ᠲᠣᠰ ᠲᠥᠷᠥᠯ ᠵᠦᠢᠯ ᠪᠣᠯ ᠬᠠᠲᠤᠨ ᠭᠤᠣᠯ ᠤᠨ ︽ᠶᠡᠭᠡ ᠲᠤᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠪᠠ ᠾᠧᠰᠢ ᠶᠢᠨ ᠬᠤᠩᠭᠢᠯ — | ᠲᠠᠺᠯᠢᠮᠠᠺᠠᠨ ᠡᠯᠡᠰᠦᠨ ᠴᠥᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠴᠢᠬᠤᠯᠠ ᠲᠤᠯᠭᠠᠭᠤᠷᠢᠯᠠᠯ ᠢᠨᠵᠧᠨᠧᠷᠢᠩ ᠪᠣᠯᠣᠨ᠎ᠠ᠃ ᠡᠭᠦᠨ ᠳᠤ᠂ | ᠮᠠᠭᠤᠲᠠᠵᠤ ᠰᠡᠶᠢᠷᠡᠭᠵᠢᠭᠰᠡᠨ ᠣᠶ ᠶᠢ ᠰᠡᠷᠭᠦᠭᠡᠬᠦ ᠡᠭᠦᠷᠭᠡ 140.7 ᠲᠦᠮᠡᠨ ᠮᠦ ᠪᠠᠶᠢᠵᠤ᠂ ᠶᠡᠷᠦᠩᠬᠡᠢ ᠡᠭᠦᠷᠭᠡ ᠶᠢᠨ 25.5% ᠶᠢ ᠡᠵᠡᠯᠡᠪᠡ᠃ ᠣᠳᠣᠬᠠᠨ | ᠪᠣᠯᠲᠠᠯ᠎ᠠ᠂ 2024 ᠣᠨ ᠤ ᠮᠠᠭᠤᠲᠠᠵᠤ ᠰᠡᠶᠢᠷᠡᠭᠵᠢᠭᠰᠡᠨ ᠣᠶ ᠶᠢ ᠰᠡᠷᠭᠦᠭᠡᠬᠦ ᠲᠥᠷᠥᠯ ᠵᠦᠢᠯ ᠤᠨ 87.2 ᠲᠦᠮᠡᠨ ᠮᠦ ᠨᠢ ᠨᠢᠭᠡᠨᠲᠡ ᠰᠢᠯᠭᠠᠨ ᠠᠪᠬᠤ ᠳᠤ | ᠪᠠᠲᠤᠯᠠᠭᠳᠠᠪᠠ᠃ ᠪᠥᠬᠦ ᠠᠶᠢᠮᠠᠭ ᠤᠨ ᠮᠠᠭᠤᠲᠠᠵᠤ ᠰᠡᠶᠢᠷᠡᠭᠵᠢᠭᠰᠡᠨ ᠣᠶ ᠶᠢ ᠰᠡᠷᠭᠦᠭᠡᠬᠦ ᠲᠥᠷᠥᠯ ᠵᠦᠢᠯ ᠤᠨ ᠰᠢᠯᠭᠠᠨ ᠠᠪᠬᠤ ᠳᠤ ᠪᠠᠲᠤᠯᠠᠭᠳᠠᠭᠰᠠᠨ ᠴᠢᠬᠢ | ᠮᠣᠳᠣᠨ ᠤ ᠡᠳᠡᠭᠡᠷᠡᠯᠲᠡ ᠶᠢᠨ ᠨᠣᠷᠮ᠎ᠠ 85% ᠠᠴᠠ ᠳᠡᠭᠡᠭᠰᠢ ᠳᠤ ᠬᠦᠷᠴᠦ᠂ 70% ᠶᠢᠨ ᠡᠳᠡᠭᠡᠷᠡᠯᠲᠡ ᠶᠢᠨ ᠨᠣᠷᠮ᠎ᠠ ᠶᠢᠨ ᠲᠦᠯᠦᠪᠯᠡᠭᠰᠡᠨ ᠬᠠᠷᠠᠯᠲᠠ ᠠᠴᠠ | ᠳᠠᠪᠠᠭᠰᠠᠨ ᠪᠠᠶᠢᠨ᠎ᠠ᠃ ︵ᠠᠯᠠᠱᠠ ᠠᠶᠢᠮᠠᠭ ᠤᠨ ᠵᠠᠬᠢᠷᠭ᠎ᠠ︶ | |