ᠤᠯᠠᠭᠠᠨᠬᠠᠳᠠ ᠬᠤᠲᠠ ᠶᠢᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠣᠶᠣᠨᠲᠤ ᠡᠪᠡᠰᠦᠨ ᠤ ᠦᠢᠯᠡᠰ ᠲᠤ ᠬᠦᠴᠦᠨ ᠨᠡᠮᠡᠷᠢᠯᠡᠭᠦᠯᠬᠦ︾ ᠵᠢᠱᠢᠶ᠎ᠡ ᠰᠣᠩᠭᠤᠭᠳᠠᠪᠠ
ᠨᠡᠶᠢᠲᠡᠯᠡᠭᠰᠡᠨ ᠴᠠᠭ᠄
2024/12/2
       ᠤᠯᠠᠭᠠᠨᠬᠠᠳᠠ ᠬᠤᠲᠠ ᠶᠢᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠣᠶᠣᠨᠲᠤ ᠡᠪᠡᠰᠦᠨ ᠤ ᠦᠢᠯᠡᠰ ᠲᠤ ᠬᠦᠴᠦᠨ ᠨᠡᠮᠡᠷᠢᠯᠡᠭᠦᠯᠬᠦ︾ ᠵᠢᠱᠢᠶ᠎ᠡ ᠨᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠵᠢᠴᠢ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ︵FAO︶ ᠶᠢᠨ ︽ᠳ᠋ᠢᠭᠢᠳ᠋ᠴᠢᠯᠡᠭᠰᠡᠨ ᠲᠠᠷᠢᠶᠠᠯᠠᠩ ᠬᠢᠭᠡᠳ ᠲᠠᠷᠢᠶᠠᠯᠠᠩ ᠢᠳᠡᠭᠡᠨ ᠤ ᠰᠢᠰᠲ᠋ᠧᠮ ᠤᠨ ᠦᠷᠭᠦᠯᠵᠢᠯᠡᠯ ᠬᠡᠯᠪᠡᠷᠢ ᠶᠢᠨ ᠬᠤᠪᠢᠷᠠᠭᠤᠯᠤᠯᠲᠠ ᠶᠢᠨ ᠵᠢᠱᠢᠶ᠎ᠡ︾ ᠳᠤ ᠰᠣᠩᠭᠤᠭᠳᠠᠵᠤ᠂ ᠪᠥᠬᠦ ᠤᠯᠤᠰ ᠤᠨ ᠡᠪᠡᠰᠦᠨ ᠤ ᠦᠢᠯᠡᠰ ᠤᠨ ᠠᠵᠢᠯ ᠲᠥᠷᠥᠯ ᠤᠨ ᠴᠣᠷ ᠤᠨ ᠭᠠᠭᠴᠠ ᠰᠣᠩᠭᠤᠭᠳᠠᠭᠰᠠᠨ ᠵᠢᠱᠢᠶ᠎ᠡ ᠪᠣᠯᠣᠭᠰᠠᠨ ᠪᠠᠶᠢᠨ᠎ᠠ᠃ ᠤᠯᠠᠭᠠᠨᠬᠠᠳᠠ ᠬᠤᠲᠠ ᠶᠢᠨ ᠶᠸᠦ ᠷᠠᠨ ᠮᠠᠯ ᠠᠵᠤ ᠠᠬᠤᠶ ᠶᠢᠨ ᠺᠣᠮᠫᠠᠨᠢ 5.5 ᠲᠦᠮᠡᠨ ᠮᠥ ᠴᠢᠨᠠᠷ ᠰᠠᠶᠢᠲᠠᠶ ᠴᠠᠷᠭᠠᠰᠤ ᠳᠠᠷᠢᠬᠤ ᠰᠠᠭᠤᠷᠢᠨ ᠭᠠᠵᠠᠷ ᠲᠤ ᠪᠠᠨ ᠰᠠᠭᠤᠷᠢᠯᠠᠨ᠂ ︽ᠣᠶᠣᠨᠲᠤ ᠡᠪᠡᠰᠦᠨ ᠤ ᠡᠭᠦᠯᠡ︾ ᠲᠡᠵᠢᠭᠡᠯ ᠡᠪᠡᠰᠦ ᠳᠠᠷᠢᠬᠤ ᠮᠡᠳᠡᠭᠡ ᠵᠠᠩᠭᠢ ᠶᠢᠨ ᠰᠢᠰᠲ᠋ᠧᠮ ᠤᠨ ᠲᠠᠪᠴᠠᠩ ᠢ ᠪᠡᠶ᠎ᠡ ᠪᠠᠨ ᠳᠠᠭᠠᠭᠠᠵᠤ ᠨᠡᠭᠡᠭᠡᠨ ᠠᠵᠢᠯᠯᠠᠭᠤᠯᠵᠤ᠂ ︽ᠣᠶᠣᠨᠲᠤ ᠡᠪᠡᠰᠦᠨ ᠤ ᠡᠭᠦᠯᠡ︾ ᠣᠶᠣᠨᠲᠤ ᠬᠠᠮᠢᠶᠠᠷᠤᠯᠲᠠ ᠶᠢᠨ ᠰᠢᠰᠲ᠋ᠧᠮ᠂ ᠢᠨᠲ᠋ᠧᠷ ᠰᠦᠯᠵᠢᠶᠡᠨ ᠤ ᠲᠠᠷᠢᠶᠠᠯᠠᠩ ᠤᠨ ᠦᠵᠦᠭᠦᠷ᠂ ᠣᠶᠤᠨᠴᠢ ᠤᠰᠤᠯᠠᠯᠲᠠ ᠶᠢᠨ ᠰᠢᠰᠲ᠋ᠧᠮ ᠵᠡᠷᠭᠡ ᠳ᠋ᠢᠭᠢᠳ᠋ᠴᠢᠯᠡᠭᠰᠡᠨ ᠰᠢᠰᠲ᠋ᠧᠮ ᠤᠨ ᠲᠥᠬᠦᠭᠡᠷᠦᠮᠵᠢ ᠪᠠᠷ ᠳᠠᠮᠵᠢᠭᠤᠯᠤᠨ᠂ ᠲᠡᠵᠢᠭᠡᠯ ᠡᠪᠡᠰᠦ ᠳᠠᠷᠢᠬᠤ ᠡᠯ᠎ᠡ ᠭᠤᠭᠴᠤᠭᠠᠨ ᠤ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠬᠠᠮᠢᠶᠠᠷᠤᠯᠲᠠ ᠶᠢ ᠪᠡᠶᠡᠯᠡᠭᠦᠯᠪᠡ᠃ ᠣᠳᠣᠬᠠᠨ ᠳᠤ᠂ ᠶᠸᠦ ᠷᠠᠨ ᠮᠠᠯ ᠠᠵᠤ ᠠᠬᠤᠶ ᠶᠢᠨ ᠤᠯᠠᠭᠠᠨᠬᠠᠳᠠ ᠶᠢᠨ ᠠᠷᠤ ᠬᠤᠷᠴᠢᠨ ᠬᠤᠰᠢᠭᠤᠨ ᠳᠠᠬᠢ ᠡᠪᠡᠰᠦᠨ ᠤ ᠦᠢᠯᠡᠰ ︵ᠢ ᠾᠧ ᠯᠢᠦᠢ ᠶᠢᠨ ᠡᠪᠡᠰᠦᠨ ᠤ ᠦᠢᠯᠡᠰ︶ ᠤᠨ ᠰᠠᠭᠤᠷᠢᠨ ᠭᠠᠵᠠᠷ ᠨᠢ ᠴᠢᠨᠠᠷ ᠰᠠᠶᠢᠲᠠᠢ ᠴᠠᠷᠭᠠᠰᠤᠨ ᠤ ᠬᠥᠬᠡ ᠳᠠᠷᠤᠰᠢ ᠶᠢ ᠵᠢᠯ ᠳᠤ ᠪᠠᠷᠤᠭ 9 ᠲᠦᠮᠡᠨ ᠲᠣᠨ ᠬᠠᠩᠭᠠᠵᠤ᠂ ᠲᠦᠮᠡᠨ ᠲᠤᠭ᠎ᠠ ᠲᠣᠯᠣᠭᠠᠢ ᠮᠠᠯ ᠲᠠᠢ 10 ᠮᠠᠯᠵᠢᠯ ᠤᠨ ᠲᠠᠯᠠᠪᠠᠢ ᠳᠤ ᠲᠡᠵᠢᠭᠡᠯ ᠪᠣᠷᠳᠤᠭ᠎ᠠ ᠬᠠᠩᠭᠠᠨ ᠬᠡᠷᠡᠭᠯᠡᠭᠦᠯᠵᠦ᠂ ᠡᠪᠡᠰᠦᠨ ᠤ ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠥᠪᠡᠰᠦᠪᠡᠨ ᠦᠢᠯᠡᠳᠪᠦᠷᠢᠯᠡᠵᠦ ᠪᠠᠶᠢᠭ᠎ᠠ ᠴᠢᠨᠠᠷ ᠢᠶᠠᠷ ᠣᠨᠴᠠ ᠳᠡᠰ ᠵᠢᠴᠢ ᠲᠡᠭᠦᠨ ᠠᠴᠠ ᠳᠡᠭᠡᠭᠰᠢᠬᠢ ᠳᠡᠰ ᠲᠠᠢ ᠴᠠᠷᠭᠠᠰᠤᠨ ᠤ ᠡᠵᠡᠯᠡᠬᠦ ᠬᠠᠷᠢᠴᠠᠯ ᠨᠢ 60% ᠳᠤ ᠬᠦᠷᠴᠦ᠂ ᠨᠣᠭᠤᠭᠠᠨ ᠳᠠᠷᠤᠰᠢ ᠶᠢᠨ ᠤᠭᠤᠷᠠᠭ ᠤᠨ 22% ᠲᠤ ᠬᠦᠷᠦᠭᠰᠡᠨ ᠭᠦᠢᠴᠡᠳᠭᠡᠯ ᠲᠤᠭ᠎ᠠ ᠲᠠᠢ ᠴᠠᠷᠭᠠᠰᠦᠨ ᠤ ᠡᠵᠡᠯᠡᠬᠦ ᠬᠠᠷᠢᠴᠠᠯ ᠨᠢ 85% ᠠᠴᠠ ᠳᠡᠭᠡᠭᠰᠢ ᠪᠣᠯᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶    
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ