ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠪᠣᠯᠭᠠᠨ ᠲᠥᠪᠯᠡᠷᠡᠭᠦᠯᠦᠨ ᠬᠦᠴᠦᠯᠡᠵᠦ᠂ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠠᠬᠢᠭᠤᠯᠬᠤ᠂ ᠲᠣᠭᠲᠠᠭᠤᠨ ᠢ ᠬᠠᠮᠠᠭᠠᠯᠠᠬᠤ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡ ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠬᠤᠲᠠ ᠶᠢᠨ ᠨᠠᠮ ᠤᠨ ᠬᠤᠷᠢᠶᠠᠨ ᠤ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠢ ᠪᠣᠳᠠᠲᠠᠶ ᠠᠳᠬᠤᠬᠤ ᠴᠢᠳᠠᠪᠤᠷᠢ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠬᠦ ᠬᠡᠷᠡᠭᠲᠡᠶ᠃ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢ ᠢᠮᠠᠭᠲᠠ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤ ᠰᠠᠶᠢᠲᠤᠷ ᠠᠳᠬᠤᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
20241220-3.webp.jpg
       ᠬᠤᠷᠠᠯ ᠠᠴᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠥᠬᠦ ᠬᠤᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠳᠠᠬᠢ ᠵᠢᠯᠣᠭᠤᠳᠣᠯᠭ᠎ᠠ ᠪᠠᠨ ᠴᠢᠩᠭᠠᠳᠬᠠᠵᠤ᠂ ᠠᠰᠠᠭᠤᠳᠠᠯ ᠢ ᠳ᠋ᠦᠩᠨᠡᠨ ᠡᠮᠬᠢᠯᠡᠵᠦ᠂ ᠱᠠᠲᠤ ᠲᠥᠷᠥᠯ ᠬᠤᠪᠢᠶᠠᠨ ᠲᠤᠰᠢᠶᠠᠨ ᠬᠢᠯᠭᠡᠵᠦ ᠬᠢᠨᠠᠨ ᠵᠢᠯᠣᠭᠤᠳᠣᠭᠤᠯᠬᠤ ᠬᠡᠷᠡᠭᠲᠡᠶ︔ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠢᠯᠠᠩᠭᠤᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠰᠠᠶᠢᠲᠤᠷ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ