ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ
ᠨᠡᠶᠢᠲᠡᠯᠡᠭᠰᠡᠨ ᠴᠠᠭ᠄
2024/12/4
       ᠠᠷᠤᠨ ᠬᠤᠰᠢᠭᠤᠨ ᠳᠤ 8 ᠪᠠᠶᠢᠭᠤᠯᠤᠮᠵᠢᠲᠤ ᠪᠠᠯᠭᠠᠰᠤ᠂ 4 ᠴᠥᠭᠡᠨ ᠲᠣᠭᠠᠲᠤ ᠦᠨᠳᠦᠰᠦᠲᠡᠨ ᠤ ᠰᠢᠶᠠᠩ᠂ 148 ᠵᠠᠰᠠᠭ ᠵᠠᠬᠢᠷᠭᠠᠨ ᠤ ᠲᠣᠰᠬᠤᠨ᠂ 7 ᠣᠷᠣᠨ ᠨᠤᠲᠤᠭ ᠤᠨ ᠣᠶ ᠰᠢᠭᠤᠶ ᠶᠢᠨ ᠲᠠᠯᠠᠪᠠᠶ ᠪᠠ 2 ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠲᠠᠢ᠃ ᠪᠠᠶᠢᠭᠤᠯᠤᠮᠵᠢᠲᠤ ᠪᠠᠯᠭᠠᠰᠤ ᠨᠢ ᠨᠠᠵᠢ ᠪᠠᠯᠭᠠᠰᠤ᠂ ᠶᠠᠳᠦ᠋ᠩ ᠪᠠᠯᠭᠠᠰᠤ᠂ ᠬᠤᠷᠴᠢ ᠪᠠᠯᠭᠠᠰᠤ᠂ ᠯᠢᠦ ᠾᠧ ᠪᠠᠯᠭᠠᠰᠤ᠂ ᠰᠢᠶᠠᠩ ᠶᠠᠩ ᠢᠦᠶ ᠪᠠᠯᠭᠠᠰᠤ᠂ ᠹᠦ᠋ ᠰᠢᠩ ᠪᠠᠯᠭᠠᠰᠤ᠂ ᠰᠠᠨ ᠴᠠ ᠾᠧ ᠪᠠᠯᠭᠠᠰᠤ᠂ ᠰᠢᠩ ᠠᠨ ᠪᠠᠯᠭᠠᠰᠤ ᠪᠣᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠰᠢᠶᠠᠩ ᠨᠢ ᠰᠢᠨᠹᠠ ᠰᠣᠯᠣᠩᠭᠤᠰ ᠦᠨᠳᠦᠰᠦᠲᠡᠨ ᠤ ᠰᠢᠶᠠᠩ᠂ ᠴᠠᠪᠠᠴᠢ ᠡᠸᠡᠩᠬᠢ ᠦᠨᠳᠦᠰᠦᠲᠡᠨ ᠤ ᠰᠢᠶᠠᠩ᠂ ᠳ᠋ᠧᠯᠴᠢᠷ ᠡᠸᠡᠩᠬᠢ ᠦᠨᠳᠦᠰᠦᠲᠡᠨ ᠤ ᠰᠢᠶᠠᠩ᠂ ᠶᠢᠨ ᠾᠧ ᠳᠠᠭᠤᠷ ᠡᠸᠡᠩᠬᠢ ᠦᠨᠳᠦᠰᠦᠲᠡᠨ ᠤ ᠰᠢᠶᠠᠩ ᠪᠣᠯᠤᠨ᠎ᠠ᠃ ᠣᠷᠣᠨ ᠨᠤᠲᠤᠭ ᠤᠨ ᠣᠶ ᠰᠢᠭᠤᠶ ᠶᠢᠨ ᠲᠠᠯᠠᠪᠠᠶ ᠨᠢ ᠳ᠋ᠧᠯᠴᠢᠷ ᠣᠶ ᠰᠢᠭᠤᠶ ᠶᠢᠨ ᠲᠠᠯᠠᠪᠠᠶ᠂ ᠴᠠᠪᠴᠢ ᠣᠶ ᠰᠢᠭᠤᠶ ᠶᠢᠨ ᠲᠠᠯᠠᠪᠠᠶ᠂ ᠺᠦ᠋ ᠯᠦᠨ ᠭᠧᠦ ᠣᠶ ᠰᠢᠭᠤᠶ ᠶᠢᠨ ᠲᠠᠯᠠᠪᠠᠶ᠂ ᠶᠡᠭᠡ ᠰᠢᠨᠡᠨᠢᠴᠢ ᠣᠶ ᠰᠢᠭᠤᠶ ᠶᠢᠨ ᠲᠠᠯᠠᠪᠠᠶ᠂ ᠰᠠᠨ ᠬᠤᠤ ᠳ᠋ᠢᠶᠠᠨ ᠣᠶ ᠰᠢᠭᠤᠶ ᠶᠢᠨ ᠲᠠᠯᠠᠪᠠᠶ᠂ ᠠᠯᠢᠭᠡᠶᠠ ᠰᠢᠭᠤᠶ ᠶᠢᠨ ᠲᠠᠯᠠᠪᠠᠶ᠂ ᠶᠢᠨ ᠾᠧ ᠣᠶ ᠰᠢᠭᠤᠶ ᠶᠢᠨ ᠲᠠᠯᠠᠪᠠᠶ ᠪᠣᠯᠤᠨ᠎ᠠ᠃ ᠤᠯᠤᠰ ᠠᠴᠠ ᠲᠠᠷᠢᠶᠠᠯᠠᠩ ᠤᠨ ᠲᠠᠯᠠᠪᠠᠢ ᠨᠢ ᠨᠠᠵᠢ ᠲᠤᠰᠬᠤᠨ ᠤ ᠲᠠᠷᠢᠶᠠᠯᠠᠩ ᠤᠨ ᠲᠠᠯᠠᠪᠠᠢ᠂ ᠭᠧ ᠨᠢ ᠾᠧ ᠲᠠᠷᠢᠶᠠᠯᠠᠩ ᠤᠨ ᠲᠠᠯᠠᠪᠠᠢ ᠪᠣᠯᠤᠨ᠎ᠠ᠃
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ