ᠲᠦᠢᠮᠣ ᠪᠠᠶᠢᠳᠠᠯ
ᠨᠡᠶᠢᠲᠡᠯᠡᠭᠰᠡᠨ ᠴᠠᠭ᠄
2024/12/4
       ᠡᠷᠭᠦᠨ᠎ᠡ ᠬᠤᠳᠠ ᠡᠷᠭᠦᠨ᠎ᠡ ᠭᠤᠣᠯ ᠪᠤᠯᠵᠤ ᠢᠩᠭᠢᠵᠤ ᠨᠡᠷᠡᠯᠡᠭᠳᠡᠪᠡ᠃ ᠮᠣᠩᠭᠤᠯ ᠬᠡᠯᠡᠨ ᠳᠤ ︽ᠡᠷᠭᠦᠨ ᠳᠡᠪᠰᠢᠭᠦᠯᠬᠦ᠂ ᠡᠷᠭᠦᠨ ᠪᠠᠷᠢᠬᠤ︾ ᠭᠡᠰᠡᠨ ᠤᠳᠬ᠎ᠠ ᠲᠠᠢ᠂ ︽ᠬᠥᠯᠥᠨ ᠪᠤᠶᠢᠷ ᠤᠨ ᠬᠤᠷᠢᠶᠠᠩᠭᠤᠢ ᠳᠦᠷᠰᠦ︾ ᠭᠡᠰᠡᠨ ᠰᠠᠶᠢᠬᠠᠨ ᠨᠡᠷ᠎ᠡ ᠲᠠᠢ᠂ ᠬᠥᠯᠥᠨ ᠪᠤᠶᠢᠷ ᠬᠤᠳᠠ ᠶᠢᠨ ᠨᠡᠷ᠎ᠡ ᠶᠢᠨ ᠬᠠᠭᠤᠳᠠᠰᠤ ᠪᠣᠯᠤᠨ᠎ᠠ ᠃ ᠶᠡᠷᠦᠩᠬᠡᠶ ᠬᠥᠮᠦᠨ ᠠᠮᠠ ᠨᠢ 6.8 ᠲᠦᠮᠡ ᠪᠠᠶᠢᠵᠤ᠂ ᠶᠡᠷᠦᠩᠬᠡᠶ ᠲᠠᠯᠠᠪᠠᠶ ᠨᠢ 2.89 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠥᠯᠥᠨ ᠪᠤᠶᠢᠷ ᠤᠨ  ᠨᠤᠲᠤᠭ ᠳᠡᠪᠢᠰᠭᠡᠷ ᠤᠨ ᠶᠡᠷᠦᠩᠬᠡᠶ ᠲᠠᠯᠠᠪᠠᠶ ᠶᠢᠨ 11.4% ᠶᠢ ᠡᠵᠡᠯᠡᠨ᠂ ᠡᠯ᠎ᠡ ᠬᠤᠰᠢᠭᠤ ᠬᠤᠲᠠ ᠲᠣᠭᠤᠷᠢᠭ ᠤᠨ ᠳᠤᠮᠳᠠ ᠬᠤᠶᠠᠳᠤᠭᠠᠷ ᠲᠤ ᠤᠷᠤᠪᠠ᠃ ᠬᠠᠷᠢᠶᠠᠨ ᠳᠤ 1 ᠰᠤᠮᠤ᠂ 3 ᠰᠢᠶᠠᠩ᠂ 3 ᠪᠠᠯᠭᠠᠰᠤ᠂ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ᠃ ᠣᠷᠣᠨ ᠪᠠᠶᠢᠷᠢ ᠨᠢ ᠢᠯᠡᠷᠬᠡᠶ ᠪᠠᠶᠢᠨ᠎ᠠ᠃ ᠡᠬᠡ  ᠤᠷᠤᠨ ᠤ ᠬᠠᠮᠤᠭ ᠤᠨ ᠬᠤᠶᠢᠲᠤ ᠵᠠᠬ᠎ᠠ ᠳᠤ ᠪᠠᠶᠢᠷᠢᠯᠠᠵᠤ᠂ ᠪᠠᠷᠠᠭᠤᠨ ᠬᠤᠶᠢᠲᠤ ᠬᠡᠰᠡᠭ ᠤᠨ ᠡᠷᠭᠦᠨ᠎ᠡ ᠭᠤᠣᠯ ᠢᠶᠠᠷ ᠵᠠᠭᠠᠭᠯᠠᠵᠤ᠂ ᠤᠷᠤᠰ ᠲᠠᠢ ᠡᠰᠡᠷᠬᠦ ᠬᠠᠷᠢᠯᠴᠠᠵᠤ ᠪᠠᠶᠢᠨ᠎ᠠ᠃ ᠬᠢᠯᠢ ᠶᠢᠨ ᠱᠤᠭᠤᠮ ᠤᠨ ᠤᠷᠳᠤ ᠨᠢ 674.89 ᠺᠢᠯᠤᠮᠧᠲᠷ ᠪᠠᠶᠢᠵᠤ᠂ ᠪᠦᠬᠦ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠷᠤᠰ ᠤᠨ ᠬᠢᠯᠢ ᠶᠢᠨ ᠱᠤᠭᠤᠮ ᠤᠨ 63% ᠶᠢ ᠡᠵᠡᠯᠡᠵᠦ᠂ ᠾᠧᠢ ᠱᠠᠨ ᠳᠧᠦ᠂ ᠰᠢᠪᠡᠭᠡ ᠬᠤᠶᠠᠷ ᠤᠯᠤᠰ ᠤᠨ ᠨᠢᠭᠡᠳᠦᠭᠡᠷ ᠲᠦᠷᠦᠯ ᠤᠨ ᠪᠣᠭᠤᠮᠲᠠ ᠪᠠᠶᠢᠵᠤ᠂ ᠡᠬᠡ ᠤᠯᠤᠰ ᠤᠨ ᠨᠤᠲᠤᠭ ᠳᠡᠪᠢᠰᠬᠡᠷ ᠳᠡᠭᠡᠷᠡᠬᠢ ᠬᠠᠮᠤᠭ ᠤᠨ ᠭᠤᠶᠤ ᠰᠠᠶᠢᠬᠠᠨ᠂ ᠨᠢᠳᠦ ᠭᠢᠯᠠᠰᠤᠮ᠎ᠠ ︽ᠡᠷᠡᠭᠴᠢᠨ ᠲᠠᠬᠢᠶ᠎ᠠ ᠶᠢᠨ ᠮᠠᠩᠯᠠᠢ︾ ᠪᠣᠯᠬᠤ ᠪᠥᠭᠡᠳ ᠪᠠᠰᠠ ᠬᠠᠷᠠᠮᠥ᠋ᠷᠡᠨ ᠤ ᠡᠬᠢ ᠠᠪᠤᠭᠰᠠᠨ ᠭᠠᠵᠠᠷ᠂ ᠶᠡᠭᠡ ᠬᠢᠩᠭᠠᠨ ᠳᠠᠪᠠᠭᠠᠨ ᠤ ᠤᠮᠠᠷᠠᠲᠤ ᠬᠡᠰᠡᠭ ᠤᠨ ᠡᠬᠢᠯᠡᠯᠲᠡ ᠶᠢᠨ ᠴᠡᠭ᠂ ᠮᠣᠩᠭᠤᠯ ᠦᠨᠳᠦᠰᠦᠲᠡᠨ ᠤ ᠡᠭᠦᠰᠦᠭᠰᠡᠨ ᠭᠠᠵᠠᠷ ᠮᠦᠨ᠃ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠨ᠎ᠠ᠃ 19 ᠦᠨᠳᠦᠰᠦᠲᠡᠨ ᠡᠶ᠎ᠡ ᠨᠠᠶᠢᠷᠠᠮᠳᠠᠭᠤ ᠬᠠᠮᠲᠤᠪᠠᠷ ᠤᠷᠤᠰᠢᠨ ᠠᠮᠢᠳᠤᠷᠠᠵᠤ ᠪᠠᠶᠢᠨ᠎ᠠ᠃ ᠪᠦᠬᠦ ᠤᠯᠤᠰ ᠤᠨ ᠴᠣᠷ ᠤᠨ ᠭᠠᠭᠴᠠ ᠣᠷᠣᠰ ᠦᠨᠳᠦᠰᠦᠲᠡᠨ ᠤ ᠰᠢᠶᠠᠩ — ᠡᠩᠬᠡ ᠶᠢᠨ ᠣᠷᠣᠰ ᠦᠨᠳᠦᠰᠦᠲᠡᠨ ᠤ ᠰᠢᠶᠠᠩ ᠪᠠ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠬᠤᠲᠣᠩ ᠦᠨᠳᠦᠰᠦᠲᠡᠨ ᠤ ᠰᠢᠶᠠᠩ —  ᠰᠠᠨ ᠾᠧ ᠤᠨ ᠬᠤᠲᠣᠩ ᠦᠨᠳᠦᠰᠦᠲᠡᠨ ᠤ ᠰᠢᠶᠠᠩ ᠪᠠᠶᠢᠨ᠎ᠠ᠃ ᠠᠮᠢ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠨ᠎ᠠ᠃ ᠪᠥᠬᠦ ᠬᠤᠲᠠ ᠳᠤ 282.65 ᠲᠦᠮᠡᠨ ᠮᠥ ᠲᠠᠷᠢᠶᠠᠨ ᠭᠠᠵᠠᠷ᠂ 545.71 ᠲᠦᠮᠡᠨ ᠮᠥ ᠡᠪᠡᠰᠦᠲᠦ ᠭᠠᠵᠠᠷ᠂ 209.02 ᠲᠦᠮᠡᠨ ᠾᠧᠺᠲ᠋ᠠᠷ ᠣᠶᠢᠲᠤ ᠭᠠᠵᠠᠷ᠂ 4553.9 ᠲᠦᠮᠡᠨ ᠪᠣᠰᠤᠭ᠎ᠠ ᠳᠥᠷᠪᠡᠯᠵᠢᠨ ᠮᠧᠲᠷ ᠤᠷᠭᠤᠭ᠎ᠠ ᠮᠣᠳᠣᠨ ᠤ ᠬᠤᠷᠠᠮᠳᠤᠯ ᠲᠠᠢ᠃ ᠳᠡᠯᠡᠪᠡᠷ ᠤᠨ ᠠᠭᠤᠷᠬᠠᠶ ᠶᠢᠨ ᠪᠦᠰᠡᠨ ᠳᠤ ᠪᠠᠶᠢᠷᠢᠯᠠᠵᠤ᠂ ᠨᠢᠭᠡᠨᠲᠡ 24 ᠵᠦᠢᠯ ᠤᠨ ᠠᠭᠤᠷᠬᠠᠶ ᠶᠢᠨ ᠭᠠᠷᠤᠯᠲᠠ ᠶᠢ ᠢᠯᠡᠷᠡᠭᠦᠯᠪᠡ ᠃ ᠤᠰᠤᠨ ᠤ ᠡᠬᠢ ᠪᠠᠶᠠᠯᠢᠭ ᠤᠨ ᠬᠠᠳᠠᠭᠠᠯᠠᠭᠳᠠᠴᠠ 30.42 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠰᠠᠪᠠ ᠭᠠᠵᠠᠷ ᠤᠨ ᠲᠠᠯᠠᠪᠠᠶ ᠨᠢ 100 ᠲᠡᠭᠰᠢ ᠳᠥᠷᠪᠡᠯᠵᠢᠨ ᠺᠢᠯᠣᠮᠧᠲᠷ ᠢ ᠳᠠᠪᠠᠭᠰᠠᠨ ᠭᠤᠤᠯ ᠮᠥᠷᠡᠨ 86 ᠪᠠᠶᠢᠵᠤ᠂ ᠥᠨᠳᠥᠷ ᠥᠷᠭᠡᠷᠢᠭ᠂ ᠳᠣᠤᠷ᠎ᠠ ᠡᠷᠭᠦᠭᠳᠡᠴᠡ ᠲᠠᠢ ᠪᠠᠶᠢᠭᠠᠯᠢ ᠶᠢᠨ ᠮᠣᠳᠣᠯᠢᠭ ᠤᠷᠭᠤᠮᠠᠯ ᠤᠨ ᠲᠥᠷᠥᠯ ᠲᠠᠢ ︽ᠠᠽᠢᠶ᠎ᠠ ᠲᠢᠪ ᠤᠨ ᠨᠢᠭᠡᠳᠦᠭᠡᠷ ᠨᠤᠭᠤ ᠭᠠᠵᠠᠷ︾ ᠪᠠᠶᠢᠨ᠎ᠠ᠃      ᠮᠠᠨ ᠤ ᠬᠤᠲᠠ ᠤᠷᠢᠳ ᠬᠤᠵᠢᠳ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠨᠢᠭᠡᠴᠡ︾ ᠂ ︽ᠪᠥᠬᠦ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠰᠢᠯᠢᠳᠡᠭ ᠬᠤᠲᠠ︾ ᠂ ︽ᠪᠥᠬᠦ ᠤᠯᠤᠰ ᠤᠨ ᠲᠦᠷᠦᠭᠦᠤ ᠪᠦᠯᠦᠭ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠪᠦᠬᠦᠯᠢ ᠴᠣᠭᠴᠠ ᠶᠢ ᠳᠥᠯᠭᠢᠨ ᠠᠬᠢᠭᠤᠯᠬᠤ ᠲᠤᠷᠰᠢᠯᠲᠠ ᠶᠢᠨ ᠰᠢᠶᠠᠨ︾ ᠂ ︽ᠪᠥᠬᠦ ᠤᠯᠤᠰ ᠤᠨ ᠭᠤᠤᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠧᠬᠠᠨᠢᠭᠵᠢᠭᠤᠯᠤᠯᠲᠠ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠵᠢᠱᠢᠶ᠎ᠡ ᠦᠵᠡᠭᠦᠯᠬᠦ ᠰᠢᠶᠠᠨ︾ ᠂ ︽ᠪᠥᠬᠦ ᠤᠯᠤᠰ ᠤᠨ ᠤᠯᠠᠮᠵᠢᠯᠠᠯᠲᠤ ᠠᠶᠢᠯ ᠲᠣᠰᠬᠤᠨ ᠢ ᠲᠥᠪᠯᠡᠷᠡᠭᠦᠯᠦᠨ ᠵᠠᠯᠭᠠᠯᠳᠤᠭᠤᠯᠤᠨ ᠬᠠᠮᠠᠭᠠᠯᠠᠵᠤ ᠠᠰᠢᠭᠯᠠᠬᠤ ᠵᠢᠱᠢᠶ᠎ᠡ ᠦᠵᠡᠭᠦᠯᠬᠦ ᠰᠢᠶᠠᠨ︾ ᠂ ︽ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠪᠤᠯᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ︾᠂ ︽ᠤᠯᠤᠰ ᠤᠨ ᠲᠡᠰ ᠤᠨ ᠪᠦᠬᠦ ᠣᠷᠣᠨ ᠪᠦᠰᠡ ᠶᠢᠨ ᠤᠢ ᠰᠢᠭᠤᠢ ᠶᠢᠨ ᠡᠷᠡᠭᠦᠯᠵᠢᠯ ᠤᠨ ᠲᠤᠷᠰᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠤᠳᠠ︾  ᠪᠠᠷ ᠦᠨᠡᠯᠡᠭᠳᠡᠪᠡ᠃ ᠪᠠᠰᠠ ︽ᠤᠯᠤᠰ ᠤᠨ ᠲᠡᠰ ᠤᠨ ᠠᠯᠳᠠᠷᠲᠤ ᠦᠵᠡᠮᠵᠢ ᠶᠢᠨ ᠣᠷᠣᠨ︾ ᠢᠶᠠᠷ ᠦᠨᠡᠯᠡᠭᠳᠡᠪᠡ᠃ ᠪᠥᠬᠦ ᠬᠤᠲᠠ ᠳᠤ 4A ᠲᠠᠰ ᠤᠨ ᠦᠵᠡᠮᠵᠢ ᠶᠢᠨ ᠣᠷᠣᠨ 5 ᠪᠠᠶᠢᠵᠤ᠂ ᠡᠷᠭᠦᠨ᠎ᠡ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠡᠷᠭᠦᠨ᠎ᠡ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠡᠷᠭᠦᠨ᠎ᠡ ᠶᠢᠨ ᠤᠯᠤᠰ ᠤᠨ ᠠᠭᠤᠷᠬᠠᠶ ᠶᠢᠨ ᠴᠡᠴᠡᠷᠯᠢᠭ ᠪᠠ ᠮᠤᠷᠳᠠᠭ᠎ᠠ ᠶᠢᠨ ᠤᠯᠤᠰ ᠤᠨ ᠣᠶ ᠰᠢᠭᠤᠶ ᠶᠢᠨ ᠴᠡᠴᠡᠷᠯᠢᠭ ᠪᠠᠶᠢᠨ᠎ᠠ᠃ ᠮᠤᠷᠳᠠᠭ᠎ᠠ ᠪᠠᠯᠭᠠᠰᠤ ᠳᠤᠮᠳᠠᠳᠤ ᠤᠯᠤᠰ ᠤᠨ ᠨᠢᠭᠡᠳᠦᠭᠡᠷ ᠪᠦᠯᠦᠭ ᠤᠨᠴᠠᠯᠢᠬᠳᠤ ᠵᠢᠵᠢᠭ  ᠪᠠᠯᠭᠠᠰᠤ ᠪᠠᠷ ᠰᠤᠩᠭᠤᠭᠳᠠᠪᠠ᠃ 5 ᠰᠢᠶᠠᠩ ᠪᠠᠯᠭᠠᠰᠤ  ᠨᠢ ︽ᠪᠥᠬᠦ ᠤᠯᠤᠰ ᠤᠨ ᠤᠨᠴᠠᠯᠢᠬᠳᠤ ᠵᠢᠭᠤᠯᠴᠢᠯᠠᠯ ᠤᠨ ᠦᠵᠡᠮᠵᠢ ᠶᠢᠨ ᠨᠠᠷᠠᠲᠤ ᠪᠠᠯᠭᠠᠰᠤ︾ ᠪᠠᠷ ᠰᠤᠩᠭᠤᠭᠳᠠᠪᠠ᠃ 11 ᠲᠣᠰᠬᠤᠨ  ᠨᠢ ︽ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ︾ ᠢᠶᠠᠷ ᠦᠨᠡᠯᠡᠭᠳᠡᠪᠡ᠃  
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠣᠷᠳᠤᠨ