ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠢᠨ ᠬᠢᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠳᠡᠶᠢᠯᠬᠦ | ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠠᠯᠠᠰᠲᠤ ᠴᠠᠬᠢᠭᠤᠷ ᠭᠡᠷᠡᠯᠴᠢ ᠴᠡᠨᠡᠭ ᠤᠨ 20 ᠠᠵᠤ ᠠᠬᠤᠶᠢᠯᠠᠯ᠂ ᠡᠨᠧᠷᠭᠢ ᠨᠥᠭᠡᠴᠡᠯᠡᠬᠦ 8 ᠠᠵᠤ ᠠᠬᠤᠢᠯᠠᠯ ᠢ | ᠬᠠᠪᠰᠤᠷᠤᠨ ᠬᠠᠩᠭᠠᠯᠭ᠎ᠠ ᠬᠡᠷᠡᠭᠴᠡᠭᠡ ᠶᠢᠨ ᠨᠠᠷᠢᠨ ᠳᠠᠩᠰᠠ ᠪᠠᠶᠢᠭᠤᠯᠵᠤ᠂ ᠵᠥᠩ ᠬᠠᠩ ᠷᠥᠩ ᠾᠧ᠂ ᠸᠧ ᠯᠦᠩ᠂ ᠬᠠᠢ ᠪᠦᠸᠧ ᠰᠧ ᠴᠤᠸᠠᠩ᠂ ᠬᠤᠢ ᠴᠤᠸᠠᠨ | ᠵᠡᠷᠭᠡ ᠠᠵᠤ ᠠᠬᠤᠶᠢᠯᠠᠯ ᠤᠳ ᠬᠠᠪᠰᠤᠷᠴᠤ ᠲᠤᠰ ᠲᠤᠰ 400 ᠮᠧᠭ᠎ᠠ ᠺᠢᠯᠣᠸᠠᠲ ᠴᠠᠭ᠂ 1500 ᠮᠧᠭ᠎ᠠ ᠺᠢᠯᠣᠸᠠᠲ ᠴᠠᠭ᠂ 680 ᠮᠧᠭ᠎ᠠ ᠺᠢᠯᠣᠸᠠᠲ ᠴᠠᠭ᠂ | 480 ᠮᠧᠭ᠎ᠠ ᠺᠢᠯᠣᠸᠠᠲ ᠴᠠᠭ ᠤᠨ ᠵᠠᠬᠢᠶᠠᠯᠠᠭ᠎ᠠ ᠶᠢᠨ ᠳᠠᠩᠰᠠᠨ ᠳᠤ ᠭᠠᠷ ᠤᠨ ᠦᠰᠦᠭ ᠵᠢᠷᠤᠭᠤᠯᠵᠤ᠂ ᠮᠢᠩ ᠶᠠᠩ᠂ ᠰᠢᠶᠧ ᠰᠢᠨ᠂ ᠱᠤᠸᠠᠩ ᠯᠢᠶᠠᠩ ᠵᠡᠷᠭᠡ ᠠᠵᠤ | ᠠᠬᠤᠶᠢᠯᠠᠯ ᠤᠳ ᠢ ᠭᠤᠷᠪᠠᠨ ᠬᠠᠪᠴᠢᠯ ᠪᠦᠯᠦᠭᠯᠡᠯ ᠯᠦᠭᠡ 1000 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠬᠤᠳᠠᠯᠳᠤᠨ ᠠᠪᠬᠤ | ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠬᠤ ᠶᠢ ᠨᠢ ᠠᠬᠢᠭᠤᠯᠵᠤ᠂ ᠮᠢᠩ ᠶᠠᠩ᠂ ᠶᠢᠨ ᠹᠧᠩ᠂ ᠵᠢᠩ ᠣᠥ᠂ ᠱᠤᠸᠠᠩ ᠯᠢᠶᠠᠩ ᠵᠡᠷᠭᠡ ᠠᠵᠤ | ᠠᠬᠤᠶᠢᠯᠠᠯ ᠤᠳ ᠨᠢ ᠭᠤᠷᠪᠠᠨ ᠬᠠᠪᠴᠢᠯ᠂ ᠭᠦᠸᠧ ᠳ᠋ᠢᠶᠠᠨ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 471 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ᠂ 444 ᠲᠦᠮᠡᠨ ᠺᠢᠯᠣᠸᠠᠲ ᠤᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠳᠠᠭᠠᠭᠠᠴᠢᠯᠠᠯᠲᠠ ᠶᠢ ᠣᠯᠵᠤ᠂ ᠬᠠᠢ | ᠪᠦᠸᠧ ᠰᠧ ᠴᠤᠸᠠᠩ᠂ ᠸᠧ ᠯᠥᠩ ᠵᠡᠷᠭᠡ ᠠᠵᠤ ᠠᠬᠤᠶᠢᠯᠠᠯ ᠤᠳ ᠨᠢ ᠬᠤᠸᠠ ᠳ᠋ᠢᠶᠠᠨ᠂ ᠪᠤᠭᠤᠲᠤ ᠶᠢᠨ ᠬᠥᠩᠭᠡᠨ ᠴᠠᠭᠠᠨ ᠤ ᠪᠦᠯᠦᠭᠯᠡᠯ ᠵᠡᠷᠭᠡ ᠠᠵᠤ | ᠠᠬᠤᠶᠢᠯᠠᠯ ᠤᠨ ᠲᠥᠷᠥᠯ ᠵᠦᠢᠯ ᠪᠣᠯᠬᠤ 40.5 ᠲᠦᠮᠡᠨ ᠺᠢᠯᠣᠸᠠᠲ / 162 ᠲᠦᠮᠡᠨ ᠺᠢᠯᠣᠸᠠᠲ ᠴᠠᠭ ᠤᠨ ᠡᠨᠧᠷᠭᠢ ᠨᠥᠭᠡᠴᠡᠯᠡᠬᠦ ᠵᠠᠬᠢᠶᠠᠯᠠᠭ᠎ᠠ ᠶᠢᠨ ᠳᠠᠩᠰᠠ ᠶᠢᠨ | ᠳᠠᠭᠠᠭᠠᠴᠢᠯᠠᠯᠲᠠ ᠶᠢ ᠣᠯᠵᠤ᠂ ᠬᠤᠢ ᠴᠤᠸᠠᠨ ᠬᠢᠭᠡᠳ ᠬᠤᠸᠠ ᠨᠧᠩ ᠬᠤᠶᠠᠷ ᠪᠦᠯᠦᠭᠯᠡᠯ ᠤᠨ 8 ᠲᠦᠮᠡᠨ ᠺᠢᠯᠣᠸᠠᠲ ᠴᠠᠭ / 48 ᠲᠦᠮᠡᠨ ᠺᠢᠯᠣᠸᠠᠲ ᠴᠠᠭ ᠤᠨ | ᠬᠠᠮᠲᠤᠷᠠᠯᠴᠠᠭᠠᠨ ᠤ ᠰᠠᠨᠠᠮᠵᠢ ᠲᠣᠬᠢᠷᠠᠯᠴᠠᠬᠤ ᠶᠢ ᠨᠢ ᠠᠬᠢᠭᠤᠯᠪᠠ᠃ ︵ᠪᠤᠭᠤᠲᠤ ᠬᠤᠲᠠ ᠶᠢᠨ ᠵᠠᠰᠠᠭ ᠤᠨ ᠣᠷᠳᠣᠨ︶ | |