ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 | ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ | ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠵᠠᠢ᠃ | | | 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ | ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ 2024 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ | ᠵᠠᠳᠠᠯᠤᠨ᠂ 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ | ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠴᠢᠨᠠᠷ ᠰᠠᠶᠢᠲᠠᠢ | ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠣᠯ᠎ᠠ᠃ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠦᠲᠦᠮᠵᠢᠲᠡᠶ ᠶᠠᠪᠤᠭᠳᠠᠵᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠪᠠ᠃ | ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠬᠥᠮᠥᠰ ᠢ ᠵᠣᠷᠢᠭᠵᠢᠭᠤᠯᠤᠭᠰᠠᠨ ᠪᠠᠶᠢᠨ᠎ᠠ᠂ ᠢᠯᠠᠩᠭᠤᠶ᠎ᠠ | 9 ᠰᠠᠷ᠎ᠠ ᠶᠢᠨ 26 ᠤ ᠡᠳᠦᠷ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠡᠷᠡᠰ | ᠰᠢᠭᠤᠷᠬᠠᠢ ᠪᠠᠷ ᠠᠯᠢ ᠤᠯᠠᠨ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠨᠡᠶᠢᠭᠡᠮ ᠤᠨ ᠢᠲᠡᠭᠡᠯ ᠵᠣᠷᠢᠭ ᠢ ᠪᠦᠲᠦᠮᠵᠢᠲᠡᠢ ᠬᠥᠭᠵᠢᠭᠡᠵᠦ᠂ ᠠᠵᠤ | ᠠᠬᠤᠢ ᠢᠯᠡᠳᠲᠡ ᠳᠡᠭᠡᠭᠰᠢᠯᠡᠪᠡ ᠭᠡᠵᠦ ᠦᠵᠡᠵᠡᠢ᠃ | ᠬᠤᠷᠠᠯ ᠠᠴᠠ᠂ ᠣᠳᠣᠬᠠᠨ ᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠭᠦᠨᠵᠡᠭᠡᠶᠢᠷᠡᠵᠦ᠂ ᠮᠠᠨ ᠤ | ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠭᠤᠣᠯᠳᠠᠭᠤ ᠤᠯᠤᠰ ᠤᠨ | ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ᠂ ᠤᠯᠠᠨ ᠲᠦᠮᠡᠨ ᠤ ᠠᠵᠢᠯ | ᠣᠯᠭᠤᠯᠲᠠ ᠣᠷᠣᠯᠭ᠎ᠠ ᠶᠢᠨ ᠨᠡᠮᠡᠭᠳᠡᠯ ᠳᠠᠷᠤᠯᠲᠠ ᠳᠤ ᠲᠤᠯᠭᠠᠷᠠᠵᠤ᠂ ᠠᠶᠤᠯ ᠲᠦᠭᠰᠢᠭᠦᠷᠢ ᠭᠡᠮ ᠰᠣᠭᠤᠭ ᠮᠥᠨ ᠬᠦ ᠨᠡᠯᠢᠶᠡᠳ ᠤᠯᠠᠨ ᠪᠠᠶᠢᠨ᠎ᠠ᠃ ᠡᠭᠦᠨ ᠤ ᠬᠠᠮᠲᠤ᠂ | ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ ᠤᠶᠠᠨ ᠴᠢᠨᠠᠷ ᠴᠢᠩᠭ᠎ᠠ᠂ ᠳᠠᠯᠳᠠ ᠴᠢᠳᠠᠪᠤᠷᠢ ᠶᠡᠭᠡ᠂ ᠣᠷᠳᠣ | ᠬᠤᠭᠤᠴᠠᠭ᠎ᠠ ᠪᠠᠷ ᠰᠠᠶᠢᠵᠢᠷᠠᠬᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ | ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ | ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠦᠢᠯᠡᠳᠦᠯᠭᠡ ᠶᠢᠨ ᠳᠤᠮᠳᠠ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠣᠷᠠᠯᠳᠠ | ᠦᠭᠡᠢ ᠭᠦᠨᠵᠡᠭᠡᠶᠢᠷᠡᠭᠦᠯᠪᠡ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ | ᠦᠨᠳᠦᠰᠦᠨ ᠪᠠᠲᠤᠯᠠᠭ᠎ᠠ ᠮᠥᠨ᠂ ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠴᠠᠭ ᠦᠶ᠎ᠡ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ | ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ | ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠪᠠ᠃ ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ | ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠠᠮᠢᠳᠤᠯᠢᠭ ᠪᠤᠯᠭᠠᠬᠤ︾ ᠮᠥᠷᠲᠡᠭᠡᠨ ︽ᠬᠠᠮᠢᠶᠠᠷᠴᠤ | ᠲᠡᠶᠢᠯᠭᠦ︾ ᠠᠵᠤ ᠠᠬᠤᠢ ᠶᠢᠨ ᠡᠮᠬᠢ ᠳᠢᠭᠯᠢᠮ ᠢ ᠪᠤᠢ ᠪᠤᠯᠭᠠᠬᠤ ᠬᠡᠷᠡᠭᠲᠡᠢ᠃ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠡᠷᠬᠡᠪᠰᠢ ᠰᠢᠨ᠎ᠡ | ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠡᠷᠬᠡᠪᠰᠢ ᠨᠡᠮᠡᠭᠳᠡᠯ ᠢ | ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ | ᠪᠤᠵᠠᠭᠠᠶᠢᠷᠠᠭᠤᠯᠬᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ | ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠸᠠᠷ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠰᠲ᠋ᠣᠺ ᠤᠨ | ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠠᠴᠠ ᠢᠷᠡᠬᠦ ᠴᠣᠬᠢᠯᠲᠠ ᠶᠢ ᠰᠡᠷᠭᠡᠶᠢᠯᠡᠨ | ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ | ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠢᠯ ᠣᠯᠭᠤᠯᠲᠠ᠂ ᠪᠠᠷᠠᠭᠠᠨ ᠤ ᠦᠨ᠎ᠡ ᠶᠢᠨ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ | ᠰᠠᠭᠤᠭᠠᠯᠢ ᠠᠷᠠᠳ ᠤᠨ ᠣᠷᠣᠯᠭ᠎ᠠ ᠪᠣᠯᠣᠨ ᠠᠵᠤ ᠠᠬᠤᠢ ᠶᠢᠨ ᠵᠡᠷᠭᠡ ᠪᠠᠷ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ ᠶᠢ | ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ | ᠰᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠨ ᠠᠵᠢᠯᠯᠠᠵᠤ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ | ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ | ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠬᠦ᠂ ᠨᠡᠩ ᠦᠷ᠎ᠡ ᠪᠦᠲᠦᠮᠵᠢᠲᠡᠢ ᠪᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠭᠡᠳᠤ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢ ᠲᠠᠷᠬᠠᠭᠠᠬᠤ ᠶᠢ ᠨᠡᠮᠡᠭᠳᠡᠭᠦᠯᠵᠦ᠂ ︽ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ︾ ᠶᠢᠨ ᠲᠥᠷᠥᠯ ᠵᠦᠢᠯ ᠪᠠ ︽ | ᠶᠡᠭᠡ ᠬᠡᠮᠵᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ | ᠬᠡᠷᠡᠭᠯᠡᠬᠦ ᠶᠢ ᠨᠡᠮᠡᠭᠳᠡᠭᠦᠯᠵᠦ᠂ ᠪᠡᠯᠡ ᠣᠷᠣᠭᠤᠯᠤᠯᠲᠠ ᠶᠢᠨ ᠴᠢᠭᠯᠡᠯ ᠤᠨ ᠬᠦᠷᠢᠶ᠎ᠡ ᠴᠠᠷᠠᠭ᠎ᠠ ᠪᠠ ᠲᠦᠷᠦᠯ ᠵᠦᠢᠯ ᠤᠨ ᠬᠥᠷᠥᠩᠭᠡ ᠮᠥᠩᠭᠦ ᠪᠣᠯᠭᠠᠨ ᠬᠡᠷᠡᠭᠯᠡᠬᠦ | ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠶᠢ ᠨᠡᠩ | ᠴᠢᠬᠤᠯᠠᠴᠢᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ | ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠬᠡᠷᠡᠭᠲᠡᠢ᠃ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠦᠢᠯᠡᠳᠦᠯ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ | ᠨᠣᠷᠮ᠎ᠠ ᠬᠠᠳᠠᠭᠠᠯᠠᠮᠵᠢ ᠪᠠ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠭᠦᠢᠯᠭᠡᠭᠡᠨ ᠤ ᠴᠢᠨᠠᠷ ᠢᠶᠠᠷ ᠭᠦᠢᠴᠡᠳ | ᠪᠠᠶᠢᠬᠤ ᠶᠢ ᠪᠠᠲᠤᠯᠠᠨ᠂ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ ᠬᠢᠷᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠢ᠃ ᠠᠷᠠᠳ ᠤᠨ | ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ | ᠪᠠᠲᠤᠯᠠᠬᠤ ᠬᠡᠷᠡᠭᠲᠡᠢ᠃ ᠲᠥᠪ ᠪᠠᠩᠬᠢ ᠶᠢᠨ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠪᠠᠶᠢᠬᠤ ᠪᠠ ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ | ᠦᠢᠯᠡᠳᠦᠯ ᠴᠢᠳᠠᠮᠵᠢ ᠶᠢ ᠰᠦᠪᠡᠭᠴᠢᠯᠡᠨ ᠥᠷᠭᠡᠳᠬᠡᠵᠦ᠂ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ | ᠵᠠᠬ᠎ᠠ ᠳᠡᠯᠭᠡᠭᠦᠷ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ | ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ | ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠪᠠ | ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠭᠢ ᠪᠦᠲᠦᠮᠵᠢᠲᠡᠢ | ᠨᠡᠪᠲᠡᠷᠡᠯᠴᠡᠭᠡ᠂ ᠵᠥᠪᠳᠡᠯᠴᠡᠨ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠴᠢᠩᠭᠠᠷᠠᠭᠤᠯᠬᠤ | ᠬᠡᠷᠡᠭᠲᠡᠢ᠃ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠠ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ | ᠬᠠᠨᠳᠤᠰᠢ ᠶᠢᠨ ᠨᠢᠭᠡᠳᠦᠯᠲᠡᠢ ᠴᠢᠨᠠᠷ ᠢ ᠦᠨᠡᠯᠡᠬᠦ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ | ᠨᠢᠭᠡᠳᠦᠯᠲᠡᠢ ᠲᠥᠯᠥᠪᠵᠢᠭᠦᠯᠦᠨ᠂ ᠲᠥᠷᠥ ᠶᠢᠨ ᠪᠣᠳᠣᠯᠭ᠎ᠠ ᠶᠢᠨ ᠪᠦᠬᠦᠯᠢ ᠴᠣᠭᠴᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠳᠣᠣᠷᠠᠬᠢ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ ᠭᠡᠵᠦ ᠲᠣᠭᠲᠠᠪᠠ᠃ | ᠨᠢᠭᠡ ᠳᠤ᠂ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ ᠬᠡᠷᠡᠭᠲᠡᠢ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠳᠤᠮᠳᠠ ᠳᠣᠣᠷ᠎ᠠ ᠣᠷᠣᠯᠭ᠎ᠠ ᠲᠠᠢ | ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠡᠷᠡᠭᠯᠡᠭᠡ ᠶᠢᠨ ᠴᠢᠳᠠᠪᠤᠷᠢ᠂ ᠬᠦᠰᠡᠯ ᠡᠷᠡᠮᠡᠯᠵᠡᠯ ᠪᠠ ᠱᠠᠲᠤ | ᠳᠠᠪᠬᠤᠷᠭ᠎ᠠ ᠶᠢ ᠳᠡᠭᠡᠭᠰᠢᠯᠡᠭᠦᠯᠭᠦ ᠬᠡᠷᠡᠭᠲᠡᠢ᠃ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ | ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠵᠦ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ᠃ ︽ | ᠬᠤᠶᠠᠷ ᠰᠢᠨ᠎ᠡ︾ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠤᠯᠠᠨ ᠡᠰᠢᠵᠢᠭᠰᠡᠨ ᠬᠡᠷᠡᠭᠯᠡᠭᠡ ᠶᠢᠨ ᠦᠵᠡᠭᠳᠡᠯ | ᠪᠠᠶᠢᠳᠠᠯ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ | ᠬᠡᠷᠡᠭᠲᠡᠢ᠃ ᠠᠩᠬ᠎ᠠ ᠲᠠᠷᠬᠠᠭᠠᠬᠤ ᠠᠵᠤ ᠠᠬᠤᠢ᠂ ᠮᠥᠰᠥ ᠴᠠᠰᠤᠨ ᠤ ᠠᠵᠤ ᠠᠬᠤᠢ᠂ ᠪᠤᠭᠤᠷᠤᠯᠴᠤᠳ ᠤᠨ ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ | ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ︽ᠬᠤᠶᠠᠷ ᠴᠢᠬᠤᠯᠠ︾ ᠲᠥᠷᠥᠯ ᠵᠦᠢᠯ ᠢ ᠨᠠᠩ ᠬᠦᠴᠦᠲᠡᠢ ᠳᠡᠮᠵᠢᠬᠦ | ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠵᠣᠬᠢᠰᠲᠠᠢ ᠪᠠᠷ ᠨᠡᠮᠡᠭᠳᠡᠭᠦᠯᠬᠦ ᠬᠡᠷᠡᠭᠲᠡᠢ᠃ ᠡᠳ᠋ ᠤᠨ ᠵᠠᠰᠠᠭ ᠬᠢᠭᠡᠳ ᠮᠥᠩᠭᠦᠨ | ᠭᠦᠢᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ | ᠳᠠᠶᠢᠴᠢᠯᠠᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠤᠬᠠᠭᠠᠯᠠᠨ ᠲᠥᠯᠥᠪᠯᠡᠬᠦ ᠬᠡᠷᠡᠭᠲᠡᠢ᠃ | ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ᠃ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ ᠪᠠᠭᠤᠷᠠᠭᠤᠯᠬᠤ | ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ | ᠬᠤᠶᠠᠷ ᠲᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠠᠭᠤᠷᠢ ᠰᠤᠳᠤᠯᠭᠠᠨ ᠪᠠ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠲᠦᠷᠦᠯ ᠵᠦᠢᠯ ᠢ ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠦᠵᠡᠭᠳᠡᠯ ᠪᠠᠶᠢᠳᠠᠯ ᠤᠨ ᠶᠡᠭᠡ ᠬᠡᠪᠴᠢᠶᠡᠨ ᠤ ᠬᠡᠷᠡᠭᠯᠡᠭᠡᠨ ᠤ | ᠵᠢᠱᠢᠶ᠎ᠡ ᠦᠵᠡᠭᠦᠯᠭᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ︽ᠵᠣᠬᠢᠶᠠᠮᠠᠯ ᠣᠶᠤᠨ ᠴᠢᠳᠠᠪᠤᠷᠢ +︾ ᠠᠵᠢᠯᠯᠠᠭ᠎ᠠ ᠶᠢ ᠥᠷᠨᠢᠭᠦᠯᠵᠦ᠂ ᠢᠷᠡᠭᠡᠳᠦᠢ ᠶᠢᠨ ᠠᠵᠤ | ᠦᠢᠯᠡᠰ ᠢ ᠪᠤᠶᠢᠵᠢᠭᠤᠯᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠣᠯᠠᠨ ᠲᠠᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠬᠦᠯᠢᠴᠡᠩᠭᠦᠢ | ᠬᠥᠷᠥᠩᠭᠡ ᠶᠢ ᠪᠤᠵᠠᠭᠠᠶᠢᠷᠠᠭᠤᠯᠤᠨ᠂ ᠨᠡᠶᠢᠭᠡᠮ ᠤᠨ ᠬᠥᠷᠥᠩᠭᠡ ᠶᠢ ᠨᠠᠩ ᠶᠡᠭᠡ ᠡᠷᠴᠢᠮ ᠢᠶᠠᠷ ᠲᠠᠲᠠᠵᠤ ᠦᠢᠯᠡᠰ ᠪᠣᠰᠬᠠᠬᠤ ᠪᠡᠯᠡ ᠣᠷᠣᠭᠤᠯᠤᠯᠲᠠ ᠳᠤ | ᠣᠷᠣᠯᠴᠠᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠢ ᠱᠠᠲᠤᠯᠢᠭ ᠢᠶᠠᠷ ᠪᠤᠶᠢᠵᠢᠭᠤᠯᠬᠤ ᠬᠡᠷᠡᠭᠲᠡᠢ᠃ ︽ᠳᠣᠲᠣᠭᠰᠢ ᠬᠤᠮᠢᠷᠠᠬᠤ ᠮᠠᠶ᠋ᠢᠭ︾ ᠤᠨ | ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯᠯᠠᠭ᠎ᠠ ᠶᠢ ᠵᠢᠷᠤᠮᠵᠢᠭᠤᠯᠬᠤ | ᠬᠡᠷᠡᠭᠲᠡᠢ᠃ ᠲᠣᠭᠠᠴᠢᠯᠠᠭᠰᠠᠨ ᠮᠡᠷᠭᠡᠵᠢᠯ᠂ ᠪᠣᠬᠢᠷᠳᠤᠯ ᠦᠭᠡᠢ ᠲᠦ᠋ᠭᠨᠢᠭ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ | ᠳᠡᠪᠰᠢᠭᠦᠯᠬᠦ ᠬᠡᠷᠡᠭᠲᠡᠢ᠃ | ᠭᠤᠷᠪᠠ ᠳᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠨᠡᠶᠢᠲᠡᠯᠡᠬᠦ ᠬᠡᠷᠡᠭᠲᠡᠢ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ | ᠵᠢᠯᠣᠭᠤᠳᠤᠮᠵᠢ ᠶᠢ ᠲᠣᠭᠲᠠᠭᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠭᠠᠶᠢᠯᠢ ᠶᠢᠨ ᠲᠠᠯ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠨ | ᠨᠤᠲᠤᠭ ᠤᠨ ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠪᠡᠯᠡ | ᠬᠤᠷᠠᠮᠳᠤᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ | ᠣᠷᠣᠬᠤ ᠬᠤᠷᠢᠭ᠎ᠠ ᠴᠡᠭ ᠢ ᠨᠠᠪᠲᠠᠷᠡᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠤᠨ ᠪᠠᠭᠲᠠᠭᠠᠮᠵᠢᠲᠤ ᠴᠢᠨᠠᠷ᠂ ᠵᠣᠬᠢᠴᠠᠬᠤ ᠴᠢᠨᠠᠷ ᠢ ᠴᠢᠩᠭᠠᠷᠠᠭᠤᠯᠬᠤ | ᠬᠡᠷᠡᠭᠲᠡᠢ᠃ | ᠳᠥᠷᠪᠡ ᠳᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ᠂ ᠭᠠᠳᠠᠭᠠᠳᠤ | ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯᠠᠲᠤ ᠨᠡᠭᠡᠭᠡᠯᠲᠡ ᠶᠢ ᠡᠮᠬᠢ ᠵᠢᠷᠤᠮ ᠲᠠᠢ ᠥᠷᠭᠡᠳᠬᠡᠨ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠬᠦ ᠶᠢ ᠠᠬᠢᠭᠤᠯᠵᠤ᠂ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠤᠨ ᠭᠤᠣᠯᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ᠦᠢᠯᠡᠴᠢᠯᠡᠭᠡᠨ ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠦᠢᠯᠡᠴᠢᠯᠡᠭᠡᠨ ᠤ | ᠦᠢᠯᠡᠰ ᠤᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠴᠠᠭᠢᠯᠭᠠᠨ ᠴᠢᠮᠡᠭᠡ ᠬᠤᠯᠪᠤᠭ᠎ᠠ᠂ ᠡᠮᠴᠢᠯᠡᠭᠡᠨ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ | ᠨᠡᠭᠡᠭᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠨ᠂ ︽ᠳᠤᠮᠳᠠᠳᠤ ᠤᠯᠤᠰ ᠲᠤ ᠪᠡᠯᠡ ᠣᠷᠣᠭᠤᠯᠬᠤ︾ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ᠬᠡᠷᠡᠭᠲᠡᠢ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ | ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠲᠠᠪᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ | ᠵᠣᠭᠰᠣᠭᠠᠵᠤ ᠲᠣᠭᠲᠠᠭᠤᠨ ᠪᠠᠶᠢᠳᠠᠯ ᠳᠤ ᠣᠷᠣᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ | ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠢᠵᠦ᠂ ᠬᠠᠲᠠᠭᠤ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠪᠠᠷ ᠨᠡᠮᠡᠭᠳᠡᠭᠰᠡᠨ ᠭᠡᠷ ᠭᠠᠵᠠᠷ ᠤᠨ ᠬᠥᠷᠥᠩᠭᠡ ᠳᠤ ᠬᠡᠷᠡᠭᠯᠡᠬᠦ ᠭᠠᠵᠠᠷ | ᠰᠢᠷᠣᠢ ᠶᠢᠨ ᠬᠠᠩᠭᠠᠯᠭ᠎ᠠ ᠶᠢ ᠵᠦᠢ ᠵᠣᠬᠢᠰᠲᠠᠢ ᠬᠢᠵᠠᠭᠠᠷᠯᠠᠵᠤ᠂ ᠨᠥᠭᠡᠴᠡ ᠭᠠᠵᠠᠷ ᠰᠢᠷᠣᠢ ᠪᠠ ᠬᠤᠳᠠᠯᠳᠤᠭ᠎ᠠ ᠡᠵᠡᠩᠨᠡᠯᠲᠡ ᠳᠤ ᠬᠡᠷᠡᠭᠯᠡᠬᠦ ᠪᠠ ᠠᠯᠪᠠᠯᠠᠬᠤ ᠳᠤ | ᠬᠡᠷᠡᠭᠯᠡᠬᠦ ᠭᠡᠷ ᠪᠠᠶᠢᠰᠢᠩ ᠢ ᠠᠮᠢᠳᠤᠯᠢᠭᠵᠢᠭᠤᠯᠵᠤ᠂ ᠨᠥᠭᠡᠴᠡ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠠᠵᠢᠯ ᠢ ᠠᠬᠢᠭᠤᠯᠬᠤ ᠬᠡᠷᠡᠭᠲᠡᠢ᠃ ᠭᠡᠷ ᠭᠠᠵᠠᠷ ᠤᠨ | ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠵᠤ᠂ ᠬᠤᠯᠪᠣᠭᠳᠠᠯ ᠪᠦᠬᠦᠢ ᠰᠠᠭᠤᠷᠢᠯᠠᠬᠤ ᠴᠢᠨᠠᠷᠲᠠᠢ ᠳᠦᠷᠢᠮ ᠢ ᠡᠮᠬᠢ | ᠵᠢᠷᠤᠮ ᠲᠠᠢ ᠪᠠᠷ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠯᠠᠪᠳᠠᠭᠤᠨ | ᠲᠣᠬᠢᠷᠠᠮᠵᠢᠲᠠᠢ ᠰᠢᠢᠳᠪᠦᠷᠢᠯᠡᠬᠦ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ ᠬᠢᠨ ᠬᠦᠴᠦ ᠪᠠᠨ ᠬᠠᠮᠲᠤᠳᠬᠠᠨ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠢ᠃ | ᠵᠢᠷᠭᠤᠭ᠎ᠠ ᠳᠤ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ | ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ᠃ ᠠᠮᠤ | ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ | ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭ᠎ᠠ ᠲᠠᠷᠢᠬᠤ ᠲᠠᠷᠢᠶᠠᠴᠢᠨ ᠪᠠ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠢᠳᠡᠪᠬᠢᠵᠢᠯ ᠢ ᠬᠠᠮᠠᠭᠠᠯᠠᠵᠤ᠂ ᠠᠮᠤ ᠪᠤᠳᠠᠭᠠᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ | ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ | ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠣᠳᠣᠬᠢᠴᠢᠯᠠᠭᠰᠠᠨ ᠶᠡᠭᠡ ᠬᠤᠲᠠ ᠶᠢᠨ ᠲᠣᠭᠤᠷᠢᠭ ᠢ ᠬᠥᠭᠵᠢᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ | ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ᠃ | ᠲᠤᠯᠤᠭ᠎ᠠ ᠳᠤ᠂ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠳᠠᠪᠬᠤᠷ ᠦᠢᠯᠡᠳᠦᠯ ᠨᠥᠯᠥᠭᠡ ᠶᠢ | ᠪᠠᠳᠠᠷᠠᠭᠤᠯᠵᠤ᠂ ᠰᠢᠨ᠎ᠡ ᠨᠡᠮᠡᠭᠳᠡᠯ ᠤᠨ ᠲᠦᠢᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠪᠠᠷ ᠳᠠᠪᠠᠭᠤᠯᠢᠭ ᠣᠷᠣᠨ ᠪᠦᠰᠡ ᠶᠢᠨ | ᠰᠢᠨ᠎ᠡ ᠶᠢ ᠡᠭᠦᠳᠬᠦ ᠴᠢᠳᠠᠪᠤᠷᠢ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠲᠣᠮᠣ ᠮᠤᠵᠢ ᠶᠢᠨ ᠲᠤᠯᠭᠠᠭᠤᠷᠢ | ᠬᠦᠴᠦᠨ ᠪᠤᠯᠬᠤ ᠶᠢ ᠲᠡᠮᠵᠢᠵᠤ᠂ ᠪᠤᠰᠤᠳ ᠭᠠᠵᠠᠷ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ ᠲᠤᠰ ᠤᠨ ᠳᠠᠪᠠᠭᠤᠯᠢᠭ ᠢᠶᠠᠨ | ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃ ᠵᠡᠭᠦᠨ᠂ ᠳᠤᠮᠳᠠ᠂ ᠪᠠᠷᠠᠭᠤᠨ ᠪᠠ ᠵᠡᠭᠦᠨ ᠬᠤᠶᠢᠲᠤ ᠶᠢᠨ ᠭᠠᠵᠠᠷ ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ᠂ ᠳᠠᠯᠠᠢ ᠲᠠᠩᠭᠢᠰ ᠤᠨ ᠠᠵᠤ ᠠᠬᠤᠢ ᠪᠠ ᠪᠤᠯᠤᠩ ᠤᠨ ᠣᠷᠣᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ᠃ | ᠨᠠᠢᠮᠠ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠠᠮᠢ ᠠᠬᠤᠢ ᠶᠢ ᠪᠤᠢ ᠪᠤᠯᠭᠠᠵᠤ᠂ | ᠪᠣᠬᠢᠷᠳᠤᠯ ᠦᠭᠡᠢ ᠪᠠᠷᠢᠯᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠵᠤ᠂ ︽ᠡᠯᠡᠰᠦ ᠭᠤᠪᠢ ᠴᠦᠯ︾ ᠳᠠᠬᠢ ᠰᠢᠨ᠎ᠡ ᠡᠨᠧᠷᠭᠢ ᠶᠢᠨ | ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠨᠢᠭᠡ ᠪᠦᠯᠦᠭ ᠨᠡᠭᠦᠷᠡᠰᠦᠲᠥ᠋ᠷᠥᠭᠴᠢ ᠥᠯᠤ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ | ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ | ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠲᠡᠮᠳᠡᠭ ᠢᠯᠡᠳᠬᠡᠮᠵᠢ ᠭᠡᠷᠡᠴᠢᠯᠡᠬᠦ ᠳᠦᠷᠢᠮ ᠢ ᠪᠠᠶᠢᠭᠤᠯᠬᠤ ᠬᠡᠷᠡᠭᠲᠡᠢ᠃ ᠬᠥᠬᠡ | ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠬᠡᠷᠡᠭᠲᠡᠢ᠃ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠶᠢᠰᠦ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ | ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ | ᠬᠤᠲᠠ ᠬᠥᠳᠡᠭᠡ ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ | ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ ᠠᠮᠢᠳᠤᠯᠢᠭ ᠢᠶᠠᠷ ᠠᠵᠢᠯ ᠣᠯᠣᠭᠰᠠᠳ ᠪᠠ ᠰᠢᠨ᠎ᠡ ᠠᠵᠢᠯ ᠣᠯᠭᠤᠯᠲᠠ ᠶᠢᠨ | ᠭᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠤ ᠦᠢᠯᠡᠰ᠂ ᠠᠵᠢᠯ ᠣᠯᠭᠤᠯᠲᠠ ᠵᠡᠷᠭᠡ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ | ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠪᠥᠭᠡᠳ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠵᠢᠩᠬᠢᠨᠢ ᠠᠩᠭᠢ ᠶᠢᠨ ᠪᠠᠭᠲᠠᠭᠠᠮᠵᠢ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠷᠡᠵᠢᠯ ᠢ ᠠᠬᠢᠭᠤᠯᠬᠤ ᠲᠦᠷᠦ ᠶᠢᠨ | ᠪᠣᠳᠣᠯᠭ᠎ᠠ ᠶᠢ ᠲᠣᠭᠲᠠᠭᠠᠬᠤ ᠬᠡᠷᠡᠭᠲᠡᠢ᠃ ᠨᠡᠶᠢᠭᠡᠮ ᠲᠣᠭᠤᠷᠢᠭ ᠠᠴᠠ ᠳᠡᠮᠵᠢᠬᠦ ᠭᠡᠷ ᠲᠡᠭᠡᠨ ᠰᠠᠭᠤᠵᠤ ᠠᠰᠠᠷᠠᠮᠵᠢ ᠭᠦᠷᠳᠡᠭᠦ ᠨᠠᠰᠤᠵᠢᠯ ᠤᠨ ᠠᠰᠠᠷᠠᠮᠵᠢ ᠶᠢ | ᠬᠥᠭᠵᠢᠭᠦᠯᠵᠦ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠭᠡᠳᠬᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ | ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠲᠦ ᠵᠠᠰᠠᠯᠲᠠ ᠶᠢ ᠴᠢᠩᠭᠠᠳᠬᠠᠬᠤ ᠬᠡᠷᠡᠭᠲᠡᠢ᠃ | ᠬᠤᠷᠠᠯ ᠠᠴᠠ᠂ ᠤᠬᠠᠮᠰᠠᠷ ᠠᠴᠠ ᠪᠠᠨ ᠪᠠᠶᠢᠳᠠᠯ ᠬᠠᠨᠳᠤᠰᠢ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠮᠠᠭᠠᠳᠯᠠᠯᠲᠠ ᠪᠠᠷ ᠦᠵᠡᠯ | ᠰᠠᠨᠠᠭ᠎ᠠ ᠪᠠᠨ ᠨᠢᠭᠡᠳᠬᠡᠵᠦ᠂ ᠵᠣᠷᠢᠯᠲᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠶᠡᠷᠦᠩᠬᠡᠢ ᠬᠠᠨᠳᠤᠰᠢ ᠶᠢ ᠡᠵᠡᠮᠳᠡᠵᠦ᠂ ᠢᠲᠡᠭᠡᠯ ᠵᠣᠷᠢᠭ ᠢᠶᠠᠨ | ᠪᠠᠲᠤᠳᠬᠠᠬᠤ ᠬᠡᠷᠡᠭᠲᠡᠢ ᠪᠥᠭᠡᠳ ᠪᠠᠰᠠ ᠬᠦᠴᠢᠷᠳᠡᠯ ᠳᠤ ᠵᠥᠪ ᠬᠠᠨᠳᠤᠵᠤ᠂ ᠰᠡᠷᠭᠡᠭ ᠪᠠᠶᠢᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠶᠡᠷᠦᠩᠬᠡᠢ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ | ᠴᠢᠬᠤᠯᠠᠴᠢᠯᠠᠵᠤ᠂ ᠨᠡᠮᠡᠭᠳᠡᠯ ᠲᠣᠭᠲᠠᠭᠤᠨ᠂ ᠠᠵᠢᠯ ᠣᠯᠭᠤᠯᠲᠠ ᠲᠣᠭᠲᠠᠭᠤᠨ ᠪᠠ ᠪᠠᠷᠠᠭᠠᠨ ᠤ ᠦᠨ᠎ᠡ ᠵᠣᠬᠢᠰᠲᠠᠢ ᠳᠡᠭᠡᠭᠰᠢᠯᠡᠭᠰᠡᠨ ᠰᠢᠯᠢᠳᠡᠭᠵᠢᠭᠰᠡᠨ ᠶᠡᠷᠦᠩᠬᠡᠢ | ᠪᠠᠶᠢᠳᠠᠯ ᠢ ᠬᠦᠴᠦᠯᠡᠨ ᠪᠡᠶᠡᠯᠡᠭᠦᠯᠬᠦ ᠭᠡᠷᠡᠭᠲᠡᠢ︔ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠵᠦ᠂ ᠴᠠᠭ ᠲᠣᠭᠢᠶᠠᠯ ᠢ ᠠᠮᠵᠢᠬᠤ ᠡᠷᠴᠢᠮ ᠢ ᠡᠷᠬᠢᠮᠯᠡᠵᠦ᠂ | ᠡᠯ᠎ᠡ ᠵᠦᠢᠯ ᠤᠨ ᠠᠵᠢᠯ ᠢ ᠡᠷᠲᠡᠬᠡᠨ ᠰᠢᠭ ᠬᠢᠵᠦ᠂ ᠴᠢᠩᠭ᠎ᠠ ᠪᠥᠭᠡᠳ ᠪᠣᠳᠠᠲᠠᠢ ᠠᠳᠬᠤᠵᠤ᠂ ᠭᠦᠢᠴᠡᠳ ᠡᠷᠴᠢᠮᠲᠡᠢ ᠪᠠᠶᠢᠬᠤ ᠶᠢ ᠪᠠᠲᠤᠯᠠᠬᠤ ᠭᠡᠷᠡᠭᠲᠡᠶ︔ | ᠰᠢᠰᠲ᠋ᠧᠮᠳᠤ ᠰᠡᠳᠬᠢᠬᠦᠢ ᠪᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ | ᠵᠣᠬᠢᠴᠠᠯᠳᠤᠨ ᠬᠠᠮᠵᠢᠯᠴᠠᠬᠤ ᠶᠢ ᠴᠢᠬᠤᠯᠠᠴᠢᠯᠠᠨ᠂ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢ ᠥᠷᠭᠡᠳᠬᠡᠬᠦ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ | ᠴᠢᠩᠭ᠎ᠠ ᠠᠳᠬᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠵᠦ᠂ ᠬᠡᠷᠡᠭᠴᠡᠭᠡ ᠬᠦᠷᠦᠯᠴᠡᠬᠦ ᠦᠭᠡᠢ | ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠬᠡᠷᠡᠭᠴᠡᠭᠡ ᠢᠯᠠᠩᠭᠤᠶ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠦᠴᠦᠯᠡᠨ | ᠬᠥᠭᠵᠢᠭᠡᠬᠦ ᠭᠡᠷᠡᠭᠲᠡᠢ︔ ᠭᠦᠭᠵᠢᠯᠲᠡ ᠶᠢ ᠬᠦᠯᠢᠶᠡᠰᠦᠯᠡᠵᠦ ᠪᠠᠶᠢᠭ᠎ᠠ ᠭᠦᠨ ᠳᠡᠰ ᠳᠠᠪᠬᠤᠷᠭ᠎ᠠ ᠶᠢᠨ ᠬᠠᠷᠰᠢ ᠰᠠᠭᠠᠳ ᠪᠣᠯᠣᠨ ᠭᠠᠳᠠᠭᠠᠳᠤ ᠥᠷᠢᠰᠦᠯᠳᠦᠭᠡᠨ ᠳᠤ | ᠴᠢᠭᠯᠡᠭᠦᠯᠦᠨ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠭᠡᠷᠡᠭᠳᠡᠢ︔ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠪᠣᠭᠤᠮᠢ ᠶᠢᠨ ᠬᠢᠵᠠᠭᠠᠷᠯᠠᠯ ᠳᠤ ᠴᠢᠭᠯᠡᠭᠦᠯᠦᠨ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ ᠵᠠᠯᠭᠠᠯᠳᠤᠨ | ᠰᠣᠯᠢᠭᠳᠠᠬᠤ ᠶᠢ ᠠᠬᠢᠭᠤᠯᠬᠤ ᠭᠡᠷᠡᠭᠳᠡᠢ︔ ᠠᠵᠤ ᠠᠬᠤᠶᠢᠯᠠᠯ ᠤᠨ ᠡᠵᠡᠩᠨᠡᠯᠲᠡ ᠳᠠᠬᠢ ᠠᠩᠬᠠᠷᠤᠯ ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠭᠡᠷᠡᠭᠳᠡᠢ︔ ᠭᠤᠣᠯᠳᠠᠯᠭ᠎ᠠ ᠲᠠᠢ ᠬᠦᠷᠢᠶᠡᠨ ᠳᠠᠬᠢ | ᠠᠶᠤᠯ ᠲᠦᠭᠰᠢᠭᠦᠷᠢ ᠭᠡᠮ ᠰᠣᠭᠤᠭ ᠲᠤ ᠴᠢᠭᠯᠡᠭᠦᠯᠦᠨ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ | ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠨᠠᠩ ᠰᠠᠶᠢᠲᠤᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠰᠥᠷᠦᠨ ᠤᠷᠤᠭᠰᠢᠯᠠᠵᠤ᠂ ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠵᠥᠪ | ᠲᠠᠯ᠎ᠠ ᠠᠴᠠ ᠵᠣᠷᠢᠭᠵᠢᠭᠤᠯᠬᠤ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠦᠨᠳᠦᠰᠦᠨ | ᠱᠠᠲᠤᠨ ᠤ ᠬᠦᠯᠢᠶᠡᠰᠦ ᠶᠢ ᠦᠨᠡᠨ ᠬᠦ ᠰᠤᠯᠠᠯᠠᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠴᠢᠳᠠᠬᠤ ᠺᠠᠳ᠋ᠷ ᠢ ᠠᠵᠢᠯ | ᠬᠢᠵᠦ ᠴᠢᠳᠠᠬᠤ᠂ ᠠᠵᠢᠯ ᠪᠦᠲᠦᠭᠡᠵᠦ ᠳᠡᠶᠢᠯᠭᠦ ᠪᠤᠯᠭᠠᠬᠤ ᠬᠡᠷᠡᠭᠲᠡᠢ᠃ ᠢᠯᠵᠢᠷᠡᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠢᠳᠬᠡᠵᠦ᠂ ᠡᠷᠬᠡ ᠲᠡᠭᠰᠢ ᠲᠥᠪ | ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ᠂ ᠣᠪᠣᠷ ᠰᠤᠷᠲᠠᠯ ᠲᠥᠪ ᠴᠢᠬᠡᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠠᠲᠤᠯᠠᠬᠤ ᠬᠡᠷᠡᠭᠲᠡᠢ᠃ | ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠳᠡᠭᠡᠷ᠎ᠡ ᠱᠠᠲᠤᠨ ᠳᠤ ᠬᠢᠵᠦ ᠦᠵᠡᠭᠦᠯᠭᠦ ᠳᠤᠷ᠎ᠠ ᠲᠠᠢ᠂ ᠳᠣᠣᠷ᠎ᠠ ᠱᠠᠲᠤᠨ ᠳᠠᠭᠠᠨ ᠬᠠᠷᠢᠭᠤᠴᠠᠬᠤ | ᠦᠭᠡᠢ᠂ ᠪᠣᠳᠠᠲᠤ ᠦᠷ᠎ᠡ ᠪᠦᠲᠦᠮᠵᠢ ᠶᠢ ᠪᠣᠳᠣᠯᠬᠢᠯᠠᠬᠤ ᠦᠭᠡᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠬᠦ ᠬᠡᠷᠡᠭᠲᠡᠢ᠃ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠨᠡᠶᠢᠭᠡᠮ ᠤᠨ ᠠᠮᠤᠷ ᠲᠦᠪᠰᠢᠨ ᠤ ᠬᠡᠷᠡᠭ ᠢ | ᠪᠦᠲᠦᠮᠵᠢᠲᠡᠢ ᠪᠠᠷ ᠰᠡᠷᠭᠡᠶᠢᠯᠡᠨ ᠴᠠᠭ ᠲᠤᠬᠠᠢ ᠳᠤᠨᠢ ᠠᠷᠭᠠᠴᠠᠭᠠᠬᠤ ᠬᠡᠷᠡᠭᠲᠡᠢ᠃ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠥᠪᠡᠷᠮᠡᠲᠡᠭᠡᠢ ᠦᠵᠡᠯ ᠢ | ᠡᠰᠡᠷᠭᠦᠴᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠢᠱᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠶᠢ ᠬᠥᠲᠥᠯᠥᠨ ᠵᠢᠯᠤᠭᠤᠳᠬᠤ ᠶᠢ ᠬᠠᠮᠵᠢᠯᠴᠠᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠥᠲᠥᠯᠥᠨ | ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠡᠭᠦᠨ ᠤ ᠬᠠᠮᠲᠤ᠂ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ ᠨᠠᠮ ᠤᠨ | ᠪᠠᠶᠢᠳᠠᠯ ᠨᠡᠶᠢᠭᠡᠮ ᠤᠨ ᠪᠠᠶᠢᠳᠠᠯ ᠢ ᠣᠨᠣᠪᠴᠢᠲᠠᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠤᠬᠠᠭᠠᠯᠠᠨ ᠲᠥᠯᠥᠪᠯᠡᠬᠦ ᠪᠠᠨ ᠴᠢᠩᠭᠠᠳᠬᠠᠨ᠂ ᠲᠥᠪ ᠤᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠣᠨ ᠤ ᠡᠴᠦᠰ ᠵᠢᠯ ᠤᠨ ᠡᠬᠢᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ | ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠪᠣᠯᠣᠨ ᠠᠶᠤᠯ ᠲᠦᠭᠰᠢᠭᠦᠷᠢ ᠭᠡᠮ ᠰᠣᠭᠤᠭ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠭᠦ ᠨᠠᠮ ᠪᠦᠭᠦ ᠤᠯᠤᠰ ᠪᠦᠭᠦ ᠨᠡᠶᠢᠭᠡᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠰᠤᠭᠠᠢ ᠭᠡᠵᠦ | ᠤᠷᠢᠶᠠᠯᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠭᠡᠰᠢᠭᠦᠨ ᠵᠡᠷᠭᠡ ᠬᠥᠮᠥᠰ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | |