ᠴᠡᠭᠡ ᠬᠢᠯᠢ ᠶᠢᠨ ᠪᠣᠭᠤᠮᠲᠠ ᠶᠢᠨ ᠪᠣᠭᠤᠮᠲᠠ ᠶᠢᠨ ᠰᠠᠯᠠᠭ᠎ᠠ ᠮᠥᠴᠢᠷ ︽ᠤᠶᠤᠨᠲᠤ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ | ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠰᠢᠰᠲ᠋ᠧᠮ ᠢ ᠣᠶᠤᠨᠴᠢ ᠪᠠᠷ ᠵᠠᠯᠭᠠᠨ ᠣᠷᠣᠭᠤᠯᠬᠤ ᠶᠢ ᠪᠡᠶᠡᠯᠡᠭᠦᠯᠵᠦ᠂ ︽ᠠᠷᠪᠠ ᠶᠢ | ᠣᠷᠣᠭᠤᠯᠵᠤ ᠵᠢᠷᠭᠤᠭ᠎ᠠ ᠭᠠᠷᠭᠠᠬᠤ︾ ᠨᠡᠭᠦᠷᠡᠰᠦ ᠲᠡᠭᠡᠭᠡᠪᠦᠷᠢᠯᠡᠬᠦ ᠵᠠᠮ ᠢ ᠪᠥᠬᠦ ᠲᠠᠯ᠎ᠠ ᠪᠠᠷ ᠨᠡᠪᠲᠡᠷᠡᠭᠦᠯᠬᠦ ᠶᠢ ᠪᠡᠶᠡᠯᠡᠭᠦᠯᠪᠡ᠃ AGV ᠵᠢᠯᠣᠭᠤᠴᠢ ᠥᠬᠡᠶ | ᠲᠡᠭᠡᠭᠡᠪᠦᠷᠢ ᠶᠢᠨ ᠪᠠ ᠤᠶᠤᠨᠴᠢᠯᠠᠭᠰᠠᠨ ᠬᠦᠨᠳᠦ ᠠᠴᠢᠶᠠᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠷᠠᠭᠠᠨ ᠤ ᠭᠦᠢᠯᠭᠡᠭᠡᠨ ᠤ | ᠲᠡᠭᠡᠭᠡᠪᠦᠷᠢ ᠶᠢᠨ ᠬᠡᠪ ᠵᠠᠭᠪᠤᠷ ᠨᠢ ᠤᠯᠠᠮᠵᠢᠯᠠᠯᠲᠤ ᠮᠠᠶ᠋ᠢᠭ ᠤᠨ ᠬᠥᠮᠦᠨ ᠤ ᠬᠦᠴᠦᠨ ᠳᠤ ᠲᠦᠰᠢᠭᠯᠡᠵᠦ ᠪᠠᠶᠢᠭᠰᠠᠨ ᠠᠴᠠ ᠣᠶᠤᠨᠴᠢᠯᠠᠭᠰᠠᠨ ᠲᠡᠶᠢᠰᠢ ᠠᠯᠬᠤᠮ | ᠠᠯᠬᠤᠮ ᠢᠶᠠᠷ ᠤᠷᠤᠭᠰᠢᠯᠠᠵᠤ᠂ ᠪᠣᠭᠤᠮᠲᠠ ᠶᠢᠨ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠳᠤ ᠨᠢ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ 11 ᠳ᠋ᠦ᠋ᠭᠡᠷ | ᠰᠠᠷ᠎ᠠ ᠶᠢᠨ 21 ᠤ ᠡᠳᠦᠷ ᠪᠣᠯᠲᠠᠯ᠎ᠠ᠂ ᠴᠡᠭᠡ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢᠯᠡᠬᠦ ᠬᠡᠮᠵᠢᠶ᠎ᠡ 2204.18 ᠲᠦᠮᠡᠨ ᠲᠣᠨ ᠳᠤ ᠬᠦᠷᠴᠦ᠂ | ᠵᠢᠯ ᠤᠨ ᠬᠠᠷᠠᠯᠲᠠ ᠪᠠᠨ 100 % ᠪᠠᠷ ᠪᠡᠶᠡᠯᠡᠭᠦᠯᠵᠦ᠂ ᠪᠣᠭᠤᠮᠲᠠ ᠰᠡᠭᠡᠬᠡᠭᠰᠡᠨ ᠠᠴᠠ ᠨᠠᠭᠠᠰᠢᠬᠢ 32 ᠵᠢᠯ ᠤᠨ ᠲᠤᠷᠰᠢᠬᠢ ᠬᠠᠮᠤᠭ ᠤᠨ ᠥᠨᠳᠥᠷ ᠲᠡᠮᠳᠡᠭᠯᠡᠯ ᠢ | ᠡᠭᠦᠳᠪᠡ︔ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠢᠭᠡᠨᠲᠡ 1.74 ᠳ᠋ᠦᠩᠰᠢᠭᠤᠷ ᠲᠣᠨ ᠳᠤ ᠬᠦᠷᠴᠦ᠂ ᠠᠷᠠᠯᠵᠢᠶᠠᠨ ᠤ | ᠶᠡᠷᠦᠩᠬᠡᠶ ᠲᠤᠭ᠎ᠠ 700 ᠳ᠋ᠦᠩᠰᠢᠭᠤᠷ ᠲᠥᠭᠦᠷᠢᠭ ᠢ ᠳᠠᠪᠠᠪᠠ᠃ ︵ᠠᠯᠠᠱᠠ ᠠᠶᠢᠮᠠᠭ ᠤᠨ ᠵᠠᠬᠢᠷᠭ᠎ᠠ︶ | |