5 ᠣᠯᠠᠨ ᠨᠡᠶᠢᠳᠡ ᠶᠢᠨ ᠰᠣᠶᠣᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠦᠷᠢᠮ
ᠨᠡᠶᠢᠲᠡᠯᠡᠭᠰᠡᠨ ᠴᠠᠭ᠄
2024/12/5
       ᠲᠠᠪᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ        ᠬᠤᠷᠢᠨ ᠨᠠᠢᠮᠠᠳᠤᠭᠠᠷ ᠵᠤᠷᠪᠤᠰ ᠰᠤᠶᠤᠯ᠂ ᠪᠡᠶ᠎ᠡ ᠶᠢᠨ ᠲᠠᠮᠢᠷ᠂ ᠬᠤᠳᠠ ᠬᠦᠳᠡᠭᠡ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ᠂ ᠭᠠᠵᠠᠷ ᠰᠢᠷᠣᠢ ᠵᠡᠷᠭᠡ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠵᠢᠴᠢ ᠠᠵᠢᠯᠲᠠᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠡᠷᠡᠭᠵᠢᠭᠦᠯᠦᠭᠰᠡᠨ ᠦᠭᠡᠢ ᠪᠤᠶᠤ ᠬᠠᠦᠯᠢ ᠵᠦᠷᠢᠴᠡᠭᠰᠡᠨ ᠠᠵᠢᠯᠯᠠᠭ᠎ᠠ ᠶᠢ ᠮᠡᠳᠡᠭᠡᠳ ᠬᠠᠦᠯᠢ ᠶᠤᠰᠤᠭᠠᠷ ᠪᠠᠶᠢᠴᠠᠭᠠᠨ ᠰᠢᠢᠳᠬᠡᠬᠦ ᠦᠭᠡᠢ ᠪᠤᠯ ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠶᠤ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠦᠯᠢ ᠶᠢᠨ ᠲᠠᠭᠠᠦ ᠵᠠᠰᠠᠭ ᠵᠠᠬᠢᠷᠭᠠᠨ ᠤ ᠰᠢᠢᠳᠬᠡᠯ ᠦᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠢᠨ ᠲᠠᠭᠠᠦ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃        ᠬᠤᠷᠢ ᠶᠢᠰᠦᠳᠦᠭᠡᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠤᠷᠢᠳᠴᠢᠯᠠᠨ ᠦᠯᠡᠳᠡᠭᠡᠭᠰᠡᠨ ᠭᠠᠵᠠᠷ ᠢ ᠪᠤᠯᠢᠶᠠᠨ ᠡᠵᠡᠯᠡᠭᠰᠡᠨ ᠪᠤᠶᠤ ᠦᠢᠯᠡᠳᠦᠯ ᠬᠡᠷᠡᠭᠴᠡᠭᠡ ᠶᠢ ᠨᠢ ᠬᠤᠪᠢᠷᠠᠭᠤᠯᠤᠭᠰᠠᠨ ᠪᠠᠶᠢᠪᠠᠯ᠂ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠬᠤᠳᠠ ᠬᠦᠳᠡᠭᠡ ᠶᠢᠨ ᠲᠦᠯᠦᠪᠵᠢᠭᠦᠯᠬᠡ ᠶᠢᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠲᠠᠭᠠᠦ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠬᠤ ᠶᠢ ᠵᠠᠷᠯᠢᠭᠳᠠᠨ᠎ᠠ︔ ᠬᠤᠭᠤᠴᠠᠭ᠎ᠠ ᠨᠢ ᠬᠡᠳᠦᠷᠡᠵᠦ ᠵᠠᠯᠠᠷᠠᠭᠤᠯᠬᠤ ᠦᠭᠡᠢ ᠪᠤᠯ ᠰᠢᠢᠳᠪᠦᠷᠢ ᠭᠠᠷᠭᠠᠭᠰᠠᠨ ᠠᠯᠪᠠᠨ ᠪᠠᠶᠢᠭᠤᠯᠭ᠎ᠠ ᠠᠴᠠ ᠬᠠᠦᠯᠢ ᠶᠢᠨ ᠲᠠᠭᠠᠦ ᠠᠷᠠᠳ ᠤᠨ ᠰᠢᠭᠦᠭᠦ ᠬᠤᠷᠢᠶᠠᠨ ᠳᠤ ᠠᠯᠪᠠᠲᠠᠨ ᠬᠡᠷᠡᠭᠵᠢᠭᠦᠯᠬᠦ ᠶᠢ ᠭᠤᠶᠤᠴᠢᠯᠠᠨ᠎ᠠ᠃        ᠭᠤᠴᠢᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠲᠠᠷᠠᠭᠠᠬᠢ ᠵᠦᠢᠯᠡᠰ ᠤᠨ ᠠᠯᠢ ᠨᠢᠭᠡ ᠠᠵᠢᠯᠯᠠᠭ᠎ᠠ ᠶᠢ ᠬᠢᠭᠰᠡᠨ ᠪᠠᠶᠢᠪᠠᠯ᠂ ᠰᠤᠶᠤᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠲᠠᠭᠠᠦ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠬᠤ ᠶᠢ ᠵᠠᠷᠯᠢᠭᠳᠠᠨ᠎ᠠ︔ ᠬᠦᠨᠳᠦ ᠨᠤᠴᠢᠲᠠᠢ ᠦᠷ᠎ᠡ ᠳ᠋ᠦᠩ ᠤᠴᠠᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠦᠯᠢ ᠶᠢᠨ ᠲᠠᠭᠠᠦ ᠵᠠᠰᠭ ᠵᠠᠬᠢᠷᠭᠠᠨ ᠤ ᠰᠢᠢᠳᠬᠡᠯ ᠦᠭᠭᠦᠨ᠎ᠡ᠄       ︵ᠨᠢᠭᠡ︶ ᠲᠤᠭᠳᠠᠭᠠᠯ ᠳᠠᠬᠢ ᠬᠠᠮᠤᠭ ᠤᠨ ᠪᠤᠭᠤᠨᠢ ᠬᠤᠭᠤᠴᠠᠭ᠎ᠠ ᠪᠠᠷ ᠤᠯᠠᠨ ᠲᠦᠮᠡᠨ ᠳᠤ ᠨᠡᠭᠡᠭᠡᠯᠳᠡᠳᠡᠢ ᠪᠤᠰᠦ ᠪᠠᠶᠢᠯᠭᠠᠭᠰᠠᠨ︔       ︵ᠬᠤᠶᠠᠷ︶ ᠦᠢᠯᠡᠴᠢᠯᠡᠭᠡᠨ ᠤ ᠲᠦᠷᠦᠯ ᠵᠦᠢᠯ᠂ ᠨᠡᠭᠡᠭᠡᠬᠦ ᠴᠠᠭ ᠵᠡᠷᠭᠡ ᠶᠢ ᠢᠯᠡ ᠨᠡᠶᠢᠳᠡᠯᠡᠭᠰᠡᠨ ᠦᠭᠡᠢ︔       ︵ᠭᠤᠷᠪᠠ︶ ᠲᠦᠭᠦᠭᠡᠷᠦᠮᠵᠢ ᠶᠢᠨ ᠭᠡᠷᠡᠭᠯᠡᠬᠦ ᠠᠷᠭ᠎ᠠ ᠪᠤᠶᠤ ᠠᠩᠬᠠᠷᠬᠤ ᠵᠦᠢᠯ ᠢ ᠨᠢᠳᠦᠨ ᠳᠤ ᠢᠯᠡ ᠭᠠᠵᠠᠷ ᠲᠤᠳᠤᠷᠬᠠᠶᠢᠯᠠᠭᠰᠠᠨ ᠦᠭᠡᠢ︔       ︵ᠲᠦᠷᠪᠡ︶ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠦ ᠲᠡᠭᠦᠯᠳᠠᠷᠵᠢᠭᠦᠯᠦᠭᠰᠡᠨ ᠦᠭᠡᠢ︔       ︵ᠲᠠᠪᠤ︶ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠨᠡᠷᠡᠶᠢᠳᠦᠯ᠂ ᠬᠠᠶ᠋ᠢᠭ᠂ ᠦᠢᠯᠡᠴᠢᠯᠡᠭᠡᠨ ᠤ ᠲᠦᠷᠦᠯ ᠵᠦᠢᠯ ᠵᠡᠷᠭᠡ ᠠᠭᠤᠯᠭ᠎ᠠ ᠶᠢ ᠰᠣᠶᠣᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠯᠠᠬᠤ ᠰᠠᠯᠠᠭ᠎ᠠ ᠮᠦᠴᠢᠷ ᠲᠤ ᠮᠡᠳᠡᠭᠦᠯᠵᠦ ᠲᠠᠩᠰᠠᠯᠠᠭᠤᠯᠤᠭᠰᠠᠨ ᠦᠭᠡᠢ᠃        ᠭᠤᠴᠢᠨ ᠨᠢᠭᠡᠳᠦᠭᠡᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠨᠢ ᠲᠠᠷᠠᠭᠠᠬᠢ ᠵᠦᠢᠯᠡᠰ ᠤᠨ ᠠᠯᠢ ᠨᠢᠭᠡ ᠠᠵᠢᠯᠯᠠᠭ᠎ᠠ ᠶᠢ ᠬᠢᠭᠰᠡᠨ ᠪᠤᠯ᠂ ᠰᠣᠶᠣᠯ  ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠯᠠᠬᠤ ᠰᠠᠯᠠᠭ᠎ᠠ ᠮᠦᠴᠢᠷ ᠠᠴᠠ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠲᠠᠭᠠᠦ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠬᠤ ᠶᠢ ᠵᠠᠷᠯᠢᠭᠳᠠᠨ᠂ ᠬᠠᠦᠯᠢ ᠵᠦᠷᠢᠴᠡᠭᠰᠡᠨ ᠤᠷᠤᠯᠭ᠎ᠠ ᠶᠢ ᠨᠢ ᠬᠤᠷᠢᠶᠠᠨ ᠠᠪᠤᠨ᠎ᠠ᠂ ᠬᠠᠦᠯᠢ ᠵᠦᠷᠢᠴᠡᠭᠰᠡᠨ ᠤᠷᠤᠯᠭ᠎ᠠ ᠨᠢ 5000 ᠵᠤᠭᠤᠰ ᠠᠴᠠ ᠲᠡᠭᠡᠭᠰᠢ ᠪᠤᠯ᠂ ᠬᠠᠦᠯᠢ ᠵᠦᠷᠢᠴᠡᠭᠰᠡᠨ ᠣᠷᠣᠯᠭ᠎ᠠ ᠶᠢᠨ ᠬᠤᠶᠠᠷ ᠲᠠᠬᠢᠨ ᠠᠴᠠ ᠲᠡᠭᠡᠭᠰᠢ᠂ ᠲᠠᠪᠤᠨ ᠲᠠᠬᠢᠨ ᠠᠴᠠ ᠲᠤᠭᠤᠭᠰᠢ ᠲᠤᠷᠭᠠᠨ᠎ᠠ︔ ᠬᠠᠦᠯᠢ ᠵᠦᠷᠢᠴᠡᠭᠰᠡᠨ ᠣᠷᠣᠯᠭ᠎ᠠ ᠦᠭᠡᠢ ᠪᠤᠶᠤ 5000 ᠵᠤᠭᠤᠰ ᠠᠴᠠ ᠲᠤᠭᠤᠭᠰᠢ ᠪᠤᠯ᠂ ᠨᠢᠭᠡ ᠲᠦᠮᠡᠨ ᠵᠤᠭᠤᠰ ᠠᠴᠠ ᠲᠤᠭᠤᠭᠰᠢ ᠲᠤᠷᠭᠠᠨ᠎ᠠ︔ ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠶᠤ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠦᠯᠢ ᠶᠢᠨ ᠲᠠᠭᠠᠦ ᠵᠠᠰᠠᠭ ᠵᠠᠬᠢᠷᠠᠭᠠᠨ ᠤ ᠰᠢᠢᠳᠬᠡᠯ ᠦᠭᠭᠦᠨ᠎ᠡ᠄ ︵ᠨᠢᠭᠡ︶ ᠣᠯᠠᠨ ᠨᠡᠶᠢᠳᠡ ᠶᠢᠨ ᠰᠤᠶᠤᠯ ᠪᠡᠶ᠎ᠡ  ᠶᠢᠨ ᠲᠠᠮᠢᠷ ᠤᠨ ᠲᠦᠭᠦᠭᠡᠷᠦᠮᠵᠢ ᠶᠢᠨ ᠬᠡᠷᠡᠭᠴᠡᠭᠡ ᠴᠢᠳᠠᠪᠬᠢ ᠳᠤ ᠲᠤᠬᠢᠷᠠᠬᠤ ᠦᠭᠡᠢ ᠦᠢᠯᠡᠴᠢᠯᠡᠭᠡᠨ ᠤ ᠬᠦᠳᠡᠯᠭᠡᠭᠡᠨ ᠦᠷᠨᠢᠭᠦᠯᠦᠭᠰᠡᠨ︔ ︵ᠬᠤᠶᠠᠷ︶ ᠲᠤᠰ ᠲᠦᠷᠢᠮ ᠤᠨ ᠲᠤᠭᠳᠠᠭᠠᠯ ᠢ ᠵᠦᠷᠢᠴᠡᠵᠦ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠲᠦᠷᠢᠶᠡᠰᠦᠯᠡᠭᠦᠯᠦᠭᠰᠡᠨ᠃        ᠭᠤᠴᠢᠨ ᠬᠤᠶᠠᠳᠤᠭᠠᠷ ᠵᠤᠷᠪᠤᠰ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠵᠢᠴᠢ ᠠᠵᠢᠯᠳᠠᠨ ᠲᠤᠰ ᠲᠦᠷᠢᠮ ᠤᠨ ᠲᠤᠭᠳᠠᠭᠠᠯ ᠢ ᠵᠦᠷᠢᠴᠡᠵᠦ᠂ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠳᠠ ᠶᠢᠨ ᠪᠠᠶᠢᠭᠤᠯᠭ᠎ᠠ ᠶᠢᠨ ᠡᠯ᠎ᠡ ᠵᠦᠢᠯ ᠤᠨ ᠤᠷᠤᠯᠭ᠎ᠠ ᠶᠢ ᠨᠡᠭᠦᠯᠭᠡᠨ ᠬᠡᠷᠡᠭᠯᠡᠭᠰᠡᠨ ᠪᠤᠶᠤ ᠵᠠᠰᠠᠨ ᠬᠠᠮᠠᠭᠠᠯᠠᠬᠤ ᠨᠦᠭᠦᠴᠡᠯ ᠲᠠᠢ ᠪᠠᠶᠢᠭᠠᠳ ᠵᠠᠰᠠᠨ ᠬᠠᠮᠠᠭᠠᠯᠠᠬᠤ ᠡᠭᠦᠷᠭᠡ ᠪᠠᠨ ᠬᠦᠢᠴᠡᠳᠭᠡᠭᠰᠡᠨ ᠦᠭᠡᠢ ᠪᠤᠯ ᠰᠤᠶᠤᠯ ᠤᠨ ᠵᠠᠰᠠᠭ ᠵᠠᠬᠢᠷᠭᠠᠨ ᠤ ᠭᠤᠯᠯᠠᠬᠤ ᠰᠠᠯᠠᠭ᠎ᠠ ᠮᠦᠴᠢᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠢᠨ ᠲᠠᠭᠠᠦ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠬᠤ ᠶᠢ ᠵᠠᠷᠯᠢᠭᠳᠠᠨ᠎ᠠ︔ ᠬᠠᠷᠢᠭᠤᠴᠠᠯᠭ᠎ᠠ ᠬᠦᠯᠢᠶᠡᠭᠰᠡᠨ ᠭᠤᠤᠯᠯᠠᠬᠤ ᠬᠦᠮᠦᠰ ᠪᠤᠶᠤ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠦᠯᠢ ᠶᠤᠰᠤᠭᠠᠷ ᠵᠠᠰᠠᠭ ᠵᠠᠬᠢᠷᠠᠭᠠᠨ ᠤ ᠰᠢᠢᠳᠬᠡᠯ ᠦᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃        ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ        ᠭᠤᠴᠢᠨ ᠭᠤᠷᠪᠠᠳᠤᠭᠠᠷ ᠵᠤᠷᠪᠤᠰ ᠤᠯᠤᠰ ᠤᠨ ᠠᠯᠪᠠᠨ ᠪᠠᠶᠢᠭᠤᠯᠭ᠎ᠠ᠂ ᠰᠤᠷᠭᠠᠭᠤᠯᠢ ᠵᠡᠷᠭᠡ ᠪᠠᠶᠢᠭᠤᠯᠭ᠎ᠠ  ᠶᠢᠨ ᠲᠤᠳᠤᠭᠠᠳᠦ ᠳᠠᠬᠢ ᠰᠣᠶᠣᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠤᠯᠠᠨ ᠲᠦᠮᠡᠨ ᠳᠤ ᠨᠡᠬᠡᠬᠡᠬᠦ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠰᠣᠶᠣᠯ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ᠂ ᠪᠡᠶ᠎ᠡ  ᠶᠢᠨ ᠲᠠᠮᠢᠷ ᠤᠨ ᠵᠠᠰᠠᠭ ᠵᠠᠬᠢᠷᠭᠠᠨ ᠤ ᠭᠤᠤᠯᠯᠠᠬᠤ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠦᠷᠠᠵᠦ ᠪᠠᠶᠢᠭᠠᠳ ᠲᠤᠰ ᠲᠦᠷᠢᠮ ᠤᠨ ᠵᠠᠷᠴᠢᠮ ᠢ ᠦᠨᠳᠦᠰᠦᠯᠡᠨ ᠲᠤᠰ ᠲᠤᠨᠢ ᠬᠠᠮᠢᠶᠠᠷᠤᠯᠳᠠ ᠶᠢᠨ ᠠᠷᠭ᠎ᠠ ᠲᠤᠭᠳᠠᠭᠠᠨ᠎ᠠ᠃        ᠭᠤᠴᠢᠨ ᠲᠦᠷᠪᠡᠳᠦᠭᠡᠷ ᠵᠤᠷᠪᠤᠰ ᠲᠤᠰ ᠲᠦᠷᠢᠮ ᠢ 2003 ᠤᠨ ᠤ 8 ᠰᠠᠷ᠎ᠠ ᠶᠢᠨ 1 ᠤ ᠡᠳᠦᠷ  ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ