ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2024 ︺ 47 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ︾ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 11 ᠳ᠋ᠦ᠋ᠭᠡᠷ ᠰᠠᠷ᠎ᠠ ᠶᠢᠨ 10 ᠤ ᠡᠳᠦᠷ | ︵ᠳᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ | ᠳᠣᠣᠷ᠎ᠠ ᠠᠭᠠᠷ ᠤᠨ ᠣᠷᠣᠨ ᠪᠣᠯ ᠳᠣᠣᠷ᠎ᠠ ᠠᠭᠠᠷ ᠤᠨ ᠠᠵᠤ ᠠᠬᠤᠢ ᠪᠠ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠢ ᠬᠥᠭᠵᠢᠭᠦᠯᠬᠦ ᠶᠢᠨ | ᠰᠠᠭᠤᠷᠢ ᠪᠣᠯᠣᠨ᠎ᠠ᠃ ᠪᠥᠬᠦ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠳᠣᠣᠷ᠎ᠠ ᠠᠭᠠᠷ ᠤᠨ ᠨᠢᠰᠦᠯᠲᠡ ᠶᠢᠨ ᠠᠮᠤᠷ ᠲᠦᠪᠰᠢᠨ ᠰᠢᠭᠤᠳ ᠰᠢᠯᠤᠭᠤᠨ ᠪᠠ ᠥᠨᠳᠥᠷ | ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠠᠭᠠᠷ ᠤᠨ ᠣᠷᠣᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠂ ᠳᠣᠣᠷ᠎ᠠ ᠠᠭᠠᠷ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ | ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠭᠤᠷᠪᠠᠨ ᠲᠠᠯ᠎ᠠ ᠶᠢᠨ ᠬᠠᠮᠵᠢᠯᠴᠠᠨ ᠬᠠᠮᠢᠶᠠᠷᠬᠤ | ᠲᠣᠭᠲᠠᠴᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠳᠣᠣᠷ᠎ᠠ ᠠᠭᠠᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠬᠤ ᠪᠠᠷ ᠲᠦᠰᠢᠭ ᠪᠣᠯᠭᠠᠵᠤ᠂ ᠴᠡᠷᠢᠭ ᠤᠨ ᠲᠠᠯ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠪᠠ ᠬᠡᠷᠡᠭᠯᠡᠭᠴᠢᠳ ᠤᠨ | ᠳᠣᠣᠷ᠎ᠠ ᠠᠭᠠᠷ ᠤᠨ ᠨᠢᠰᠦᠯᠲᠡ ᠶᠢᠨ ᠬᠡᠷᠡᠭᠴᠡᠭᠡ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠳᠣᠣᠷ᠎ᠠ ᠠᠭᠠᠷ ᠤᠨ ᠣᠷᠣᠨ ᠢ ᠬᠥᠳᠡᠯᠦᠩᠭᠦᠢ ᠪᠠᠷ ᠬᠠᠮᠢᠶᠠᠷᠬᠤ᠂ | ᠠᠮᠢᠳᠤᠯᠢᠭ ᠢᠶᠠᠷ ᠬᠡᠷᠡᠭᠯᠡᠬᠦ ᠪᠠᠷ ᠵᠣᠷᠢᠯᠭ᠎ᠠ ᠪᠣᠯᠭᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠣᠯᠠᠨ ᠲᠠᠯ᠎ᠠ ᠪᠠᠷ ᠬᠠᠮᠵᠢᠯᠴᠠᠬᠤ᠂ ᠲᠥᠯᠦᠪᠵᠢᠭᠦᠯᠭᠡ ᠪᠠᠷ | ᠬᠥᠲᠥᠯᠥᠨ ᠵᠢᠯᠤᠭᠤᠳᠬᠤ᠂ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠨ ᠳᠠᠭᠠᠭᠤᠯᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠷᠴᠢᠮ ᠶᠣᠰᠣᠭᠠᠷ᠂ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠠᠭᠤᠷᠢ ᠪᠡᠯᠡᠳᠬᠡᠮᠵᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠪᠠᠶᠢᠷᠢᠰᠢᠭᠤᠯᠵᠤ᠂ | ᠳ᠋ᠠᠶᠢᠲ᠋ᠠ ᠶᠢᠨ ᠮᠡᠳᠡᠭᠡ ᠵᠠᠩᠭᠢ ᠶᠢᠨ ᠲᠠᠪᠴᠠᠩ ᠢ ᠤᠷᠢᠳ ᠢᠶᠠᠷ ᠪᠦᠲᠦᠭᠡᠨ ᠪᠠᠶᠢᠭᠤᠯᠵᠤ᠂ ᠠᠵᠢᠯᠯᠠᠭᠠᠨ ᠤ ᠳᠦᠷᠢᠮ ᠢ ᠵᠡᠷᠭᠡ ᠳᠤ ᠨᠢ ᠲᠡᠭᠦᠯᠳᠡᠷᠵᠢᠭᠦᠯᠦᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠲᠦᠷᠭᠡᠳᠬᠡᠨ ᠪᠤᠶᠢᠵᠢᠭᠤᠯᠤᠨ᠎ᠠ᠃ 2027 ᠣᠨ ᠪᠣᠯᠬᠤ ᠳᠤ᠂ ᠪᠥᠬᠦ ᠣᠷᠣᠨ ᠤ ᠳᠣᠣᠷ᠎ᠠ ᠠᠭᠠᠷ ᠤᠨ ᠣᠷᠣᠨ ᠢ ᠭᠦᠢᠴᠡᠳ | ᠴᠢᠯᠦᠭᠡᠲᠡᠢ ᠪᠣᠯᠭᠠᠵᠤ᠂ ᠥᠨᠳᠥᠷ ᠪᠦᠲᠦᠮᠵᠢᠲᠡᠶ ᠪᠠᠷ ᠠᠰᠢᠭᠯᠠᠨ᠂ ᠳᠣᠣᠷ᠎ᠠ ᠠᠭᠠᠷ ᠤᠨ ᠨᠢᠰᠦᠯᠲᠡ ᠶᠢᠨ ᠰᠠᠭᠤᠷᠢ ᠪᠡᠯᠡᠳᠬᠡᠮᠵᠢ ᠶᠢ ᠪᠦᠲᠦᠮᠵᠢᠲᠡᠶ ᠬᠠᠮᠤᠷᠴᠤ᠂ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠠᠵᠢᠯᠯᠠᠭᠤᠯᠤᠨ᠂ ᠲᠣᠭᠲᠠᠭᠠᠯ ᠳᠦᠷᠢᠮ ᠢ ᠪᠦᠷᠢᠨᠰᠢᠭᠦᠯᠦᠨ | ᠵᠢᠷᠤᠮᠵᠢᠭᠤᠯᠵᠤ᠂ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠭᠤᠷᠪᠠᠨ ᠲᠠᠯ᠎ᠠ ᠶᠢᠨ ᠳᠣᠣᠷ᠎ᠠ ᠠᠭᠠᠷ ᠤᠨ ᠣᠷᠣᠨ ᠤ ᠬᠠᠮᠵᠢᠯᠴᠠᠨ | ᠬᠠᠮᠢᠶᠠᠷᠬᠤ ᠲᠣᠭᠲᠠᠯᠴᠠᠭ᠎ᠠ ᠶᠢ ᠦᠨᠳᠦᠰᠦᠨ ᠳᠤ ᠪᠠᠨ ᠲᠡᠭᠦᠯᠳᠡᠷᠵᠢᠭᠦᠯᠦᠨ᠎ᠡ᠃ | ᠬᠤᠶᠠᠷ᠂ ᠠᠵᠢᠯ ᠤᠨ ᠡᠭᠦᠷᠭᠡ | ︵ᠨᠢᠭᠡ︶ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠴᠡᠷᠢᠭ ᠤᠨ | ᠲᠠᠯ᠎ᠠ᠂ ᠣᠷᠣᠨ ᠨᠤᠲᠤᠭ ᠤᠨ ᠵᠠᠰᠠᠭ ᠤᠨ ᠣᠷᠳᠣᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠠᠭᠠᠷ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠷᠭ᠎ᠠ ᠪᠠᠷᠢᠯ ᠤᠨ ᠪᠠᠶᠢᠭᠤᠯᠤᠯᠲᠠ ᠪᠠ ᠮᠡᠳᠡᠭᠡ ᠵᠠᠩᠭᠢ ᠶᠢᠨ ᠰᠣᠯᠢᠯᠴᠠᠭ᠎ᠠ ᠶᠢ ᠴᠢᠩᠭᠠᠳᠬᠠᠵᠤ᠂ ᠠᠭᠠᠷ ᠤᠨ ᠣᠷᠣᠨ ᠢ ᠬᠠᠮᠢᠶᠠᠷᠴᠤ | ᠵᠣᠬᠢᠴᠠᠭᠤᠯᠬᠤ ᠲᠣᠭᠲᠠᠴᠠ ︵ᠳᠣᠷᠣᠭᠰᠢ ᠵᠣᠬᠢᠴᠠᠭᠤᠯᠬᠤ ᠲᠣᠭᠲᠠᠴᠠ ᠭᠡᠵᠦ ᠲᠣᠪᠴᠢᠯᠠᠨ᠎ᠠ︶ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠶᠡᠷᠦᠩᠬᠡᠢ ᠬᠤᠷᠠᠯᠳᠤᠭᠤᠯᠤᠭᠴᠢ ᠶᠢᠨ ᠲᠤᠰᠢᠶᠠᠯ ᠢ ᠡᠭᠦᠷᠭᠡᠯᠡᠵᠦ᠂ ᠳᠡᠳ᠋ | ᠬᠤᠷᠠᠯᠳᠤᠭᠤᠯᠤᠭᠴᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ | ᠵᠢᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ | ᠬᠤᠷᠢᠶᠠᠨ ᠤ ᠠᠯᠪᠠᠨ ᠭᠡᠷ ᠪᠠ ᠬᠤᠶᠢᠲᠤ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ ᠱᠲ᠋ᠠᠪ ᠤᠨ | ᠭᠠᠵᠠᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰ ᠪᠦᠷᠢ 1 ᠤᠳᠤᠷᠢᠳᠤᠯᠭ᠎ᠠ ᠠᠴᠠ ᠡᠭᠦᠷᠭᠡᠯᠡᠵᠦ | ᠂ ᠳᠣᠣᠷ᠎ᠠ ᠠᠭᠠᠷ ᠤᠨ ᠣᠷᠣᠨ ᠢ ᠬᠠᠮᠵᠢᠯᠴᠠᠨ ᠬᠠᠮᠢᠶᠠᠷᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ ᠶᠢ ᠬᠠᠷᠢᠭᠤᠴᠠᠨ᠎ᠠ᠃ ᠵᠣᠬᠢᠴᠠᠭᠤᠯᠬᠤ ᠲᠣᠭᠲᠠᠴᠠ ᠶᠢᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠳᠤ ᠪᠠᠶᠢᠷᠢᠯᠠᠭᠤᠯᠵᠤ᠂ ᠡᠳᠦᠷ ᠲᠤᠲᠤᠮ ᠤᠨ ᠠᠵᠢᠯ ᠶᠠᠪᠤᠳᠠᠯ ᠢ ᠬᠠᠷᠢᠭᠤᠴᠠᠨ᠎ᠠ᠃ ᠡᠯ᠎ᠡ ᠠᠶᠢᠮᠠᠭ ᠬᠤᠲᠠ ᠨᠢ ︽ᠴᠡᠷᠢᠭ ᠠᠩᠭᠢ ᠣᠷᠣᠨ ᠨᠤᠲᠤᠭ | ᠠᠷᠠᠳ ᠤᠨ ᠠᠭᠠᠷ ᠤᠨ ᠲᠡᠭᠡᠭᠡᠪᠦᠷᠢ︾ ᠭᠤᠷᠪᠠᠨ ᠲᠠᠯ᠎ᠠ ᠶᠢᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ | ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2024 ᠣᠨ ᠤ 12 ᠳ᠋ᠤᠭᠠᠷ ᠰᠠᠷ᠎ᠠ︶ | ︵ᠬᠤᠶᠠᠷ︶ ᠳᠣᠣᠷ᠎ᠠ ᠠᠭᠠᠷ ᠤᠨ ᠣᠷᠣᠨ ᠢ ᠵᠦᠢ ᠵᠣᠬᠢᠰᠲᠠᠢ ᠬᠤᠪᠢᠶᠠᠷᠢᠯᠠᠨ ᠲᠣᠬᠢᠷᠠᠭᠤᠯᠤᠨ᠎ᠠ᠃ ᠲᠥᠪ ᠤᠨ ᠠᠭᠠᠷ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠬᠤᠷᠢᠶᠠᠨ ᠤ ᠠᠭᠠᠷ ᠤᠨ ᠣᠷᠣᠨ ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠵᠠᠷᠴᠢᠮ ᠶᠣᠰᠣᠭᠠᠷ᠂ ︽ᠴᠡᠷᠢᠭ ᠠᠩᠭᠢ ᠣᠷᠣᠨ | ᠨᠤᠲᠤᠭ ᠠᠷᠠᠳ︾ ᠤᠨ ᠠᠭᠠᠷ ᠤᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ᠂ ᠳᠣᠣᠷ᠎ᠠ ᠠᠭᠠᠷ ᠤᠨ ᠣᠷᠣᠨ ᠤ ᠡᠬᠢ ᠪᠠᠶᠠᠯᠢᠭ ᠢ | ᠪᠠᠶᠢᠴᠠᠭᠠᠨ ᠦᠨᠡᠯᠡᠨ ᠵᠢᠱᠢᠬᠦ ᠶᠢ ᠥᠷᠨᠢᠭᠦᠯᠵᠦ᠂ ᠬᠠᠮᠢᠶᠠᠷᠴᠤ ᠬᠡᠷᠡᠭᠯᠡᠵᠦ ᠪᠠᠶᠢᠭ᠎ᠠ ᠣᠳᠣᠬᠢ ᠪᠠᠶᠢᠳᠠᠯ᠂ ᠬᠡᠷᠡᠭᠴᠡᠭᠡ ᠱᠠᠭᠠᠷᠳᠠᠯᠭ᠎ᠠ ᠪᠠ ᠪᠠᠶᠢᠳᠠᠯ ᠢ ᠲᠣᠳᠣᠷᠬᠠᠢ | ᠣᠶᠢᠯᠠᠭᠠᠨ᠂ ᠳᠣᠣᠷ᠎ᠠ ᠠᠭᠠᠷ ᠤᠨ ᠣᠷᠣᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠳᠠᠯᠢ ᠪᠤᠰᠤ ᠠᠭᠠᠷ ᠤᠨ ᠣᠷᠣᠨ ᠤ ᠬᠠᠷᠢᠶᠠᠲᠤ ᠴᠢᠨᠠᠷ ᠤᠨ | ᠲᠥᠷᠥᠯ ᠢᠯᠭᠠᠯ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠂ 3000 ᠮᠧᠳ᠋ᠷ ᠠᠴᠠ ᠳᠣᠷᠣᠭᠰᠢᠬᠢ ᠥᠪᠡᠷᠲᠡᠭᠡᠨ ᠵᠠᠰᠠᠬᠤ ᠣᠷᠣᠨ ᠤ ᠪᠥᠬᠦ | ᠴᠠᠷᠠᠭ᠎ᠠ ᠶᠢᠨ ᠵᠠᠬᠢᠷᠤᠨ ᠬᠠᠮᠢᠶᠠᠷᠬᠤ᠂ ᠬᠢᠨᠠᠨ ᠠᠵᠢᠭᠯᠠᠬᠤ᠂ ᠮᠡᠳᠡᠭᠦᠯᠬᠦ ᠠᠭᠠᠷ ᠤᠨ ᠣᠷᠣᠨ ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠶᠢ ᠪᠡᠶᠡᠯᠡᠭᠦᠯᠵᠦ᠂ | ᠳᠣᠣᠷ᠎ᠠ ᠠᠭᠠᠷ ᠤᠨ ᠣᠷᠣᠨ ᠤ ᠠᠶᠠᠯᠠᠯ ᠤᠨ ᠱᠤᠭᠤᠮ ᠢ ᠨᠠᠷᠢᠯᠢᠭ ᠬᠤᠪᠢᠶᠠᠷᠢᠯᠠᠨ ᠲᠣᠬᠢᠷᠠᠭᠤᠯᠤᠨ᠎ᠠ︔ ᠠᠭᠠᠷ ᠤᠨ ᠣᠷᠣᠨ ᠤ ᠡᠬᠢ ᠪᠠᠶᠠᠯᠢᠭ ᠤᠨ ᠳᠠᠩᠰᠠ | ᠡᠪᠬᠡᠮᠡᠯ ᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠳᠣᠣᠷ᠎ᠠ ᠠᠭᠠᠷ ᠤᠨ ᠨᠢᠰᠦᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ | ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠃ ᠪᠡᠶᠡᠯᠡᠭᠦᠯᠬᠦ ᠴᠠᠭ | ᠬᠤᠭᠤᠴᠠᠭ᠎ᠠ᠄ 2025 ᠣᠨ ᠤ 12 ᠳ᠋ᠤᠭᠠᠷ ᠰᠠᠷ᠎ᠠ︶ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠤᠨ᠎ᠠ᠃ ᠪᠥᠬᠦ ᠣᠷᠣᠨ ᠤ ᠳᠣᠣᠷ᠎ᠠ ᠠᠭᠠᠷ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠵᠢᠴᠢ ᠠᠵᠢᠯᠯᠠᠭᠠᠨ ᠤ ᠬᠠᠮᠢᠶᠠᠷᠤᠯᠲᠠ᠂ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠴᠢᠮᠡᠭᠡ ᠬᠤᠯᠪᠣᠭ᠎ᠠ ᠶᠢᠨ | ᠬᠢᠨᠠᠯᠲᠠ ᠵᠡᠷᠭᠡ 3 ᠳᠡᠮᠵᠢᠬᠦ ᠰᠢᠰᠲ᠋ᠧᠮ ᠢ ᠪᠠᠶᠢᠭᠤᠯᠵᠤ᠂ ᠴᠡᠷᠢᠭ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠦᠯᠲᠡ ᠶᠢᠨ ᠬᠠᠮᠢᠶᠠᠷᠤᠯᠲᠠ᠂ ᠴᠢᠮᠡᠭᠡ ᠮᠡᠳᠡᠭᠡ᠂ | ᠠᠭᠠᠷ ᠤᠨ ᠠᠶᠠᠯᠠᠯ ᠤᠨ ᠴᠠᠭ ᠠᠭᠤᠷ ᠵᠡᠷᠭᠡ ᠰᠢᠰᠲ᠋ᠧᠮ ᠢ ᠬᠤᠯᠪᠤᠭᠠᠯᠠᠨ ᠨᠠᠪᠲᠠᠷᠡᠭᠦᠯᠵᠦ᠂ ᠳᠣᠣᠷ᠎ᠠ ᠠᠭᠠᠷ ᠤᠨ ᠨᠢᠰᠦᠯᠲᠡ ᠶᠢᠨ ᠡᠯ᠎ᠡ ᠰᠠᠯᠠᠭ᠎ᠠ ᠮᠥᠴᠢᠷ ᠨᠢᠭᠡᠴᠢ᠂ | ᠡᠯ᠎ᠡ ᠭᠤᠭᠴᠤᠭ᠎ᠠ ᠶᠢ ᠨᠠᠪᠲᠠᠷᠡᠭᠦᠯᠵᠦ᠂ ᠳᠣᠣᠷ᠎ᠠ ᠠᠭᠠᠷ ᠤᠨ ᠨᠢᠰᠦᠯᠲᠡ ᠶᠢᠨ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠨ᠂ ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠴᠡᠷᠢᠭ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠴᠢ ᠪᠠ ᠳᠣᠣᠷ᠎ᠠ | ᠠᠭᠠᠷ ᠤᠨ ᠬᠡᠷᠡᠭᠯᠡᠭᠴᠢᠳ ᠲᠤ ᠬᠢᠨᠠᠨ ᠵᠥᠪᠰᠢᠶᠡᠷᠡᠭᠦᠯᠵᠦ ᠮᠡᠳᠡᠭᠦᠯᠦᠨ ᠳᠠᠩᠰᠠᠯᠠᠭᠤᠯᠬᠤ ᠶᠢ ᠲᠥᠪᠯᠡᠷᠡᠭᠦᠯᠦᠨ ᠭᠦᠢᠴᠡᠳᠬᠡᠵᠦ᠂ ᠴᠢᠮᠡᠭᠡ ᠬᠤᠯᠪᠣᠭ᠎ᠠ ᠶᠢ ᠬᠢᠨᠠᠨ | ᠠᠵᠢᠭᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠵᠢᠯᠣᠭᠤᠴᠢ ᠦᠭᠡᠢ ᠨᠢᠰᠬᠡᠯ ᠢᠶᠠᠷ ᠬᠢᠨᠠᠨ ᠬᠠᠮᠢᠶᠠᠷᠬᠤ ᠵᠡᠷᠭᠡ ᠨᠢᠭᠡ ᠴᠣᠭᠴᠠᠵᠢᠭᠤᠯᠤᠭᠰᠠᠨ | ᠨᠢᠰᠦᠯᠲᠡ ᠶᠢᠨ ᠦᠢᠯᠡᠴᠢᠯᠡᠭᠡ ᠶᠢ ᠬᠠᠩᠭᠠᠵᠤ᠂ ᠳᠣᠣᠷ᠎ᠠ ᠠᠭᠠᠷ ᠤᠨ ᠣᠷᠣᠨ ᠤ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠢ ᠳᠤ ᠨᠢ ᠬᠠᠮᠲᠤ ᠪᠠᠷ ᠬᠦᠷᠲᠡᠵᠦ᠂ | ᠠᠭᠠᠷ ᠤᠨ ᠣᠷᠣᠨ᠂ ᠠᠭᠠᠷ ᠤᠨ ᠠᠶᠠᠯᠠᠯ ᠤᠨ ᠱᠤᠭᠤᠮ ᠢ ᠨᠢᠭᠡᠳᠦᠯᠲᠡᠢ ᠬᠤᠪᠢᠶᠠᠷᠢᠯᠠᠵᠤ᠂ ᠳᠣᠣᠷ᠎ᠠ ᠠᠭᠠᠷ ᠤᠨ ᠣᠷᠣᠨ ᠢ ᠠᠳᠠᠯᠢ ᠪᠤᠰᠤ ᠴᠠᠭ᠂ ᠠᠳᠠᠯᠢ ᠪᠤᠰᠤ | ᠥᠨᠳᠥᠷᠴᠡ ᠳᠤ ᠠᠮᠢᠳᠤᠯᠢᠭ ᠢᠶᠠᠷ ᠰᠣᠯᠢᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠃ ᠪᠡᠶᠡᠯᠡᠭᠦᠯᠬᠦ ᠴᠠᠭ | ᠬᠤᠭᠤᠴᠠᠭ᠎ᠠ᠄ 2025 ᠣᠨ ᠤ 12 ᠳ᠋ᠤᠭᠠᠷ ᠰᠠᠷ᠎ᠠ︶ | ︵ᠳᠥᠷᠪᠡ︶ ᠰᠠᠭᠤᠷᠢ ᠪᠡᠯᠡᠳᠬᠡᠮᠵᠢ ᠶᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠪᠠᠶᠢᠷᠢᠰᠢᠭᠤᠯᠤᠨ᠎ᠠ᠃ ᠳᠣᠣᠷ᠎ᠠ ᠠᠭᠠᠷ ᠤᠨ ᠰᠠᠭᠤᠷᠢ | ᠪᠡᠯᠡᠳᠬᠡᠮᠵᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠨᠢᠰᠦᠯᠲᠡ ᠶᠢᠨ ᠦᠢᠯᠡᠴᠢᠯᠡᠭᠡᠨ ᠤ ᠥᠷᠲᠡᠭᠡ᠂ | ᠵᠢᠯᠣᠭᠤᠴᠢ ᠦᠭᠡᠢ ᠨᠢᠰᠬᠡᠯ ᠤᠨ ᠨᠢᠰᠴᠦ ᠭᠠᠵᠠᠷᠳᠠᠬᠤ ᠲᠠᠯᠠᠪᠤᠷ ᠵᠡᠷᠭᠡ ᠪᠡᠯᠡᠳᠬᠡᠮᠵᠢ ᠶᠢ ᠡᠮᠬᠢ ᠵᠢᠷᠤᠮ ᠲᠠᠢ ᠪᠦᠲᠦᠭᠡᠨ ᠪᠠᠶᠢᠭᠤᠯᠵᠤ᠂ ᠳᠣᠣᠷ᠎ᠠ ᠠᠭᠠᠷ ᠤᠨ | ᠨᠢᠰᠦᠭᠦᠷ ᠤᠨ ᠨᠢᠰᠴᠦ ᠭᠠᠵᠠᠷᠳᠠᠬᠤ ᠬᠡᠷᠡᠭᠴᠡᠭᠡ ᠶᠢ ᠬᠠᠩᠭᠠᠨ᠎ᠠ᠃ ᠪᠠᠯᠠᠢ ᠣᠷᠣᠨ ᠳᠤ ᠳᠣᠬᠢᠶ᠎ᠠ ᠨᠥᠬᠦᠪᠦᠷᠢᠯᠡᠬᠦ ᠪᠡᠯᠡᠳᠬᠡᠮᠵᠢ ᠶᠢᠨ ᠲᠤᠭ᠎ᠠ ᠬᠡᠮᠵᠢᠶ᠎ᠡ ᠪᠠ ᠣᠷᠣᠨ | ᠪᠠᠶᠢᠷᠢ ᠶᠢ ᠲᠣᠳᠣᠷᠬᠠᠢ ᠣᠶᠢᠯᠠᠭᠠᠵᠤ᠂ ᠳᠣᠬᠢᠭᠤᠷ ᠲᠤᠯᠤᠭᠠᠨ ᠣᠲᠣ ᠶᠢᠨ ᠳ᠋ᠠᠶᠢᠲ᠋ᠠ ᠶᠢᠨ ᠬᠡᠯᠬᠢᠶ᠎ᠡ᠂ 5G᠂ 5G–A ᠵᠡᠷᠭᠡ ᠴᠢᠮᠡᠭᠡ ᠬᠤᠯᠪᠣᠭᠠᠨ ᠤ ᠮᠡᠷᠭᠡᠵᠢᠯ ᠢ | ᠠᠰᠢᠭᠯᠠᠨ᠂ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠬᠢᠨᠠᠨ ᠠᠵᠢᠭᠯᠠᠬᠤ᠂ ᠳᠣᠣᠷ᠎ᠠ ᠠᠭᠠᠷ ᠤᠨ ᠴᠠᠭ ᠠᠭᠤᠷ ᠵᠡᠷᠭᠡ ᠮᠡᠳᠡᠭᠡ ᠵᠠᠩᠭᠢ ᠶᠢᠨ ᠰᠠᠭᠤᠷᠢ | ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠬᠡᠷᠡᠭᠴᠡᠭᠡ ᠶᠣᠰᠣᠭᠠᠷ ᠳᠣᠣᠷ᠎ᠠ ᠠᠭᠠᠷ ᠲᠠᠬᠢ ᠴᠢᠮᠡᠭᠡ ᠬᠤᠯᠪᠣᠭ᠎ᠠ᠂ | ᠠᠶᠠᠯᠠᠯ ᠵᠠᠯᠠᠬᠤ᠂ ᠬᠢᠨᠠᠨ ᠠᠵᠢᠭᠯᠠᠬᠤ ᠶᠢ ᠪᠦᠲᠦᠮᠵᠢᠲᠡᠶ ᠪᠦᠷᠬᠦᠭᠦᠯᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ | ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠂ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ | ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠃ ᠪᠡᠶᠡᠯᠡᠭᠦᠯᠬᠦ ᠴᠠᠭ ᠬᠤᠭᠤᠴᠠᠭ᠎ᠠ᠄ 2026 ᠣᠨ ᠤ 12 ᠳ᠋ᠤᠭᠠᠷ ᠰᠠᠷ᠎ᠠ︶ | ︵ᠲᠠᠪᠤ︶ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠠᠵᠢᠯᠯᠠᠨ ᠡᠵᠡᠩᠨᠡᠬᠦ ᠬᠡᠪ ᠵᠠᠭᠪᠤᠷ ᠢ ᠪᠠᠶᠢᠭᠤᠯᠤᠨ᠎ᠠ᠃ ᠲᠤᠰᠬᠠᠢ ᠡᠵᠡᠩᠨᠡᠯᠲᠡ ᠬᠠᠮᠢᠶᠠᠷᠤᠯᠲᠠ ᠶᠢᠨ | ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠳᠣᠣᠷ᠎ᠠ ᠠᠭᠠᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠠᠵᠢᠯᠯᠠᠭᠤᠯᠤᠨ | ᠬᠠᠮᠠᠭᠠᠯᠠᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠭᠦᠢᠴᠡᠳ ᠠᠰᠢᠭᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ | ᠣᠷᠣᠭᠤᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠃ | ᠪᠡᠶᠡᠯᠡᠭᠦᠯᠬᠦ ᠴᠠᠭ ᠬᠤᠭᠤᠴᠠᠭ᠎ᠠ᠄ 2025 ᠣᠨ ᠤ 6 ᠳ᠋ᠤᠭᠠᠷ ᠰᠠᠷ᠎ᠠ︶ | ︵ᠵᠢᠷᠭᠤᠭ᠎ᠠ︶ ᠣᠷᠣᠨ ᠨᠤᠲᠤᠭ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ | ᠬᠠᠮᠵᠢᠯᠴᠠᠨ ᠠᠵᠢᠯᠯᠠᠬᠤ ᠳᠦᠷᠢᠮ᠂ ᠵᠢᠯᠣᠭᠤᠴᠢ ᠦᠭᠡᠢ ᠨᠢᠰᠬᠡᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠵᠡᠷᠭᠡ ᠬᠠᠤᠯᠢ ᠲᠣᠭᠲᠠᠭᠠᠯ ᠳᠦᠷᠢᠮ ᠢ | ᠨᠡᠶᠢᠲᠡᠯᠡᠬᠦ ᠶᠢ ᠠᠬᠢᠭᠤᠯᠵᠤ᠂ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠦᠢᠯᠡᠴᠢᠯᠡᠭᠡ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠃ ᠪᠡᠶᠡᠯᠡᠭᠦᠯᠬᠦ ᠴᠠᠭ ᠬᠤᠭᠤᠴᠠᠭ᠎ᠠ᠄ 2025 ᠣᠨ 12 ᠳ᠋ᠤᠭᠠᠷ ᠰᠠᠷ᠎ᠠ︶ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ | ᠪᠦᠬᠦᠢ ᠳᠡᠳ᠋ ᠲᠡᠷᠢᠭᠦᠯᠡᠭᠴᠢ ᠪᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ | ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ | ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠴᠡᠷᠢᠭ ᠠᠩᠭᠢ᠂ ᠠᠷᠠᠳ ᠤᠨ ᠠᠭᠠᠷ ᠤᠨ ᠲᠡᠭᠡᠭᠡᠪᠦᠷᠢ ᠯᠦᠭᠡ ᠨᠡᠪᠲᠡᠷᠡᠯᠴᠡᠨ ᠵᠣᠯᠭᠠᠭᠤᠯᠬᠤ ᠶᠢ ᠬᠠᠷᠢᠭᠤᠴᠠᠨ᠂ ︽ | ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠶᠢᠨ ᠵᠣᠬᠢᠴᠠᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠤᠨ᠎ᠠ︔ ᠳᠣᠣᠷ᠎ᠠ ᠠᠭᠠᠷ ᠤᠨ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠤᠨ ᠪᠠᠶᠢᠭᠤᠯᠤᠨ᠎ᠠ︔ ᠳᠣᠣᠷ᠎ᠠ | ᠠᠭᠠᠷ ᠤᠨ ᠣᠷᠣᠨ ᠪᠠ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ ᠶᠢ ᠵᠢᠯᠣᠭᠤᠳᠤᠨ ᠨᠠᠶᠢᠷᠠᠭᠤᠯᠤᠨ ᠵᠣᠬᠢᠶᠠᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠷᠠᠭᠤᠯᠵᠤ᠂ ᠣᠨ ᠤ ᠡᠭᠦᠷᠭᠡ ᠶᠢᠨ ᠲᠣᠳᠣᠷᠬᠠᠢ | ᠬᠠᠭᠤᠳᠠᠰᠤ ᠶᠢ ᠲᠣᠭᠲᠠᠭᠠᠨ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠰᠢᠭᠤᠳ ᠨᠥᠬᠦᠪᠦᠷᠢ | ᠥᠭᠬᠦ᠂ ᠵᠢᠭᠡᠯᠡᠯᠭᠡ ᠳᠤ ᠳᠠᠮ ᠬᠦᠦ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠨᠢᠰᠦᠯᠲᠡ ᠶᠢᠨ | ᠦᠢᠯᠡᠴᠢᠯᠡᠭᠡᠨ ᠤ ᠥᠷᠲᠡᠭᠡ᠂ ᠵᠢᠯᠣᠭᠤᠴᠢ ᠦᠭᠡᠢ ᠨᠢᠰᠬᠡᠯ ᠤᠨ ᠨᠢᠰᠴᠦ ᠭᠠᠵᠠᠷᠳᠠᠬᠤ ᠲᠠᠯᠠᠪᠤᠷ ᠵᠡᠷᠭᠡ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠳᠡᠮᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠬᠥᠲᠥᠯᠥᠨ ᠳᠠᠭᠠᠭᠤᠯᠬᠤ ᠶᠢ ᠴᠢᠩᠭᠠᠷᠠᠭᠤᠯᠵᠤ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠬᠡᠷᠡᠭᠯᠡᠭᠡᠨ ᠢ ᠴᠢᠩᠭᠠᠳᠬᠠᠨ᠂ ᠳᠣᠣᠷ᠎ᠠ ᠠᠭᠠᠷ ᠤᠨ | ᠬᠦᠷᠢᠶᠡᠨ ᠳᠠᠬᠢ ᠮᠡᠷᠭᠡᠵᠢᠯ ᠤᠨ ᠲᠠᠰ ᠳᠡᠪᠰᠢᠬᠦ᠂ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠢᠴᠢᠶᠡᠯ | ᠨᠡᠭᠡᠭᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠨ᠂ ᠠᠵᠤ ᠠᠬᠤᠶᠢᠯᠠᠯ ᠢ ᠳᠡᠮᠵᠢᠵᠦ ᠪᠠᠶᠢᠭᠠᠳ ᠳᠣᠣᠷ᠎ᠠ ᠠᠭᠠᠷ ᠤᠨ ᠰᠢᠨᠵᠢᠯᠡᠬᠦ ᠤᠬᠠᠭᠠᠨ ᠤ | ᠰᠤᠳᠤᠯᠤᠯ ᠤᠨ ᠲᠥᠷᠥᠯ ᠵᠦᠢᠯ ᠢ ᠡᠭᠦᠷᠭᠡᠯᠡᠭᠦᠯᠵᠦ᠂ ᠠᠵᠢᠯᠲᠠᠨ ᠤ ᠪᠣᠯᠪᠠᠰᠤᠷᠠᠯ ᠢ ᠥᠷᠨᠢᠭᠦᠯᠦᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠣᠶ | ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 11 ᠳ᠋ᠦ᠋ᠭᠡᠷ ᠰᠠᠷ᠎ᠠ ᠶᠢᠨ 12 ᠤ ᠡᠳᠦᠷ ᠳᠠᠷᠤᠮᠠᠯᠯᠠᠨ ᠲᠠᠷᠬᠠᠭᠠᠪᠠ | |