ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2024︺ 28 ᠳ᠋ᠤᠭᠠᠷ ᠲᠣᠭᠠᠲᠤ | ᠮᠠᠰᠢᠨᠲᠤ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠮᠠᠰᠢᠨᠲᠤ ᠲᠡᠷᠭᠡᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠵᠦ᠂ ᠮᠠᠨ ᠤ ᠣᠷᠣᠨ ᠤ ᠮᠠᠰᠢᠨᠲᠤ ᠲᠡᠷᠭᠡᠨ ᠤ ᠬᠡᠷᠡᠭᠯᠡᠭᠡ ᠶᠢ ᠤᠯᠠᠮ | ᠨᠢᠭᠡ ᠠᠯᠬᠤᠮ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 1 ᠳ᠋ᠦᠩᠰᠢᠭᠤᠷ ᠲᠥᠭᠦᠷᠢᠭ ᠲᠣᠬᠢᠷᠠᠭᠤᠯᠵᠤ 2024 ᠣᠨ ᠤ 6 ᠳ᠋ᠤᠭᠠᠷ ᠰᠠᠷ᠎ᠠ ᠶᠢᠨ 1 ᠤ | ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ ᠬᠤᠭᠤᠷᠣᠨᠳᠤ ᠡᠭᠦᠰᠦᠭᠰᠡᠨ ᠪᠥᠭᠡᠳ ᠱᠠᠭᠠᠷᠳᠠᠯᠭ᠎ᠠ ᠳᠤ ᠨᠡᠶᠢᠴᠡᠭᠰᠡᠨ | ᠬᠡᠷᠡᠭᠯᠡᠭᠴᠢᠳ ᠤᠨ ᠲᠡᠷᠭᠡ ᠬᠤᠳᠠᠯᠳᠤᠨ ᠠᠪᠬᠤ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠠᠮ ᠬᠦᠦ ᠮᠥᠩᠭᠦ ᠳᠤ ᠬᠡᠷᠡᠭᠯᠡᠨ᠎ᠡ᠃ ︵ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ | 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠴᠡᠭᠡᠲᠦ ᠠᠵᠢᠯ ᠤᠨ | ᠲᠡᠷᠭᠡ᠂ ᠲᠤᠰᠬᠠᠢ ᠬᠡᠷᠡᠭᠴᠡᠭᠡᠲᠦ ᠬᠦᠷᠳᠦᠲᠦ ᠮᠧᠬᠠᠨᠢᠭ ᠲᠡᠷᠭᠡᠨ ᠤ ᠲᠡᠷᠭᠡ ᠣᠩᠭᠤᠴᠠᠨ ᠤ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠳᠤ | ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠᠨ ᠤ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢᠨ 50% ᠪᠠᠷ ᠲᠠᠲᠠᠪᠤᠷᠢᠯᠠᠬᠤ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ | 2030 ᠣᠨ ᠪᠣᠯᠬᠤ ᠠᠴᠠ ᠡᠮᠦᠨ᠎ᠡ᠂ ᠬᠤᠶᠠᠷ ᠵᠦᠢᠯ ᠤᠨ ᠳᠦᠷᠢᠮᠲᠦ ᠴᠠᠬᠢᠯᠭᠠᠨ ᠤ ᠦᠨ᠎ᠡ ᠶᠢ ᠬᠡᠷᠡᠭᠵᠢᠭᠦᠯᠵᠦ ᠪᠠᠶᠢᠭ᠎ᠠ ᠲᠥᠪᠯᠡᠷᠡᠩᠭᠦᠢ ᠪᠠᠷ ᠴᠠᠬᠢᠯᠭᠠᠨ | ᠴᠡᠨᠡᠭᠯᠡᠬᠦ ᠪᠡᠯᠡᠳᠬᠡᠮᠵᠢ ᠪᠠᠷ ᠴᠠᠬᠢᠯᠭᠠᠨ ᠬᠡᠷᠡᠭᠯᠡᠬᠦ ᠳᠤ ᠬᠡᠷᠡᠭᠰᠡᠬᠦ ᠬᠡᠮᠵᠢᠶᠡᠨ ︵ᠪᠠᠭᠲᠠᠭᠠᠮᠵᠢ︶ ᠤ ᠴᠠᠬᠢᠯᠭᠠᠨ ᠤ ᠵᠠᠷᠤᠳᠠᠯ ᠢ ᠬᠡᠯᠲᠦᠷᠢᠭᠦᠯᠦᠨ᠎ᠡ᠃ ︹ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ | ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︺ | ᠳᠥᠷᠪᠡ᠂ ᠰᠢᠨ᠎ᠡ ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠨ᠎ᠡ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠴᠠᠬᠢᠯᠭᠠᠨ | ᠴᠡᠨᠡᠭᠯᠡᠬᠦ ︵ᠵᠠᠯᠭᠠᠬᠤ︶ ᠬᠡᠯᠪᠡᠷᠢ ᠶᠢᠨ ᠰᠢᠨ᠎ᠡ ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠬᠤᠳᠠᠯᠳᠤᠨ ᠠᠪᠤᠪᠠᠯ᠂ ᠮᠠᠰᠢᠨ ᠲᠡᠷᠭᠡ ᠪᠦᠷᠢ ᠳᠤ 4 ᠲᠦᠮᠡᠨ | ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠡᠮᠡᠭᠦᠷᠢ ᠣᠯᠭᠤᠨ᠎ᠠ︔ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠴᠡᠨᠡᠭ ᠰᠣᠯᠢᠬᠤ ᠬᠡᠯᠪᠡᠷᠢ ᠶᠢᠨ ᠰᠢᠨ᠎ᠡ | ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠬᠤᠳᠠᠯᠳᠤᠨ ᠠᠪᠤᠪᠠᠯ᠂ ᠮᠠᠰᠢᠨ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ | ᠤᠳᠠᠭ᠎ᠠ ᠳᠤ ᠨᠡᠮᠡᠭᠦᠷᠢ ᠣᠯᠭᠤᠨ᠎ᠠ︔ ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠᠷ ᠪᠣᠳᠣᠵᠤ᠂ ᠰᠢᠲᠠᠭᠠᠯᠭ᠎ᠠ ᠶᠢᠨ | ᠲᠣᠰᠣ ︵ᠰᠢᠲᠠᠮᠠᠬᠠᠢ ᠬᠡᠢ︶ ᠰᠢᠲᠠᠭᠠᠬᠤ ᠲᠣᠭᠤᠷᠢᠯᠭ᠎ᠠ ᠲᠦᠷᠢᠶᠡᠰᠦᠨ ᠮᠠᠰᠢᠨ ᠢ ᠬᠡᠷᠡᠭᠯᠡᠭᠡᠨ ᠠᠴᠠ ᠭᠠᠷᠭᠠᠬᠤ ᠬᠤᠭᠤᠴᠠᠭ᠎ᠠ ᠲᠤᠯᠬᠤ ᠠᠴᠠ ᠡᠮᠦᠨ᠎ᠡ 12 | ᠰᠠᠷ᠎ᠠ ᠠᠴᠠ ᠢᠯᠡᠭᠦᠦ ᠶᠢᠨ ᠵᠠᠢ ᠳᠤ ᠤᠷᠢᠳᠴᠢᠯᠠᠭᠠᠳ ᠰᠢᠨ᠎ᠡ ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠪᠣᠯᠭᠠᠨ ᠰᠢᠨᠡᠳᠬᠡᠪᠡᠯ᠂ ᠮᠠᠰᠢᠨ ᠲᠡᠷᠭᠡ ᠪᠦᠷᠢ ᠳᠤ | 0.5 ᠲᠦᠮᠡᠨ ᠲᠥᠭᠦᠷᠢᠭ ᠨᠡᠮᠡᠵᠦ ᠱᠠᠩᠨᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠢ ᠳᠡᠮᠵᠢᠨ᠎ᠡ | ᠡᠯ᠎ᠡ ᠭᠠᠵᠠᠷ ᠣᠷᠣᠨ ᠤ ᠬᠢᠨ ᠲᠠᠯᠠᠪᠤᠷ ᠭᠠᠵᠠᠷ ᠤᠨ ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠮᠠᠰᠢᠨ ᠲᠡᠷᠭᠡ | ᠪᠣᠷᠣᠯᠠᠭᠤᠯᠬᠤ ᠠᠵᠤ ᠠᠬᠤᠶᠢᠯᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠬᠦ ᠶᠢ ᠳᠡᠮᠵᠢᠵᠦ᠂ ᠮᠠᠰᠢᠨ ᠲᠡᠷᠭᠡᠨ ᠤ ᠨᠡᠷᠡᠲᠦ ᠲᠡᠮᠳᠡᠭ ᠤᠨ 4S ᠳᠡᠯᠭᠡᠭᠦᠷ ᠪᠠᠶᠢᠭᠤᠯᠬᠤ | ᠪᠡᠯᠡ ᠮᠥᠩᠭᠦᠨ ᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠲᠤᠬᠠᠢ ᠶᠢᠨ ᠭᠠᠵᠠᠷ ᠤᠨ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ︵ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠵᠢᠷᠭᠤᠭ᠎ᠠ᠂ ᠮᠠᠰᠢᠨ ᠲᠡᠷᠭᠡ ᠳᠠᠩᠰᠠᠯᠠᠨ ᠲᠡᠮᠳᠡᠭᠯᠡᠬᠦ ᠦᠢᠯᠡᠴᠢᠯᠡᠭᠡᠨ ᠳᠤ ᠳᠦᠭᠦᠮ ᠦᠵᠡᠭᠦᠯᠦᠨ᠎ᠡ | ᠪᠠᠶᠢᠴᠠᠭᠠᠨ ᠰᠢᠯᠭᠠᠬᠤ᠂ ᠫᠠᠶᠢᠰᠠ ᠠᠪᠬᠤ᠂ ᠳᠠᠭᠠᠳᠬᠠᠯ ᠳᠤ ᠣᠷᠣᠯᠴᠠᠬᠤ ᠵᠡᠷᠭᠡ ᠳᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠶᠡᠷᠦᠩᠬᠡᠶᠢᠯᠡᠭᠰᠡᠨ | ᠦᠢᠯᠡᠴᠢᠯᠡᠭᠡ ᠶᠢ ᠬᠡᠷᠡᠭᠵᠢᠭᠦᠯᠵᠦ᠂ ᠦᠢᠯᠡᠴᠢᠯᠡᠬᠦ ᠴᠠᠭ ᠢᠶᠠᠨ ᠤᠷᠲᠤᠳᠬᠠᠬᠤ᠂ ᠲᠣᠣᠷ ᠴᠡᠭ ᠨᠡᠮᠡᠨ ᠲᠣᠬᠢᠷᠠᠭᠤᠯᠬᠤ ᠪᠠᠷ ᠳᠠᠮᠵᠢᠭᠤᠯᠤᠨ ᠬᠡᠷᠡᠭᠯᠡᠭᠴᠢᠳ ᠤᠨ ᠣᠶᠢᠷ᠎ᠠ | ᠬᠠᠪᠢ ᠳᠤ ᠪᠠᠨ ᠲᠡᠷᠭᠡ ᠬᠥᠰᠬᠡ ᠳᠠᠩᠰᠠᠯᠠᠨ ᠲᠡᠮᠳᠡᠭᠯᠡᠭᠦᠯᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠬᠡᠷᠡᠭᠯᠡᠭᠡ ᠶᠢᠨ ᠥᠪᠡᠷᠮᠢᠴᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠫᠠᠶᠢᠰᠠ ᠡᠯᠭᠦᠨ ᠳ᠋ᠤᠭᠠᠷ ᠰᠣᠩᠭᠤᠬᠤ ᠳᠤ ᠥᠪᠡᠷ ᠢᠶᠠᠨ ᠳ᠋ᠤᠭᠠᠷᠯᠠᠵᠤ | ᠥᠪᠡᠷ ᠢᠶᠠᠨ ᠰᠣᠩᠭᠤᠬᠤ ᠪᠤᠶᠤ ᠲᠠᠰᠢᠷᠠᠮ ᠢᠶᠠᠷ ᠰᠣᠩᠭᠤᠬᠤ ᠠᠷᠭ᠎ᠠ ᠮᠠᠶ᠋ᠢᠭ ᠢ ᠬᠡᠷᠡᠭᠯᠡᠵᠦ ᠪᠣᠯᠣᠨ᠎ᠠ᠃ ᠠᠵᠤ ᠠᠬᠤᠶᠢᠯᠠᠯ ᠲᠥᠪᠯᠡᠷᠡᠩᠭᠦᠢ ᠪᠠᠷ ᠪᠤᠶᠤ ᠬᠤᠪᠢ | ᠬᠥᠮᠥᠨ ᠲᠡᠷᠭᠡ ᠬᠥᠰᠬᠡ ᠬᠤᠳᠠᠯᠳᠤᠨ ᠠᠪᠬᠤ ᠭᠤᠶᠤᠴᠢᠯᠠᠯ ᠳᠤᠷᠠᠳᠪᠠᠯ᠂ ᠡᠭᠦᠳᠡ ᠪᠣᠱᠤᠭᠠᠳᠠᠨ ᠬᠦᠷᠴᠦ ᠲᠡᠷᠭᠡ ᠬᠥᠰᠬᠡ ᠪᠠᠶᠢᠴᠠᠭᠠᠨ ᠰᠢᠯᠭᠠᠬᠤ ᠦᠢᠯᠡᠴᠢᠯᠡᠭᠡ | ᠬᠠᠩᠭᠠᠵᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶ | ᠳᠣᠯᠤᠭ᠎ᠠ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠨ᠎ᠠ | ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠵᠠᠭᠠᠯᠳᠤᠯᠭ᠎ᠠ ᠶᠢᠨ ᠮᠡᠳᠡᠭᠡ ᠵᠠᠩᠭᠢ ᠶᠢᠨ ︽ᠤᠯᠠᠭᠠᠨ ᠬᠠᠷ᠎ᠠ ᠰᠠᠮᠪᠠᠷ᠎ᠠ︾ ᠶᠢᠨ ᠢᠯᠡ | ᠨᠡᠶᠢᠲᠡᠯᠡᠬᠦ ᠠᠵᠢᠯ ᠢ ᠥᠷᠨᠢᠭᠦᠯᠵᠦ᠂ ᠳᠣᠯᠣᠭᠠᠨ ᠬᠤᠨᠤᠭ ᠲᠤ ᠰᠢᠯᠲᠠᠭᠠᠨ ᠦᠭᠡᠢ ᠪᠠᠷ ᠪᠣᠯᠵᠣᠭᠠᠨ ᠤ ᠮᠥᠩᠭᠦ ︵ᠵᠠᠬᠢᠶᠠᠯᠠᠭ᠎ᠠ︶ ᠪᠤᠴᠠᠭᠠᠬᠤ ᠶᠢ ᠠᠮᠠᠯᠳᠠᠭᠰᠠᠨ | ᠨᠢᠭᠡᠴᠢ ᠪᠠ ᠭᠠᠷ ᠳᠠᠮᠵᠢᠭᠰᠠᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠦᠨᠡᠨᠴᠢ ᠢᠲᠡᠭᠡᠮᠵᠢᠲᠡᠢ ᠬᠡᠷᠡᠭᠯᠡᠭᠡ ᠶᠢᠨ ᠵᠢᠱᠢᠶ᠎ᠡ ᠦᠵᠡᠭᠦᠯᠬᠦ | ᠨᠢᠭᠡᠴᠢ ᠨᠦᠭᠦᠳ ᠢ ᠡᠭᠦᠳᠦᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | | 2024 ᠣᠨ ᠤ 6 ᠳ᠋ᠤᠭᠠᠷ ᠰᠠᠷ᠎ᠠ ᠶᠢᠨ 13 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 6 ᠳ᠋ᠤᠭᠠᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ | |