ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ | ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠢᠩᠬᠢᠮ ᠤᠨ ᠲᠠᠷᠬᠠᠭᠠᠭᠰᠠᠨ ︹2024︺ 85 ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | 2024 ᠣᠨ ᠤ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠳᠦᠷᠦᠯ ᠤᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠮᠡᠷᠭᠡᠵᠢᠯ ᠤᠨ ᠴᠣᠯᠠ ᠶᠢ | ᠬᠢᠨᠠᠨ ᠲᠣᠭᠲᠠᠭᠠᠬᠤ ᠠᠵᠢᠯ ᠢ ᠨᠢᠭᠡᠨᠲᠡ ᠳᠠᠭᠤᠰᠬᠠᠵᠤ᠂ ᠣᠳᠣ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠥᠮᠥᠰ ᠢ ᠢᠯᠡ ᠨᠡᠶᠢᠲᠡᠯᠡᠨ᠎ᠡ᠃ | ᠢᠯᠡ ᠨᠡᠶᠢᠲᠡᠯᠡᠬᠦ ᠴᠠᠭ ᠨᠢ 2024 ᠣᠨ ᠤ 10 ᠰᠠᠷ᠎ᠠ ᠶᠢᠨ 16 ᠤ ᠡᠳᠦᠷ ᠠᠴᠠ 2024 ᠣᠨ ᠤ 10 ᠰᠠᠷ᠎ᠠ ᠶᠢᠨ 22 ᠤᠨ ᠡᠳᠦᠷ ᠪᠣᠯᠲᠠᠯ᠎ᠠ᠂ | ᠨᠠᠶᠢᠳᠠ 5 ᠠᠵᠢᠯ ᠤᠨ ᠡᠳᠦᠷ ᠪᠣᠯᠣᠨ᠎ᠠ᠃ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠥᠮᠥᠰ ᠲᠤ ᠮᠠᠳᠠᠭ ᠲᠠᠢ ᠪᠠᠶᠢᠪᠠᠯ᠂ ᠰᠤᠷᠪᠤᠯᠵᠢᠯᠠᠬᠤ ᠪᠠᠷ ᠢᠷᠡᠬᠦ᠂ | ᠵᠠᠬᠢᠳᠠᠯ ᠢᠷᠡᠭᠦᠯᠬᠦ᠂ ᠤᠲᠠᠰᠤ ᠪᠠᠷ ᠶᠠᠷᠢᠯᠴᠠᠬᠤ ᠵᠡᠷᠭᠡ ᠬᠡᠯᠪᠡᠷᠢ ᠪᠠᠷ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ | ᠠᠰᠠᠭᠤᠳᠠᠯ ᠳᠤ ᠪᠠᠶᠢᠴᠠᠭᠠᠯᠲᠠ ᠬᠢᠵᠦ ᠪᠣᠯᠬᠤ ᠭᠡᠷᠡᠴᠢᠯᠡᠭᠴᠢ ᠵᠢᠴᠢ ᠪᠤᠰᠤᠳ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠶᠢᠨ ᠬᠠᠮᠲᠤ ᠪᠢᠴᠢᠭ ᠤᠨ | ᠮᠠᠲ᠋ᠧᠷᠢᠶᠠᠯ᠂ ᠦᠨᠡᠨ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠳᠠᠭᠠᠯᠳᠤᠭᠤᠯᠬᠤ ᠬᠡᠷᠡᠭᠲᠡᠢ᠃ | ᠢᠯᠡ ᠨᠡᠶᠢᠲᠡᠯᠡᠭᠰᠡᠨ ᠬᠤᠪᠢ ᠬᠥᠮᠥᠨ ᠤ ᠮᠡᠳᠡᠭᠡ ᠵᠠᠩᠭᠢ ᠳᠤ ᠬᠡᠷᠪᠡ ᠪᠤᠷᠤᠭᠤ ᠲᠠᠢ ᠪᠣᠯ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ︵ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠺᠣᠮᠢᠰ ᠤᠨ ᠬᠡᠷᠡᠭ ᠡᠷᠭᠢᠯᠡᠬᠦ | ᠪᠠᠶᠢᠭᠤᠯᠤᠮᠵᠢ︶ ᠲᠠᠢ ᠬᠠᠷᠢᠯᠴᠠᠵᠤ ᠵᠠᠰᠠᠪᠤᠷᠢ ᠬᠢᠭᠡᠷᠡᠢ᠃ | ᠢᠯᠡ ᠨᠡᠶᠢᠲᠡᠯᠡᠬᠦ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠵᠢᠯᠲᠠᠨ ᠤ ᠶᠠᠪᠤᠳᠠᠯ ᠤᠨ | ᠭᠠᠵᠠᠷ ᠤᠨ 1104 ᠥᠷᠥᠭᠡ ᠳᠤ ᠲᠣᠬᠢᠷᠠᠭᠤᠯᠪᠠ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠧᠢ ᠵᠠᠮ ᠤᠨ 39 ᠳ᠋ᠦ᠋ᠭᠡᠷ ᠨᠣᠮᠧᠷ᠂ ᠰᠢᠤᠳᠠᠨ | ᠳ᠋ᠤᠭᠠᠷ᠄ 010011︶ | ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 13᠄ 30 — | 17᠄ 00 | ᠬᠦᠯᠢᠶᠡᠨ ᠠᠪᠬᠤ ᠤᠲᠠᠰᠤ᠄ 0471-4632081 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠳᠦᠷᠦᠯ ᠤᠨ ᠠᠮᠢ ᠠᠬᠤᠢ | ᠣᠷᠴᠢᠨ ᠲᠣᠭᠤᠷᠢᠨ ᠤ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠰᠢᠯᠭᠠᠷᠠᠭᠤᠯᠬᠤ ᠺᠣᠮᠢᠰ | 2024 ᠣᠨ ᠤ 10 ᠰᠠᠷ᠎ᠠ ᠶᠢᠨ 15 ᠤ ᠡᠳᠦᠷ | |