︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠳᠣᠭᠢᠷᠠᠬᠤ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/12/5
       ᠡᠯ᠎ᠡ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠳᠤ᠄        ᠪᠦᠬᠦ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠡᠯ᠎ᠡ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ︽ᠣᠶ ᠰᠢᠭᠤᠶ ᠶᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ︽ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠲᠠᠶᠢᠯᠪᠤᠷᠢᠯᠠᠯᠲᠠ︾ ︽ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠡᠷᠡᠭ ᠤᠨ ᠲᠥᠷᠥᠯ ᠬᠡᠯᠪᠡᠷᠢ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠶᠢ ᠦᠨᠳᠦᠰᠦᠯᠡᠨ᠂ ᠬᠠᠤᠯᠢ ᠲᠦᠷᠢᠮ᠂ ᠲᠦᠷᠢᠮ ᠲᠣᠭᠲᠠᠭᠠᠯ ᠵᠢᠴᠢ ᠬᠠᠤᠯᠢ ᠪᠠᠷᠢᠬᠤ ᠲᠠᠶᠢᠯᠪᠤᠷᠢᠯᠠᠯᠲᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤ᠋ ᠨᠤᠲᠤᠭ ᠪᠡᠯᠴᠢᠭᠡᠷ ᠤᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ︾ ᠶᠢ ᠲᠣᠭᠲᠠᠭᠠᠪᠠ᠂ 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       2021 ᠣᠨ ᠤ 12 ᠰᠠᠷ᠎ᠠ ᠶᠢᠨ 23 ᠤ ᠡᠳᠦᠷ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ︾ ᠶᠢ ᠲᠣᠰ ︽ᠲᠦᠷᠢᠮ︾ ᠪᠠ ︽ᠰᠠᠭᠤᠷᠢ ᠪᠠᠷᠢᠮᠵᠢᠶ᠎ᠠ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠦᠴᠦᠨ ᠥᠬᠡᠶ ᠪᠣᠯᠭᠠᠨ᠎ᠠ᠃                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                                   2024 ᠣᠨ ᠤ 11 ᠰᠠᠷ᠎ᠠ ᠶᠢᠨ 21 ᠤ ᠡᠳᠦᠷ    
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ