ᠨᠢᠭᠡ ᠳᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠠᠯ᠎ᠠ ᠪᠠᠷ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠵᠢᠵᠢᠭ | ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢ ᠨᠡᠶᠢᠲᠡ 30.9 ᠳ᠋ᠦᠩᠰᠢᠭᠤᠷ ᠲᠥᠭᠦᠷᠢᠭ ᠭᠦᠢᠴᠡᠳᠬᠡᠵᠦ᠂ ᠪᠢᠯᠧᠲ ᠪᠠᠷᠢᠮᠳᠠ ᠪᠠᠷ ᠪᠡᠯᠡᠨ ᠵᠣᠭᠤᠰ | ᠰᠣᠯᠢᠬᠤ ᠶᠢ ᠨᠡᠶᠢᠲᠡ 10.3 ᠳ᠋ᠦᠩᠰᠢᠭᠤᠷ ᠲᠥᠭᠦᠷᠢᠭ ᠭᠦᠢᠴᠡᠳᠬᠡᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠢ ᠵᠢᠭᠡᠯᠡᠯᠭᠡ ᠪᠠᠷ ᠳᠡᠮᠵᠢᠬᠦ | ᠪᠠᠭᠠᠵᠢ ᠳᠤ ᠤᠷᠮᠠᠰᠢᠭᠤᠯᠬᠤ ᠪᠠᠯᠠ ᠮᠥᠩᠭᠦ ᠶᠢ ᠨᠡᠶᠢᠳᠡ 1895 ᠲᠦᠮᠡᠨ ᠲᠦᠭᠦᠷᠢᠭ ᠬᠦᠷᠳᠡᠭᠡᠵᠡᠢ︔ ᠨᠡᠶᠢᠲᠡ 103 ᠲᠦᠮᠡᠨ ᠡᠷᠦᠬᠡ ᠬᠡᠷᠡᠭᠯᠡᠭᠴᠢᠳ ᠲᠤ ᠬᠦᠦ | ᠮᠥᠩᠭᠦ᠂ ᠵᠢᠭᠡᠯᠡᠯᠭᠡ ᠶᠢᠨ ᠬᠠᠮᠢᠶ᠎ᠠ ᠪᠥᠬᠦᠶ ᠪᠠᠷᠢᠴᠠᠭᠠᠨ ᠤ ᠵᠠᠷᠤᠳᠠᠯ᠂ ᠦᠨᠡᠯᠡᠨ ᠵᠢᠱᠢᠬᠦ ᠵᠠᠷᠤᠳᠠᠯ ᠵᠡᠷᠭᠡ ᠵᠠᠷᠤᠳᠠᠯ ᠢ 1.03 ᠳ᠋ᠦᠩᠰᠢᠭᠤᠷ ᠲᠥᠭᠦᠷᠢᠭ ᠬᠠᠰᠤᠵᠤ | ᠬᠡᠯᠲᠦᠷᠢᠭᠦᠯᠪᠡ᠃ ᠬᠤᠶᠠᠷ ᠲᠤ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ | ᠲᠠᠯ᠎ᠠ ᠪᠠᠷ᠃ 10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠬᠦᠷᠢᠶᠡᠨ ᠳᠠᠬᠢ ᠵᠢᠭᠡᠯᠡᠯᠭᠡ ᠶᠢ ᠨᠡᠶᠢᠳᠡ 3. | 3 ᠳ᠋ᠦᠩᠰᠢᠭᠤᠷ ᠲᠥᠭᠦᠷᠢᠭ ᠢᠶᠠᠷ ᠲᠡᠮᠵᠢᠵᠦ᠂ ᠵᠢᠯ ᠤᠨ ᠡᠬᠢᠨ ᠤ ᠬᠢ ᠠᠴᠠ 0.39 ᠳ᠋ᠦᠩᠰᠢᠭᠤᠷ ᠲᠥᠭᠦᠷᠢᠭ ᠨᠡᠮᠡᠭᠳᠡᠪᠡ᠃ ᠭᠤᠷᠪᠠ ᠳᠤ ︽ᠲᠤᠯᠠᠭᠠᠯᠠᠭ᠎ᠠ ᠶᠢᠨ | ᠢᠨᠵᠧᠨᠧᠷᠢᠩ︾ ᠤᠨ ᠲᠠᠯ᠎ᠠ ᠪᠠᠷ᠃ 10 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ︽ᠲᠤᠯᠠᠭᠠᠯᠠᠭ᠎ᠠ ᠶᠢᠨ ᠢᠨᠵᠧᠨᠧᠷᠢᠩ︾ ᠤᠨ ᠬᠦᠷᠢᠶᠡᠨ ᠳᠤ ᠨᠡᠶᠢᠲᠡ 15.24 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠢᠳᠡᠭᠡᠮᠵᠢᠳᠦ ᠵᠢᠭᠡᠯᠡᠯᠭᠡ ᠶᠢᠨ ᠦᠯᠡᠳᠡᠪᠦᠷᠢ 29.49 ᠳ᠋ᠦᠩᠰᠢᠭᠤᠷ ᠲᠥᠭᠦᠷᠢᠭ ᠪᠣᠯᠪᠠ᠃ ᠳᠥᠷᠪᠡ ᠳᠤ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠃ ᠲᠦᠭᠰᠢᠭᠦᠷᠢ ᠶᠢ ᠪᠥᠬᠦ ᠲᠠᠯ᠎ᠠ ᠪᠠᠷ ᠰᠡᠷᠡᠮᠵᠢᠯᠡᠭᠦᠯᠵᠦ ᠬᠢᠨᠠᠨ ᠡᠵᠡᠮᠳᠡᠬᠦ ᠲᠠᠪᠴᠠᠩ | ᠵᠢᠴᠢ ᠵᠢᠭᠡᠯᠡᠯᠭᠡ ᠲᠠᠯᠪᠢᠭᠰᠠᠨ ᠤ ᠳᠠᠷᠠᠭᠠᠬᠢ ᠪᠠᠶᠢᠴᠠᠭᠠᠬᠤ ᠪᠠ ᠮᠡᠳᠡᠭᠦᠯᠬᠦ ︵ᠪᠠᠩᠬᠢ ᠠᠴᠠ ᠬᠤᠪᠢ ᠬᠦᠮᠥᠨ ᠳᠤ ᠦᠢᠯᠡᠴᠢᠯᠡᠬᠦ︶ ᠬᠤᠶᠠᠷ ᠰᠢᠰᠲ᠋ᠧᠮ ᠢᠶᠠᠷ | ᠳᠠᠮᠵᠢᠭᠤᠯᠤᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ ᠰᠢᠨᠵᠢᠬᠦ᠂ ᠬᠠᠮᠢᠶᠠᠷᠬᠤ ᠭᠤᠭᠴᠤᠭᠠᠨ ᠳᠠᠬᠢ ᠢᠲᠡᠭᠡᠮᠵᠢ ᠶᠢᠨ ᠦᠢᠯᠡᠳᠦᠯ ᠢ | ᠪᠠᠳᠠᠷᠠᠭᠤᠯᠵᠤ᠂ ᠮᠥᠷᠳᠡᠵᠦ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠴᠢᠩᠭᠠᠳᠬᠠᠪᠠ᠃ ᠲᠠᠪᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ ᠤᠨ ᠲᠠᠯ᠎ᠠ ᠪᠠᠷ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ︵ | ᠪᠢᠯᠧᠲ ᠪᠠᠷᠢᠮᠳᠠ ᠪᠠᠷ ᠪᠡᠯᠡᠨ ᠵᠣᠭᠤᠰ ᠰᠣᠯᠢᠬᠤ ᠶᠢ ᠪᠠᠭᠲᠠᠭᠠᠨ᠎ᠠ︶ ᠨᠡᠶᠢᠲᠡ 68.4 ᠳ᠋ᠦᠩᠰᠢᠭᠤᠷ ᠲᠥᠭᠦᠷᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠪᠦᠬᠦᠢ ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠶᠢᠨ ᠦᠯᠡᠳᠡᠪᠦᠷᠢ ︵ᠪᠢᠯᠧᠲ ᠪᠠᠷᠢᠮᠳᠠ ᠪᠠᠷ ᠪᠡᠯᠡᠨ ᠵᠣᠭᠤᠰ ᠰᠣᠯᠢᠬᠤ ᠶᠢ ᠪᠠᠭᠲᠠᠭᠠᠨ᠎ᠠ︶ 74 | ᠳ᠋ᠦᠩᠰᠢᠭᠤᠷ ᠲᠥᠭᠦᠷᠢᠭ ᠲᠤ ᠬᠦᠷᠴᠡᠢ᠃ ᠵᠢᠷᠭᠤᠭ᠎ᠠ ᠳᠤ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠤᠨ ᠲᠠᠯ᠎ᠠ ᠪᠠᠷ᠃ 10 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 179 ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠪᠠᠯᠠ ᠮᠦᠩᠭᠦᠨ ᠤ ᠬᠦᠯᠢᠶᠡᠵᠦ ᠠᠪᠬᠤ | ᠪᠠ ᠵᠠᠷᠤᠵᠤ ᠭᠠᠷᠭᠠᠬᠤ ᠦᠢᠯᠡᠴᠢᠯᠡᠭᠡ ᠳᠤ ᠨᠡᠶᠢᠳᠡ 8.24 ᠳ᠋ᠦᠩᠰᠢᠭᠤᠷ ᠳ᠋ᠣᠯᠯᠠᠷ ᠬᠠᠩᠭᠠᠭᠰᠠᠨ ᠪᠠᠶᠢᠨ᠎ᠠ᠃ ︵ᠮᠧᠩ ᠱᠠᠩ ᠪᠠᠩᠬᠢ︶ | |