1 — 10 ᠳ᠋ᠤᠭᠠᠷ ᠰᠠᠷ᠎ᠠ ᠳᠤ ᠪᠥᠬᠦ ᠣᠷᠣᠨ ᠤ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/12/19
       1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠠᠵᠤ ᠠᠬᠤᠢ ᠶᠢᠨ ᠨᠡᠮᠡᠭᠳᠡᠯ ᠳᠤ ᠭᠠᠷᠭᠠᠭᠰᠠᠨ ᠬᠤᠪᠢ ᠨᠡᠮᠡᠷᠢ ᠶᠢᠨ ᠨᠣᠷᠮ᠎ᠠ ᠨᠢ 17.6% ᠳᠤ ᠬᠦᠷᠴᠡᠶ᠃ ᠠᠵᠤ ᠦᠢᠯᠡᠰ ᠤᠨ ᠭᠤᠷᠪᠠᠨ ᠲᠣᠮᠣ ᠬᠡᠰᠡᠭ ᠠᠴᠠ ᠠᠪᠴᠦ ᠦᠵᠡᠪᠡᠯ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 33.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1264.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.8% ᠪᠠᠷ ᠨᠡᠮᠡᠭᠳᠡᠵᠦ᠂ ᠨᠠᠷᠠᠨ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 259.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠬᠦ ᠤᠯᠤᠰ ᠤᠨ ᠬᠤᠶᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠵᠦ᠂ 5 ᠰᠠᠷ᠎ᠠ ᠳᠠᠷᠠᠭᠠᠯᠠᠨ 40% ᠶᠢ ᠳᠠᠪᠠᠭᠰᠠᠨ ᠦᠨᠳᠦᠷ ᠨᠡᠮᠡᠭᠳᠡᠯ ᠢ ᠪᠠᠲᠤᠯᠠᠪᠠ︔ ᠲᠣᠨᠣᠭᠯᠠᠯ ᠦᠢᠯᠡᠳᠬᠦ ᠴᠢᠳᠠᠪᠤᠷᠢ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 39.5% ᠪᠠᠷ ᠨᠡᠮᠡᠭᠳᠡᠵᠦ᠂ ᠭᠤᠣᠯ ᠪᠣᠯᠬᠤ ᠦᠢᠯᠡᠳᠭᠦᠨ ᠳᠠᠬᠢᠨ ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠨᠡᠷᠡᠨ ᠡᠨᠧᠷᠭᠢ ᠶᠢᠨ ᠴᠡᠨᠡᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ︔ ᠲᠡᠮᠦᠷᠯᠢᠭ ᠤᠨ ᠪᠤᠰᠤ ᠠᠭᠤᠷᠬᠠᠢ ᠶᠢᠨ ᠪᠦᠲᠦᠭᠡᠭᠳᠡᠭᠦᠨ ᠤ ᠦᠢᠯᠡᠰ ᠤᠨ ᠨᠡᠮᠡᠭᠳᠡᠯ ᠦᠷᠳᠡᠭ ᠲᠤᠭᠲᠠᠭᠤᠨ ᠪᠠᠶᠢᠳᠠᠯ ᠢᠶᠠᠨ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠲᠡᠮᠦᠷᠯᠢᠭ ᠤᠨ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠳᠤ ᠪᠠᠨ 19.1% ᠪᠠᠷ ᠨᠡᠮᠡᠭᠳᠡᠭᠰᠡᠨ ᠦᠨᠳᠦᠷ ᠰᠠᠭᠤᠷᠢ ᠬᠤᠭᠤᠴᠠᠭᠠᠨ ᠤ ᠪᠠᠶᠢᠳᠠᠯ ᠳᠤᠤᠷ᠎ᠠ ᠪᠠᠰᠠ 1.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠳᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 54% ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ 1.1 ᠳᠠᠬᠢᠨ ᠢᠶᠠᠷ ᠨᠡᠮᠡᠭᠳᠡᠪᠡ᠃ ︵ᠲᠤᠭ᠎ᠠ ᠪᠦᠷᠢᠳᠭᠡᠯ ᠤᠨ ᠲᠣᠪᠴᠢᠶ᠎ᠠ︶    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ