ᠪᠤᠭᠤᠲᠤ ᠠᠴᠠ ᠯᠢᠨ ᠾᠧ ᠲᠡᠶᠢᠰᠢ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠶᠢᠨ ᠪᠠᠷᠢᠯᠭ᠎ᠠ ᠶᠢ 2023 ᠣᠨ ᠤ 3 ᠳ᠋ᠤᠭᠠᠷ ᠰᠠᠷ᠎ᠠ ᠶᠢᠨ | 9 ᠤ ᠡᠳᠦᠷ ᠠᠴᠠ ᠡᠬᠢᠯᠡᠭᠦᠯᠵᠦ᠂ 2024 ᠣᠨ ᠤ 10 ᠳ᠋ᠤᠭᠠᠷ ᠰᠠᠷ᠎ᠠ ᠶᠢᠨ 24 ᠤ ᠡᠳᠦᠷ ᠲᠤᠷᠰᠢᠨ ᠠᠵᠢᠯᠯᠠᠭᠤᠯᠵᠤ ᠪᠠᠶᠢᠭᠠᠯᠢ ᠶᠢᠨ ᠰᠢᠲᠠᠮᠠᠬᠠᠢ ᠬᠡᠢ | ᠨᠡᠪᠲᠡᠷᠡᠭᠦᠯᠦᠨ᠂ 11 ᠳ᠋ᠦ᠋ᠭᠡᠷ ᠰᠠᠷ᠎ᠠ ᠶᠢᠨ 22 ᠤᠨ ᠡᠳᠦᠷ ᠵᠢᠩᠬᠢᠨᠢ ᠪᠠᠷ ᠠᠰᠢᠭᠯᠠᠯᠲᠠ ᠳᠤ ᠣᠷᠤᠭᠤᠯᠪᠠ᠃ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠲᠤᠰ | ᠬᠤᠭᠤᠯᠠᠢ ᠶᠢᠨ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠠ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ᠎ᠠ᠂ ᠲᠤᠰ ᠬᠤᠭᠤᠯᠠᠢ ᠶᠢᠨ ᠭᠤᠣᠯ ᠱᠤᠭᠤᠮ ᠢ | ᠪᠤᠭᠤᠲᠤ ᠬᠤᠲᠠ ᠠᠴᠠ ᠡᠬᠢᠯᠡᠭᠦᠯᠵᠦ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ ᠪᠠᠷ ᠥᠩᠭᠡᠷᠡᠨ ᠪᠠᠶᠠᠨᠨᠠᠭᠤᠷ ᠬᠤᠲᠠ ᠶᠢᠨ ᠯᠢᠨ ᠾᠧ | ᠲᠣᠭᠤᠷᠢᠭ ᠲᠤ ᠬᠦᠷᠳᠡᠭ᠂ ᠰᠠᠯᠪᠤᠷᠢ ᠱᠤᠭᠤᠮ ᠢ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ ᠠᠴᠠ ᠡᠬᠢᠯᠡᠭᠦᠯᠵᠦ᠂ ᠪᠠᠶᠠᠨᠨᠠᠭᠤᠷ ᠬᠤᠲᠠ ᠶᠢᠨ | ᠦᠶᠤᠸᠠᠨ ᠰᠢᠶᠠᠨ ᠳᠤ ᠬᠦᠷᠳᠡᠭ᠂ ᠪᠥᠬᠦ ᠣᠷᠳᠣ ᠨᠢ 249 ᠺᠢᠯᠤᠮᠧᠲᠷ ᠪᠠᠶᠢᠵᠤ᠂ ᠬᠡᠢ ᠳᠠᠮᠵᠢᠭᠤᠯᠬᠤ ᠪᠠᠷ ᠲᠦᠯᠦᠪᠯᠡᠭᠰᠡᠨ ᠴᠢᠳᠠᠪᠤᠷᠢ ᠨᠢ 3.93 ᠳ᠋ᠦᠩᠰᠢᠭᠤᠷ | ᠺᠥᠪ ᠮᠧᠲᠷ / ᠵᠢᠯ ᠪᠣᠯᠣᠨ᠎ᠠ᠃ ᠪᠠᠷᠢᠯᠭ᠎ᠠ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠨᠢ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ | ᠣᠷᠣᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠪᠠᠶᠠᠨᠨᠠᠭᠤᠷ᠂ ᠪᠤᠭᠤᠲᠤ ᠭᠠᠵᠠᠷ ᠣᠷᠣᠨ ᠳᠤ ᠴᠠᠭᠠᠷᠢᠭ | ᠲᠣᠣᠷᠲᠤ ᠬᠡᠢ ᠶᠢᠨ ᠬᠠᠩᠭᠠᠯᠭ᠎ᠠ ᠪᠠ ᠬᠡᠢ ᠶᠢᠨ ᠣᠯᠠᠨ ᠢᠷᠡᠯᠲᠡ ᠶᠢᠨ ᠬᠠᠩᠭᠠᠯᠭ᠎ᠠ ᠶᠢᠨ ᠲᠦᠯᠦᠪ ᠪᠠᠶᠢᠳᠠᠯ ᠢ ᠪᠦᠷᠢᠯᠳᠦᠭᠦᠯᠵᠦ᠂ ᠮᠠᠨ ᠤ ᠣᠷᠣᠨ ᠤ ᠳᠤᠮᠳᠠ | ᠪᠠᠷᠠᠭᠤᠨ ᠬᠡᠰᠡᠭ ᠤᠨ ᠭᠠᠵᠠᠷ ᠣᠷᠣᠨ ᠤ ᠠᠷᠠᠳ ᠤᠨ ᠠᠮᠢᠳᠤᠷᠠᠯ ᠳᠤ ᠬᠡᠷᠡᠭᠯᠡᠬᠦ ᠬᠡᠢ ᠪᠠ ᠠᠵᠤ ᠦᠢᠯᠡᠳᠪᠦᠷᠢ ᠳᠤ ᠬᠡᠷᠡᠭᠯᠡᠬᠦ ᠬᠡᠢ ᠶᠢᠨ ᠲᠣᠭᠲᠠᠪᠤᠷᠢᠲᠤ ᠴᠢᠨᠠᠷ ᠪᠠ | ᠨᠠᠶᠢᠳᠠᠪᠤᠷᠢᠲᠤ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠢ ᠬᠠᠷᠠᠭᠤᠯᠵᠤ ᠪᠣᠢ᠃ ︵ᠡᠨᠧᠷᠭᠢ ᠶᠢᠨ ᠲᠣᠪᠴᠢᠶ᠎ᠠ︶ | |