ᠠᠯᠠᠱᠠ ᠠᠶᠢᠮᠠᠭ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠥᠯᠡᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ ︶ - ᠮᠠᠭᠤᠲᠠᠵᠤ ᠰᠡᠶᠢᠷᠡᠭᠵᠢᠭᠰᠡᠨ ᠣᠶ ᠶᠢ ᠰᠡᠷᠭᠦᠭᠡᠬᠦ ᠲᠥᠷᠥᠯ ᠵᠦᠢᠯ ᠰᠢᠯᠭᠠᠨ ᠠᠪᠬᠤ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2024/12/19
       ᠲᠣᠰ ᠲᠥᠷᠥᠯ ᠵᠦᠢᠯ ᠪᠣᠯ ᠬᠠᠲᠤᠨ ᠭᠤᠣᠯ ᠤᠨ ︽ᠶᠡᠭᠡ ᠲᠤᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠪᠠ ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠴᠢᠬᠤᠯᠠ ᠲᠤᠯᠭᠠᠭᠤᠷᠢᠯᠠᠯ ᠢᠨᠵᠧᠨᠧᠷᠢᠩ ᠪᠣᠯᠣᠨ᠎ᠠ᠃ ᠡᠭᠦᠨ ᠳᠤ᠂ ᠮᠠᠭᠤᠲᠠᠵᠤ ᠰᠡᠶᠢᠷᠡᠭᠵᠢᠭᠰᠡᠨ ᠣᠶ ᠶᠢ ᠰᠡᠷᠭᠦᠭᠡᠬᠦ ᠡᠭᠦᠷᠭᠡ 140.7 ᠲᠦᠮᠡᠨ ᠮᠦ ᠪᠠᠶᠢᠵᠤ᠂ ᠶᠡᠷᠦᠩᠬᠡᠢ ᠡᠭᠦᠷᠭᠡ ᠶᠢᠨ 25.5% ᠶᠢ ᠡᠵᠡᠯᠡᠪᠡ᠃ ᠣᠳᠣᠬᠠᠨ ᠪᠣᠯᠲᠠᠯ᠎ᠠ᠂ 2024 ᠣᠨ ᠤ ᠮᠠᠭᠤᠲᠠᠵᠤ ᠰᠡᠶᠢᠷᠡᠭᠵᠢᠭᠰᠡᠨ ᠣᠶ ᠶᠢ ᠰᠡᠷᠭᠦᠭᠡᠬᠦ ᠲᠥᠷᠥᠯ ᠵᠦᠢᠯ ᠤᠨ 87.2 ᠲᠦᠮᠡᠨ ᠮᠦ ᠨᠢ ᠨᠢᠭᠡᠨᠲᠡ ᠰᠢᠯᠭᠠᠨ ᠠᠪᠬᠤ ᠳᠤ ᠪᠠᠲᠤᠯᠠᠭᠳᠠᠪᠠ᠃ ᠪᠥᠬᠦ ᠠᠶᠢᠮᠠᠭ ᠤᠨ ᠮᠠᠭᠤᠲᠠᠵᠤ ᠰᠡᠶᠢᠷᠡᠭᠵᠢᠭᠰᠡᠨ ᠣᠶ ᠶᠢ ᠰᠡᠷᠭᠦᠭᠡᠬᠦ ᠲᠥᠷᠥᠯ ᠵᠦᠢᠯ ᠤᠨ ᠰᠢᠯᠭᠠᠨ ᠠᠪᠬᠤ ᠳᠤ ᠪᠠᠲᠤᠯᠠᠭᠳᠠᠭᠰᠠᠨ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ 85% ᠠᠴᠠ ᠳᠡᠭᠡᠭᠰᠢ ᠳᠤ ᠬᠦᠷᠴᠦ᠂ 70% ᠶᠢᠨ ᠡᠳᠡᠭᠡᠷᠡᠯᠲᠡ ᠶᠢᠨ ᠨᠣᠷᠮ᠎ᠠ ᠶᠢᠨ ᠲᠦᠯᠦᠪᠯᠡᠭᠰᠡᠨ ᠬᠠᠷᠠᠯᠲᠠ ᠠᠴᠠ ᠳᠠᠪᠠᠭᠰᠠᠨ ᠪᠠᠶᠢᠨ᠎ᠠ᠃ ︵ᠠᠯᠠᠱᠠ ᠠᠶᠢᠮᠠᠭ ᠤᠨ ᠵᠠᠬᠢᠷᠭ᠎ᠠ︶    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ