︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠣᠷᠣᠨ ᠤ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢ ᠴᠢᠩᠭᠠᠳᠬᠠᠨ᠂ ᠮᠠᠨ ᠤ ᠣᠷᠣᠨ ᠤ ᠲᠠᠭᠤ | ᠱᠤᠤᠭᠢᠶᠠᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠠᠷᠠᠳ ᠤᠨ ᠭᠡᠷ ᠤᠨ ᠡᠭᠦᠳᠡᠨ ᠳᠠᠬᠢ ᠲᠠᠭᠤ ᠱᠤᠤᠭᠢᠶᠠᠨ ᠤ ᠠᠰᠠᠭᠤᠳᠠᠯ ᠢ | ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ︵ᠲᠥᠰᠥᠯ︶︾ ︵ᠰᠠᠨᠠᠯ ᠬᠤᠷᠢᠶᠠᠬᠤ ᠡᠬᠡ ᠪᠢᠴᠢᠭ︶ ᠢ | ᠲᠤᠭᠤᠷᠪᠢᠪᠠ᠃ ᠡᠮᠦᠨᠡᠬᠢ ᠬᠤᠭᠤᠴᠠᠭᠠᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠠᠶᠢᠮᠠᠭ ᠤᠨ ᠵᠠᠬᠢᠷᠭ᠎ᠠ | ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠢ ᠬᠤᠷᠢᠶᠠᠵᠠᠢ᠂ ᠡᠳᠦᠭᠡ ᠨᠡᠶᠢᠭᠡᠮ ᠨᠠᠶᠢᠳᠠ ᠠᠴᠠ ᠢᠯᠡ ᠪᠠᠷ ᠰᠠᠨᠠᠯ ᠬᠤᠷᠢᠶᠠᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠳᠦᠷᠢᠮ ᠤᠨ ᠠᠭᠤᠯᠭ᠎ᠠ ᠳᠤ ᠴᠢᠭᠯᠡᠭᠦᠯᠦᠨ ᠡᠷᠬᠢᠮ ᠨᠠᠨᠳᠢᠨ ᠰᠠᠨᠠᠯ ᠰᠠᠨᠠᠭᠤᠯᠭ᠎ᠠ ᠬᠠᠩᠭᠠᠬᠤ ᠶᠢ ᠪᠠᠶᠠᠷᠯᠠᠨ ᠤᠭᠲᠤᠵᠤ ᠪᠠᠶᠢᠨ᠎ᠠ᠂ | ᠬᠤᠯᠪᠣᠭᠳᠠᠯ ᠪᠦᠬᠦᠢ ᠨᠢᠭᠡᠴᠢ ᠪᠣᠯᠣᠨ ᠤᠯᠠᠨ ᠨᠠᠶᠢᠳᠠ ᠳᠣᠣᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠭᠰᠠᠨ ᠰᠠᠨᠠᠯ ᠢᠶᠠᠨ | ᠳᠤᠷᠠᠳᠴᠤ ᠪᠣᠯᠣᠨ᠎ᠠ᠄ | 1. ᠢᠮᠧᠯ᠄ nmg_dqc@163.com᠃ | 2. ᠵᠠᠬᠢᠳᠠᠯ ᠤᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠧᠢ ᠵᠠᠮ ᠤᠨ | 39 ᠳ᠋ᠦ᠋ᠭᠡᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠭᠠᠷ ᠮᠠᠨᠳᠠᠯ ᠤᠨ ᠣᠷᠴᠢᠨ | ᠲᠣᠭᠤᠷᠢᠨ ᠤ ᠭᠠᠵᠠᠷ︔ ᠰᠢᠤᠳᠠᠨ ᠳ᠋ᠤᠭᠠᠷ᠄ 010011᠃ ᠰᠠᠨᠠᠯ ᠢᠶᠠᠨ ᠲᠤᠰᠬᠠᠬᠤ ᠳᠠᠭᠤᠰᠬᠤ ᠴᠠᠭ ᠨᠢ 2024 ᠣᠨ ᠤ 12 ᠰᠠᠷ᠎ᠠ ᠶᠢᠨ 11 ᠤ ᠡᠳᠦᠷ | ᠪᠣᠯᠣᠨ᠎ᠠ᠃ | ᠳᠠᠭᠠᠯᠳᠤᠭᠤᠯᠤᠯ᠄ 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ︵ | ᠲᠥᠰᠥᠯ︶︾ ︵ᠰᠠᠨᠠᠯ ᠬᠤᠷᠢᠶᠠᠬᠤ ᠨᠣᠣᠷᠠᠭ︶ | 2. ᠲᠤᠰᠬᠠᠭᠰᠠᠨ ᠰᠠᠨᠠᠯ ᠳᠤ ᠬᠠᠷᠢᠭᠤ ᠥᠭᠬᠦ ᠬᠦᠰᠦᠨᠦᠭᠲᠦ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ | 2024 ᠣᠨ ᠤ 11 ᠰᠠᠷ᠎ᠠ ᠶᠢᠨ 12 ᠤᠨ ᠡᠳᠦᠷ |