ᠮᠠᠨ ᠤ ᠣᠷᠣᠨ ᠠᠮᠢᠳᠤᠷᠠᠯ ᠨᠢ ᠬᠦᠴᠢᠷᠳᠡᠯᠲᠡᠢ 14.4 ᠲᠦᠮᠡᠨ ᠰᠣᠷᠣᠬᠴᠢ ᠳᠤ 18 ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠲᠠᠯᠪᠢᠪᠠ
ᠨᠡᠶᠢᠲᠡᠯᠡᠭᠰᠡᠨ ᠴᠠᠭ᠄
2024/12/3
       11ᠰᠠᠷ᠎ᠠ ᠶᠢᠨ 21 ᠤ ᠡᠳᠦᠷ ᠪᠤᠯᠲᠠᠯ᠎ᠠ ᠮᠠᠨ ᠤ ᠣᠷᠣᠨ 2024 ᠣᠨ ᠤ ᠰᠣᠷᠣᠬᠴᠢ ᠶᠢᠨ ᠢᠷᠡᠯᠲᠡ ᠶᠢᠨ ᠭᠠᠵᠠᠷ ᠤᠨ 18 ᠳ᠋ᠦᠩᠰᠢᠭᠤᠷ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠲᠠᠷᠬᠠᠭᠠᠵᠤ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ 14.4 ᠲᠦᠮᠡᠨ ᠰᠣᠷᠣᠬᠴᠢ ᠳᠤ ᠠᠰᠢᠭ ᠬᠦᠷᠲᠡᠭᠡᠵᠦ᠂ ᠵᠢᠭᠡᠯᠡᠯᠭᠡ ᠶᠢᠨ ᠮᠥᠩᠭᠦ ᠶᠢᠨ ᠲᠤᠭ᠎ᠠ ᠪᠣᠯᠣᠨ ᠬᠥᠮᠥᠨ ᠤ ᠲᠤᠭ᠎ᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃       ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠲᠡᠳᠬᠦᠬᠦ ᠲᠥᠪ ᠠᠴᠠ ᠬᠤᠶᠠᠷ ᠵᠢᠭᠡᠯᠡᠯᠭᠡ ᠶᠢᠨ ᠪᠠᠩᠬᠢ ᠲᠠᠢ ᠬᠠᠮᠲᠤᠷᠠᠨ ᠵᠢᠭᠡᠯᠡᠯᠭᠡ ᠶᠢᠨ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠡᠯ᠎ᠡ ᠵᠦᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠲᠤᠭ᠎ᠠ ᠬᠡᠮᠵᠢᠶ᠎ᠡ ᠶᠢ ᠳᠡᠭᠡᠭᠰᠢᠯᠡᠭᠦᠯᠭᠦ᠂ ᠬᠡᠷᠡᠭᠴᠡᠭᠡ ᠶᠢ ᠥᠷᠭᠡᠳᠬᠡᠬᠦ᠂ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠬᠤᠭᠤᠴᠠᠭ᠎ᠠ ᠬᠢᠵᠠᠭᠠᠷ ᠢ ᠨᠡᠮᠡᠭᠳᠡᠭᠦᠯᠬᠦ᠂ ᠬᠦᠦ ᠮᠥᠩᠭᠦ ᠶᠢ ᠬᠡᠯᠲᠦᠷᠢᠭᠦᠯᠬᠦ᠂ ᠡᠬᠡ ᠮᠥᠩᠭᠦ ᠶᠢ ᠪᠤᠴᠠᠭᠠᠬᠤ ᠶᠢ ᠬᠤᠶᠢᠰᠢᠯᠠᠭᠤᠯᠬᠤ︾ ᠵᠡᠷᠭᠡ ᠡᠯ᠎ᠡ ᠵᠦᠢᠯ ᠤᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠪᠠ᠃ ᠣᠳᠣᠬᠠᠨ ᠳᠤ ᠰᠣᠷᠣᠬᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢ ᠶᠢᠨ ᠵᠢᠭᠡᠯᠡᠯᠭᠡ ᠶᠢᠨ  ᠬᠠᠮᠤᠭ ᠤᠨ ᠥᠨᠳᠥᠷ ᠬᠡᠮᠵᠢᠶ᠎ᠡ ᠶᠢ ᠳᠡᠭᠡᠭᠰᠢᠯᠡᠭᠦᠯᠦᠭᠡᠳ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠬᠴᠢ ︵ᠪᠡᠯᠡᠳᠬᠡᠯ ᠠᠩᠭᠢ ᠶᠢᠨ ᠰᠣᠷᠣᠬᠴᠢ ᠪᠠᠭᠲᠠᠨ᠎ᠠ︶ ᠬᠥᠮᠥᠨ ᠪᠦᠷᠢ ᠵᠢᠯ ᠳᠤ 2 ᠲᠦᠮᠡᠨ ᠲᠥᠭᠦᠷᠢᠭ᠂ ᠠᠰᠫᠢᠷᠠᠨᠲ ᠢᠶᠠᠷ ᠰᠤᠷᠤᠯᠴᠠᠭᠰᠠᠳ ᠬᠥᠮᠥᠨ ᠪᠦᠷᠢ ᠵᠢᠯ ᠳᠤ 2.5 ᠲᠦᠮᠡᠨ ᠲᠥᠭᠦᠷᠢᠭ ᠵᠢᠭᠡᠯᠡᠵᠦ ᠪᠤᠯᠬᠤ ᠪᠣᠯᠭᠠᠵᠠᠢ᠃ ᠲᠡᠷᠡᠴᠢᠯᠡᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 70 ᠰᠠᠭᠤᠷᠢ ᠴᠡᠭ ᠲᠤ ᠭᠦᠷᠲᠡᠯ᠎ᠡ ᠪᠠᠭᠤᠷᠠᠭᠤᠯᠪᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠭᠠᠰᠢ  ᠪᠦᠭᠦ ᠣᠷᠣᠨ ᠨᠡᠶᠢᠲᠡ 4459 ᠲᠦᠮᠡᠨ ᠲᠥᠭᠦᠷᠢᠭ ᠤᠨ ᠵᠢᠭᠡᠯᠡᠯᠭᠡ ᠶᠢᠨ ᠮᠥᠩᠭᠦ ᠪᠠᠨ ᠥᠰᠬᠡᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ᠂ ᠰᠤᠷᠤᠯᠭ᠎ᠠ ᠶᠢᠨ ᠰᠦᠢᠳᠬᠡᠯ᠂ ᠪᠠᠶᠢᠷᠢ ᠶᠢᠨ ᠰᠦᠢᠳᠬᠡᠯ ᠠᠴᠠ ᠭᠠᠳᠠᠨ᠎ᠠ ᠬᠡᠰᠡᠭ ᠠᠮᠢᠳᠤᠷᠠᠯ ᠤᠨ ᠵᠠᠷᠤᠳᠠᠯ ᠢ ᠳᠡᠮᠵᠢᠬᠦ ᠬᠡᠪᠴᠢᠶᠡᠨ ᠳᠤ ᠤᠷᠤᠭᠤᠯᠬᠤ ᠪᠠᠷ ᠪᠠᠶᠢᠨ᠎ᠠ᠃       ᠵᠢᠱᠢᠯᠲᠡ ᠪᠠᠷ ᠥᠪᠡᠷᠲᠡᠭᠡᠨ ᠵᠠᠰᠠᠬᠤ ᠣᠷᠣᠨ 2024 ᠣᠨ ᠳᠤ  50 ᠭᠠᠷᠤᠢ ᠲᠦᠮᠡᠨ ᠬᠥᠮᠥᠨ ᠤᠳᠠᠭ᠎ᠠ ᠳᠤ ᠲᠣᠰ ᠵᠢᠯ ᠤᠨ ᠵᠢᠭᠡᠯᠡᠯᠭᠡ ᠶᠢᠨ ᠬᠦᠦ ᠮᠥᠩᠭᠦ ᠶᠢ ᠨᠡᠶᠢᠳᠡ 9000 ᠲᠦᠮᠡᠨ ᠲᠥᠭᠦᠷᠢᠭ ᠬᠡᠯᠲᠦᠷᠢᠭᠦᠯᠵᠦ᠂ 3000 ᠲᠦᠮᠡᠨ ᠲᠥᠭᠦᠷᠢᠭ ᠤᠨ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠠᠵᠢᠯ  ᠢ ᠭᠦᠢᠴᠡᠳᠬᠡᠵᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ