ᠠᠷᠤᠨ ᠬᠤᠰᠢᠭᠤ ᠨᠢ ᠬᠢᠯᠢ ᠳᠣᠲᠣᠷᠠᠬᠢ ᠠᠷᠤᠨ ᠭᠤᠣᠯ ᠢᠶᠠᠷ ᠨᠡᠷᠡᠯᠡᠭᠳᠡᠵᠦ᠂ ᠮᠣᠩᠭᠤᠯ ᠮᠠᠨᠵᠤ ᠬᠡᠯᠡᠨ ᠤ ︽ᠠᠷᠢᠭᠤᠨ︾ ᠭᠡᠰᠡᠨ ᠤᠳᠬ᠎ᠠ ᠲᠠᠢ᠃ ᠠᠷᠤᠨ | ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠬᠠᠷᠢᠶᠠᠯᠠᠭᠳᠠᠵᠤ᠂ ᠬᠥᠯᠥᠨ ᠪᠤᠶᠢᠷ ᠬᠤᠲᠠ ᠶᠢᠨ ᠵᠡᠭᠦᠨ ᠡᠮᠦᠨᠡᠲᠦ | ᠬᠡᠰᠡᠭ ᠲᠤ ᠪᠠᠶᠢᠷᠢᠯᠠᠵᠤ ᠪᠠᠢᠨ᠎ᠠ᠃ ᠶᠡᠭᠡ ᠬᠢᠩᠭᠠᠨ ᠳᠠᠪᠠᠭ᠎ᠠ ᠶᠢ ᠲᠦᠰᠢᠵᠦ᠂ ᠰᠤᠩᠭᠠᠷᠢ ᠮᠥᠷᠡᠨ ᠨᠤᠨ ᠮᠥᠷᠡᠨ ᠤ ᠲᠠᠯ᠎ᠠ ᠭᠠᠵᠠᠷ ᠢ ᠪᠠᠷᠠᠭᠠᠯᠠᠵᠤ᠂ ᠵᠡᠭᠦᠨᠰᠢ ᠵᠠᠭᠳᠠᠨ | ᠠᠭᠤᠯᠠ ᠳᠠᠪᠠᠭ᠎ᠠ ᠪᠠᠷ ᠵᠠᠭᠠᠭ ᠪᠣᠯᠭᠠᠨ ᠮᠣᠷᠢᠨ ᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠠᠢ ᠬᠥᠷᠰᠢᠯᠡᠵᠦ᠂ ᠪᠠᠷᠠᠭᠤᠨᠰᠢ ᠵᠠᠯᠠᠨ | ᠠᠶᠢᠯ ᠬᠤᠲᠠ ᠲᠠᠢ ᠶᠢᠨ ᠾᠧ ᠭᠤᠣᠯ ᠢᠶᠠᠷ ᠵᠠᠭᠠᠭᠯᠠᠵᠤ᠂ ᠡᠮᠦᠨᠡᠰᠢ ᠶᠢᠨ ᠵᠢᠶᠧ ᠬᠤᠤ ᠪᠠᠷ ᠵᠠᠭᠠᠭ ᠪᠣᠯᠭᠠᠨ ᠬᠠᠷᠠᠮᠥ᠋ᠷᠡᠨ ᠮᠤᠵᠢ ᠶᠢᠨ ᠭᠠᠨᠨᠠᠨ ᠰᠢᠶᠠᠨ ᠲᠠᠢ | ᠬᠥᠷᠰᠢᠯᠡᠵᠦ᠂ ᠤᠮᠠᠷᠠᠰᠢ ᠪᠢ ᠯᠡ ᠾᠧ ᠭᠤᠣᠯ ᠢᠶᠠᠷ ᠵᠠᠭᠠᠭ ᠪᠣᠯᠭᠠᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠲᠠᠢ ᠵᠠᠯᠭᠠᠯᠳᠤᠵᠤ᠂ ᠪᠠᠷᠠᠭᠤᠨ ᠬᠤᠶᠢᠰᠢ ᠶᠡᠭᠡ | ᠬᠢᠩᠭᠠᠨ ᠳᠠᠪᠠᠭ᠎ᠠ ᠶᠢ ᠲᠦᠰᠢᠵᠦ ᠶᠠᠭᠰᠢ ᠬᠤᠲᠠ ᠲᠠᠢ ᠵᠠᠬ᠎ᠠ ᠨᠡᠶᠢᠯᠡᠵᠦ᠂ ᠬᠥᠯᠥᠨ ᠪᠤᠶᠢᠷ ᠬᠤᠲᠠ ᠶᠢᠨ ᠵᠡᠭᠦᠨ ᠬᠤᠶᠢᠲᠤ ᠶᠢᠨ ᠭᠤᠷᠪᠠᠨ ᠮᠤᠵᠢ ᠶᠢ ᠬᠤᠯᠪᠣᠭᠰᠠᠨ | ᠡᠮᠦᠨ᠎ᠡ ᠶᠡᠭᠡ ᠬᠠᠭᠠᠯᠭ᠎ᠠ ᠪᠣᠯᠣᠨ᠎ᠠ᠃ ᠪᠥᠬᠦ ᠬᠤᠰᠢᠭᠤᠨ ᠤ ᠶᠡᠷᠦᠩᠬᠡᠢ ᠲᠠᠯᠠᠪᠠᠶ ᠨᠢ 1 . 36 ᠲᠦᠮᠡᠨ ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ 8 | ᠪᠠᠶᠢᠭᠤᠯᠤᠮᠵᠢᠲᠤ ᠪᠠᠯᠭᠠᠰᠤ᠂ 4 ᠴᠥᠭᠡᠨ ᠲᠣᠭᠠᠲᠤ ᠦᠨᠳᠦᠰᠦᠲᠡᠨ ᠤ ᠰᠢᠶᠠᠩ᠂ 7 ᠣᠷᠣᠨ ᠨᠤᠲᠤᠭ ᠤᠨ ᠣᠶ ᠰᠢᠭᠤᠢ ᠶᠢᠨ ᠲᠠᠯᠠᠪᠠᠶ ᠪᠠ 2 ᠤᠯᠤᠰ ᠤᠨ | ᠲᠠᠷᠢᠶᠠᠯᠠᠩ ᠤᠨ ᠲᠠᠯᠠᠪᠠᠶ ᠶᠢ ᠬᠠᠷᠢᠶᠠᠯᠠᠵᠤ᠂ ᠨᠡᠶᠢᠲᠡ 148 ᠵᠠᠰᠠᠭ ᠵᠠᠬᠢᠷᠭᠠᠨ ᠤ ᠲᠣᠰᠬᠤᠨ ᠳᠤ ᠬᠢᠲᠠᠳ᠂ ᠮᠣᠩᠭᠤᠯ᠂ ᠰᠣᠯᠣᠩᠭᠤᠰ᠂ ᠬᠤᠲᠣᠩ᠂ ᠮᠠᠨᠵᠤ᠂ | ᠣᠷᠴᠣᠨ᠂ ᠡᠸᠡᠩᠬᠢ᠂ ᠳᠠᠭᠤᠷ ᠵᠡᠷᠭᠡ 27 ᠦᠨᠳᠦᠰᠦᠲᠡᠨ ᠰᠠᠭᠤᠷᠢᠰᠢᠵᠤ᠂ ︽ᠪᠥᠬᠦ ᠤᠯᠤᠰ ᠤᠨ ᠲᠦᠷᠦᠭᠦᠦ ᠪᠦᠯᠦᠭ ᠤᠨ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠤ ᠨᠢᠭᠡ ᠪᠠᠶᠢᠵᠤ᠂ ᠪᠥᠬᠦ ᠬᠤᠰᠢᠭᠤᠨ ᠤ ᠶᠡᠷᠦᠩᠬᠡᠢ ᠬᠥᠮᠥᠨ ᠠᠮᠠ 32 ᠲᠦᠮᠡ ᠪᠠᠶᠢᠨ᠎ᠠ᠃ | ᠠᠷᠤᠨ ᠬᠤᠰᠢᠭᠤ ᠤᠷᠢᠳ ᠬᠤᠵᠢᠳ ᠪᠥᠬᠦ ᠤᠯᠤᠰ ᠤᠨ ᠪᠣᠯᠪᠠᠰᠤᠨ ᠰᠢᠶᠠᠨ ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠂ ᠪᠥᠬᠦ ᠤᠯᠤᠰ ᠤᠨ | ᠰᠣᠶᠣᠯ ᠤᠨ ᠲᠡᠷᠢᠭᠦᠨ ᠤ ᠰᠢᠶᠠᠨ ᠂ ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠥᠯᠢᠭᠡᠷ ᠵᠢᠱᠢᠶ᠎ᠡ ᠶᠢᠨ ᠱᠠᠩᠨᠠᠯ᠂ ᠪᠥᠬᠦ ᠤᠯᠤᠰ ᠤᠨ | ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠰᠢᠶᠠᠨ ᠵᠡᠷᠭᠡ | ᠤᠯᠤᠰ ᠤᠨ ᠲᠠᠰ ᠤᠨ ᠢᠷᠠᠭᠤ ᠠᠯᠳᠠᠷ ᠢ 60 ᠭᠠᠷᠤᠢ ᠵᠦᠢᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠷᠠᠭᠤ ᠠᠯᠳᠠᠷ ᠢ 140 ᠭᠠᠷᠤᠢ ᠵᠦᠢᠯ ᠭᠥᠷᠳᠡᠪᠡ᠃ | ᠪᠥᠬᠦ ᠤᠯᠤᠰ ᠤᠨ ᠪᠣᠯᠪᠠᠰᠤᠨ ᠰᠢᠶᠠᠨ᠂ ᠪᠥᠬᠦ ᠤᠯᠤᠰ ᠤᠨ ᠪᠣᠯᠪᠠᠰᠤᠨ ᠲᠣᠰᠬᠤᠨ᠂ ᠪᠥᠬᠦ ᠤᠯᠤᠰ ᠤᠨ ᠪᠣᠯᠪᠠᠰᠤᠨ ᠨᠢᠭᠡᠴᠡ᠂ ᠣᠶᠤᠨ ᠤ ᠪᠣᠯᠪᠠᠰᠤᠨ ᠢ | ᠡᠭᠦᠳᠦᠨ ᠪᠠᠶᠢᠭᠤᠯᠬᠤ ᠤᠯᠤᠰ ᠤᠨ ᠲᠠᠰ ᠤᠨ ᠢᠷᠠᠭᠤ ᠠᠯᠳᠠᠷ ᠢ ᠪᠡᠶᠡᠯᠡᠭᠦᠯᠪᠡ᠃ |