3 ᠣᠯᠠᠨ ᠨᠡᠶᠢᠳᠡ ᠶᠢᠨ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠷᠢᠮ
ᠨᠡᠶᠢᠲᠡᠯᠡᠭᠰᠡᠨ ᠴᠠᠭ᠄
2024/12/5
       ᠭᠤᠷᠪᠠᠳᠤᠭᠠᠷ ᠪᠦᠯᠦᠭ ᠠᠰᠢᠭᠯᠠᠯᠳᠠ ᠪᠤᠯᠤᠨ ᠦᠢᠯᠡᠴᠢᠯᠡᠭᠡ        ᠠᠷᠪᠠᠨ ᠵᠢᠷᠭᠤᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠦᠢᠯᠡᠴᠢᠯᠡᠭᠡᠨ ᠤ ᠨᠦᠭᠦᠴᠡᠯ ᠢᠶᠠᠨ ᠪᠦᠷᠢᠨᠰᠢᠭᠦᠯᠵᠦ᠂ ᠦᠢᠯᠡᠴᠢᠯᠡᠭᠡ ᠪᠠᠨ ᠲᠦᠷᠢᠮᠵᠢᠭᠦᠯᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠴᠢᠳᠠᠪᠬᠢ᠂ ᠤᠨᠴᠠᠯᠢᠭ ᠲᠠᠢ ᠲᠤᠬᠢᠷᠠᠭᠰᠠᠨ ᠦᠢᠯᠡᠴᠢᠯᠡᠭᠡ ᠶᠢ ᠬᠠᠩᠭᠠᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠡᠷᠡᠭᠦᠯ᠂ ᠪᠤᠯᠪᠠᠰᠤᠨ ᠢᠶᠠᠷ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠦᠷᠨᠢᠭᠦᠯᠬᠦ ᠶᠢ ᠪᠠᠳᠤᠯᠠᠨ᠎ᠠ᠃        ᠠᠷᠪᠠᠨ ᠲᠤᠯᠤᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠴᠢᠳᠠᠪᠬᠢ᠂ ᠤᠨᠴᠠᠯᠢᠭ ᠢ ᠦᠨᠳᠦᠰᠦᠯᠡᠨ ᠤᠯᠠᠨ ᠲᠦᠮᠡᠨ ᠳᠤ ᠨᠡᠭᠡᠭᠡᠵᠦ᠂ ᠨᠡᠭᠡᠭᠡᠬᠦ ᠴᠠᠭ ᠢ ᠲᠤᠰ ᠭᠠᠵᠠᠷ ᠤᠨ ᠤᠯᠠᠨ ᠲᠦᠮᠡᠨ ᠤ ᠠᠵᠢᠯᠯᠠᠬᠤ ᠪᠠ ᠰᠤᠷᠤᠯᠴᠠᠬᠤ ᠴᠠᠭ ᠲᠠᠢ ᠵᠤᠬᠢᠬᠤ ᠬᠡᠮᠵᠢᠶ᠎ᠡ ᠪᠠᠷ ᠵᠦᠷᠢᠭᠦᠯᠬᠦ ᠬᠡᠷᠡᠭᠳᠡᠢ᠃ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠨᠡᠭᠡᠭᠡᠬᠦ ᠴᠠᠭ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠶᠢᠨ ᠲᠤᠭᠳᠠᠭᠰᠠᠨ ᠬᠠᠮᠤᠭ ᠤᠨ ᠪᠤᠭᠤᠨᠢ ᠴᠠᠭ ᠠᠴᠠ ᠣᠬᠤᠷ ᠪᠠᠶᠢᠵᠦ ᠪᠤᠯᠬᠤ ᠦᠭᠡᠢ᠃ ᠤᠯᠤᠰ ᠤᠨ ᠬᠠᠦᠯᠢ ᠶᠤᠰᠤᠨ ᠤ ᠠᠮᠠᠷᠠᠯᠳᠠ᠂ ᠪᠠᠶᠠᠷ ᠲᠤᠷᠠᠰᠬᠠᠯ ᠤᠨ ᠡᠳᠦᠷ ᠪᠤᠯᠤᠨ ᠰᠤᠷᠭᠠᠭᠤᠯᠢ ᠶᠢᠨ ᠡᠪᠦᠯ ᠵᠤᠨ ᠤ ᠠᠮᠠᠷᠠᠯᠳᠠ ᠶᠢᠨ ᠬᠤᠭᠤᠴᠠᠭᠠᠨ ᠳᠤ ᠵᠤᠬᠢᠬᠤ ᠬᠡᠮᠵᠢᠶ᠎ᠡ ᠪᠠᠷ ᠨᠡᠭᠡᠭᠡᠬᠦ ᠴᠠᠭ ᠢᠶᠠᠨ ᠤᠷᠳᠤᠳᠬᠠᠬᠤ ᠬᠡᠷᠡᠭᠳᠡᠢ᠃ ᠰᠤᠷᠭᠠᠭᠤᠯᠢ ᠶᠢᠨ ᠡᠪᠦᠯ ᠵᠤᠨ ᠤ ᠠᠮᠠᠷᠠᠯᠳᠠ ᠶᠢᠨ ᠬᠤᠭᠤᠴᠠᠭᠠᠨ ᠳᠤ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠰᠣᠷᠣᠭᠴᠢᠳ ᠤᠨ ᠤᠨᠴᠠᠯᠢᠭ ᠲᠤ ᠲᠤᠬᠢᠷᠠᠭᠰᠠᠨ ᠰᠣᠶᠣᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠨᠡᠮᠡᠵᠦ ᠨᠡᠬᠡᠬᠡᠬᠦ ᠬᠡᠷᠡᠭᠳᠡᠢ᠃        ᠠᠷᠪᠠᠨ ᠨᠠᠢᠮᠠᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠤᠯᠠᠨ ᠲᠦᠮᠡᠨ ᠳᠤ ᠦᠢᠯᠡᠴᠢᠯᠡᠭᠡᠨ ᠤ ᠠᠭᠤᠯᠭ᠎ᠠ ᠪᠤᠯᠤᠨ ᠨᠡᠬᠡᠬᠡᠬᠦ ᠴᠠᠭ ᠢᠶᠠᠨ ᠢᠯᠡ ᠨᠡᠶᠢᠳᠡᠯᠡᠬᠦ ᠬᠡᠷᠡᠭᠳᠡᠢ᠃ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠨᠢ ᠰᠡᠯᠪᠢᠵᠦ ᠵᠠᠰᠠᠬᠤ ᠵᠡᠷᠭᠡ ᠰᠢᠯᠳᠠᠭᠠᠨ ᠠᠴᠠ ᠲᠦᠷ ᠴᠠᠭ ᠨᠡᠭᠡᠭᠡᠬᠦ ᠪᠠᠨ ᠵᠤᠭᠰᠤᠬᠤ ᠳᠠᠭᠠᠨ ᠲᠤᠯᠤᠭ᠎ᠠ ᠡᠳᠦᠷ ᠤᠨ ᠡᠮᠦᠨ᠎ᠡ ᠤᠷᠢᠳᠴᠢᠯᠠᠨ ᠨᠡᠶᠢᠳᠡᠯᠡᠬᠦ ᠬᠡᠷᠡᠭᠳᠡᠢ᠃        ᠠᠷᠪᠠ ᠶᠢᠰᠦᠳᠦᠭᠡᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠲᠦᠭᠦᠭᠡᠷᠦᠮᠵᠢ ᠶᠢᠨ ᠭᠡᠷᠡᠭᠯᠡᠭᠦ ᠠᠷᠭ᠎ᠠ ᠪᠤᠯᠤᠨ ᠠᠩᠬᠠᠷᠬᠤ ᠵᠦᠢᠯ ᠢ ᠨᠢᠳᠦᠨ  ᠳᠤ ᠢᠯᠡ ᠭᠠᠵᠠᠷ ᠲᠤᠳᠤᠷᠬᠠᠶᠢᠯᠠᠬᠤ ᠭᠡᠷᠡᠭᠳᠡᠢ᠃        ᠬᠤᠷᠢᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠵᠤᠬᠢᠬᠤ ᠬᠡᠮᠵᠢᠶ᠎ᠡ ᠪᠠᠷ ᠰᠦᠢᠳᠭᠡᠯ ᠬᠤᠷᠢᠶᠠᠵᠦ ᠦᠢᠯᠡᠴᠢᠯᠡᠭᠡ ᠬᠠᠩᠭᠠᠵᠦ ᠪᠤᠯᠤᠨ᠎ᠠ᠂ ᠰᠦᠢᠳᠬᠡᠯ ᠬᠤᠷᠢᠶᠠᠨᠬᠤ ᠲᠦᠷᠦᠯ ᠵᠦᠢᠯ ᠪᠤᠯᠤᠨ ᠪᠠᠷᠢᠮᠵᠢᠶ᠎ᠠ ᠨᠢ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ ᠲᠠᠮᠵᠢᠨ ᠵᠦᠪᠰᠢᠶᠡᠷᠡᠭᠦᠯᠬᠦ ᠭᠡᠷᠡᠭᠳᠡᠢ᠃        ᠬᠤᠷᠢᠨ ᠨᠢᠭᠡᠳᠦᠭᠡᠷ ᠵᠤᠷᠪᠤᠰ ᠰᠦᠢᠳᠭᠡᠯ ᠬᠤᠷᠢᠶᠠᠨᠬᠤ ᠶᠤᠰᠤᠲᠠᠢ ᠣᠯᠠᠨ ᠨᠡᠶᠢᠳᠡ ᠶᠢᠨ ᠰᠤᠶᠤᠯ ᠪᠡᠶ᠎ᠡ  ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠲᠦᠭᠦᠭᠡᠷᠦᠮᠵᠢ ᠶᠢᠨ ᠴᠢᠳᠡᠪᠬᠢ ᠪᠤᠯᠤᠨ ᠤᠨᠴᠠᠯᠢᠭ ᠢ ᠦᠨᠳᠦᠰᠦᠯᠡᠨ ᠰᠣᠷᠣᠭᠴᠢᠳ᠂ ᠨᠠᠰᠤᠳᠠᠶᠢᠴᠣᠳ᠂ ᠵᠡᠮᠳᠡᠭᠴᠤᠳ ᠲᠤ ᠦᠨ᠎ᠡ ᠲᠦᠯᠦᠪᠦᠷᠢ ᠠᠪᠬᠤ ᠦᠭᠡᠢ ᠪᠤᠶᠤ ᠬᠠᠷᠠᠭᠠᠯᠵᠠᠯ ᠦᠵᠡᠭᠦᠯᠬᠦ ᠬᠡᠷᠡᠭᠳᠡᠢ᠂ ᠪᠤᠳᠠᠳᠠᠢ ᠠᠷᠭ᠎ᠠ ᠬᠡᠮᠵᠢᠶ᠎ᠡ ᠶᠢ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠠᠴᠠ ᠲᠤᠭᠳᠠᠭᠠᠨ᠎ᠠ᠃        ᠬᠤᠷᠢᠨ ᠬᠤᠶᠠᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠤᠨ ᠲᠦᠭᠦᠭᠡᠷᠦᠮᠵᠢ ᠶᠢᠨ ᠬᠠᠮᠢᠶᠠᠷᠤᠯᠳᠠ  ᠶᠢᠨ ᠪᠠᠶᠢᠭᠤᠯᠭ᠎ᠠ ᠨᠢ ᠲᠡᠦᠬᠡ ᠶᠢᠨ ᠲᠤᠷᠠᠰᠬᠠᠯᠳᠤ ᠵᠦᠢᠯ ᠤᠨ ᠲᠡᠯᠭᠡᠨ ᠦᠵᠡᠭᠦᠯᠭᠡ᠂ ᠤᠷᠠᠨ ᠵᠢᠷᠤᠭ ᠤᠨ ᠲᠡᠯᠭᠡᠨ ᠦᠵᠡᠭᠦᠯᠭᠡ᠂ ᠤᠷᠠᠯᠢᠭ ᠤᠨ ᠪᠤᠯᠪᠠᠰᠤᠷᠠᠯ ᠵᠡᠷᠭᠡ ᠰᠤᠶᠤᠯ ᠤᠨ ᠬᠦᠳᠡᠯᠭᠡᠭᠡᠨ ᠡᠷᠬᠢᠯᠡᠬᠦ ᠳᠤ ᠲᠦᠭᠦᠭᠡᠷᠦᠮᠵᠢ ᠪᠠᠨ ᠲᠦᠷᠢᠶᠡᠰᠦᠯᠡᠬᠦᠯᠵᠦ ᠦᠭᠴᠦ ᠪᠤᠯᠤᠨ᠎ᠠ᠃ ᠣᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠲᠦᠭᠦᠭᠡᠷᠦᠮᠵᠢ ᠶᠢᠨ ᠭᠤᠤᠯ ᠴᠤᠭᠴᠠ ᠬᠡᠰᠡᠭ ᠢ ᠪᠡᠶ᠎ᠡ ᠶᠢᠨ ᠲᠠᠮᠢᠷ ᠤᠨ ᠪᠤᠰᠤ ᠬᠦᠳᠡᠯᠭᠡᠭᠡᠨ ᠳᠤ ᠬᠡᠷᠡᠭᠯᠡᠵᠦ ᠪᠤᠯᠬᠤ ᠦᠭᠡᠢ᠃ ᠭᠡᠪᠡᠴᠦ ᠨᠡᠶᠢᠳᠡ ᠶᠢᠨ ᠠᠰᠠᠷᠠᠮᠵᠢ ᠶᠢᠨ ᠬᠦᠳᠡᠯᠭᠡᠭᠡᠨ ᠪᠤᠶᠤ ᠲᠤᠮᠤ ᠬᠡᠮᠵᠢᠶᠡᠨ ᠤ ᠰᠤᠶᠤᠯ ᠤᠨ ᠬᠦᠳᠡᠯᠭᠡᠭᠡᠨ ᠡᠷᠬᠢᠯᠡᠬᠦ ᠵᠡᠷᠭᠡ ᠤᠨᠴᠠᠭᠠᠢ ᠪᠠᠶᠢᠳᠠᠯ ᠳᠤ ᠲᠦᠷ ᠬᠤᠭᠤᠴᠠᠭ᠎ᠠ ᠭᠠᠳᠠᠭᠰᠢ ᠲᠦᠷᠢᠶᠡᠰᠦᠯᠡᠭᠦᠯᠵᠦ ᠪᠤᠯᠤᠨ᠎ᠠ᠂ ᠲᠦᠷ ᠴᠠᠭ ᠲᠦᠷᠢᠶᠡᠰᠦᠯᠡᠭᠦᠯᠬᠦ ᠬᠤᠭᠤᠴᠠᠭ᠎ᠠ ᠨᠢ ᠡᠩ ᠤᠨ ᠪᠠᠶᠢᠳᠠᠯ ᠳᠤ 10 ᠡᠳᠦᠷ ᠠᠴᠠ ᠬᠡᠳᠦᠷᠡᠵᠦ ᠪᠤᠯᠬᠤ ᠦᠬᠡᠢ︔ ᠲᠦᠷᠢᠶᠡᠰᠦᠯᠡᠬᠦᠯᠬᠦ ᠬᠤᠭᠤᠴᠠᠭ᠎ᠠ ᠲᠤᠯᠪᠠᠯ ᠲᠦᠷᠢᠶᠡᠰᠦᠯᠡᠭᠴᠢ ᠨᠢ ᠤᠭ  ᠤᠨ ᠪᠠᠶᠢᠳᠠᠯ ᠢ ᠰᠡᠷᠭᠦᠭᠡᠵᠦ᠂ ᠲᠦᠭᠦᠭᠡᠷᠦᠮᠵᠢ ᠶᠢᠨ ᠴᠢᠳᠠᠪᠬᠢ᠂ ᠬᠡᠷᠡᠭᠴᠡᠭᠡ ᠶᠢ ᠨᠦᠯᠦᠭᠡᠯᠡᠵᠦ ᠪᠤᠯᠬᠤ ᠦᠬᠡᠢ᠃        ᠬᠤᠷᠢᠨ ᠭᠤᠷᠪᠠᠳᠤᠭᠠᠷ ᠵᠤᠷᠪᠤᠰ ᠤᠯᠠᠨ ᠲᠦᠮᠡᠨ ᠨᠢ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ  ᠤᠨ ᠲᠦᠭᠦᠭᠡᠷᠦᠮᠵᠢ ᠶᠢ ᠬᠡᠷᠡᠭᠯᠡᠬᠦ ᠳᠡᠭᠡᠨ ᠤᠯᠠᠨ ᠨᠡᠶᠢᠳᠡ ᠶᠢᠨ ᠡᠮᠬᠢ ᠲᠢᠭᠯᠢᠮ ᠢ ᠲᠠᠭᠠᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠬᠠᠶᠢᠷᠠᠯᠠᠵᠦ ᠬᠠᠮᠠᠭᠠᠯᠠᠬᠤ ᠬᠡᠷᠡᠭᠳᠡᠢ᠃ ᠶᠠᠮᠠᠷᠪᠠ ᠪᠠᠶᠢᠭᠤᠯᠭ᠎ᠠ ᠪᠤᠶᠤ ᠬᠤᠪᠢ ᠬᠦᠮᠦᠨ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠡᠪᠳᠡᠨ ᠰᠦᠢᠳᠬᠡᠵᠦ ᠪᠤᠯᠬᠤ ᠦᠬᠡᠢ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ