ᠪᠠᠶᠢᠭᠠᠯᠢ ᠶᠢᠨ ᠨᠥᠬᠦᠴᠡᠯ | ᠪᠠᠶᠠᠨ ᠲᠠᠩᠰᠤᠭ᠂ ᠦᠵᠡᠰᠬᠦᠯᠡᠩᠲᠦ ᠰᠠᠶᠢᠬᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯ ᠠᠭᠤᠤ ᠶᠡᠭᠡ ᠡᠬᠡ ᠤᠯᠤᠰ ᠤᠨ ᠵᠡᠭᠦᠨ | ᠬᠤᠶᠢᠲᠤ ᠬᠢᠯᠢ ᠬᠢᠵᠠᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠬᠡᠰᠡᠭ᠂ ᠬᠥᠯᠥᠨ ᠪᠤᠶᠢᠷ ᠤᠨ ᠲᠠᠯ᠎ᠠ ᠨᠤᠲᠤᠭ ᠤᠨ ᠵᠡᠭᠦᠨ | ᠡᠮᠦᠨ᠎ᠡ ᠬᠡᠰᠡᠭ ᠲᠤ ᠪᠠᠶᠢᠷᠢᠯᠠᠵᠤ ᠪᠠᠶᠢᠨ᠎ᠠ᠃ ᠭᠠᠵᠠᠷ ᠵᠦᠢ ᠶᠢᠨ ᠪᠠᠶᠢᠷᠢᠰᠢᠯ ᠵᠡᠭᠦᠨ ᠤᠷᠲᠤᠷᠢᠭ ᠤᠨ 118。42 '02'' ~ 121。09 '25''᠂ ᠤᠮᠠᠷᠠᠲᠤ | ᠥᠷᠭᠡᠷᠢᠭ ᠤᠨ 47。32'50"~ 49。15'37"᠃ ᠵᠡᠭᠦᠨᠰᠢ ᠪᠠᠷᠠᠭᠤᠨᠰᠢ ᠪᠠᠨ 173.25 ᠺᠢᠯᠣᠮᠧᠲᠷ ᠥᠷᠭᠡᠨ᠂ ᠡᠮᠦᠨᠡᠰᠢ ᠤᠮᠠᠷᠠᠰᠢ ᠪᠠᠨ 187.75 | ᠺᠢᠯᠣᠮᠧᠲᠷ ᠤᠷᠲᠤ ᠪᠠᠶᠢᠨ᠎ᠠ᠃ ᠪᠥᠬᠦ ᠬᠤᠰᠢᠭᠤᠨ ᠤ ᠶᠡᠷᠦᠩᠬᠡᠢ ᠲᠠᠯᠠᠪᠠᠶ ᠨᠢ 19111 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠬᠤᠲᠠ ᠶᠢᠨ ᠶᠡᠷᠦᠩᠬᠡᠢ | ᠲᠠᠯᠠᠪᠠᠶ ᠶᠢᠨ 7.39% ᠶᠢ ᠡᠵᠡᠯᠡᠨ᠎ᠡ᠃ | ᠨᠢᠭᠡ᠂ ᠭᠸᠤᠯᠣᠬᠢ ᠤᠨ ᠪᠠᠶᠢᠳᠠᠯ | ᠥᠪᠡᠷᠲᠡᠭᠡᠨ ᠵᠠᠰᠠᠬᠤ ᠬᠤᠰᠢᠭᠤ ᠪᠣᠯ ᠶᠡᠭᠡ ᠬᠢᠩᠭᠠᠨ ᠳᠠᠪᠠᠭ᠎ᠠ ᠶᠢᠨ ᠠᠭᠤᠯᠠᠷᠬᠠᠭ ᠭᠠᠵᠠᠷ ᠤᠨ ᠪᠠᠷᠠᠭᠤᠨ ᠬᠤᠶᠢᠲᠤ ᠪᠠᠯ ᠳᠤ ᠪᠠᠶᠢᠷᠢᠯᠠᠵᠤ᠂ ᠶᠡᠭᠡ ᠬᠢᠩᠭᠠᠨ | ᠳᠠᠪᠠᠭ᠎ᠠ ᠶᠢᠨ ᠠᠭᠤᠯᠠᠷᠬᠠᠭ ᠭᠠᠵᠠᠷ ᠠᠴᠠ ᠬᠥᠯᠥᠨ ᠪᠤᠶᠢᠷ ᠤᠨ ᠥᠨᠳᠥᠷ ᠲᠡᠭᠰᠢ ᠲᠠᠯ᠎ᠠ ᠲᠡᠶᠢᠰᠢ ᠰᠢᠯᠵᠢᠬᠦ ᠭᠠᠵᠠᠷ ᠤᠨ ᠬᠡᠰᠡᠭ ᠲᠤ ᠣᠷᠣᠰᠢᠵᠤ᠂ ᠥᠨᠳᠦᠷᠯᠢᠭ | ᠭᠠᠵᠠᠷ ᠤᠨ ᠪᠠᠶᠢᠴᠠ ᠳᠤ ᠬᠠᠷᠢᠶᠠᠯᠠᠭᠳᠠᠨ᠎ᠠ᠃ ᠬᠢᠯᠢ ᠶᠢᠨ ᠳᠣᠲᠣᠷ᠎ᠠ ᠨᠠᠮᠬᠠᠨ ᠠᠭᠤᠯᠠ᠂ ᠪᠣᠭᠤᠨᠢ ᠠᠭᠤᠯᠠ᠂ ᠳᠣᠪᠣᠷᠬᠠᠭ᠂ ᠥᠨᠳᠥᠷ ᠲᠠᠯ᠎ᠠ ᠭᠠᠵᠠᠷ ᠤᠨ | ᠭᠠᠵᠠᠷ ᠤᠨ ᠪᠠᠶᠢᠴᠠ ᠨᠢ ᠠᠶᠠᠨᠳᠠᠭᠠᠨ ᠨᠢᠭᠡ ᠴᠣᠭᠴᠠ ᠪᠣᠯᠵᠤ᠂ ᠭᠠᠵᠠᠷ ᠤᠨ ᠪᠠᠶᠢᠴᠠ ᠨᠢ ᠵᠡᠭᠦᠨ ᠡᠮᠦᠨ᠎ᠡ ᠠᠴᠠ ᠪᠠᠷᠠᠭᠤᠨ ᠬᠤᠶᠢᠰᠢ ᠠᠭᠠᠵᠢᠮ ᠢᠶᠠᠷ ᠨᠠᠯᠠᠣᠬᠤ | ᠪᠠᠶᠢᠳᠠᠯ ᠲᠠᠢ᠃ ᠵᠡᠭᠦᠨ ᠡᠮᠦᠨᠡᠲᠦ ᠬᠡᠰᠡᠭ ᠤᠨ ᠠᠭᠤᠯᠠᠷᠬᠠᠭ ᠭᠠᠵᠠᠷ ᠨᠢ ᠨᠠᠮᠬᠠᠨ᠂ ᠪᠣᠭᠤᠨᠢ ᠠᠭᠤᠯᠠᠨ ᠳᠤ ᠬᠠᠷᠢᠶᠠᠯᠠᠭᠳᠠᠵᠤ ᠂ ᠠᠭᠤᠯᠠᠰ ᠤᠨ ᠴᠢᠭᠯᠡᠯ ᠨᠢ ᠪᠠᠷᠤᠭ | ᠪᠦᠷ ᠵᠡᠭᠦᠨ ᠬᠤᠶᠢᠰᠢ ᠴᠢᠭᠯᠡᠯ ᠲᠠᠢ ᠪᠠᠶᠢᠵᠤ᠂ ᠬᠠᠮᠤᠭ ᠥᠨᠳᠥᠷ ᠲᠡᠭᠡᠨ ᠳᠠᠯᠠᠶ ᠶᠢᠨ ᠲᠦᠪᠰᠢᠨ ᠠᠴᠠ 1706.6 ᠮᠧᠲᠷ ᠡᠷᠭᠦᠭᠳᠡᠵᠦ᠂ ᠮᠠᠨ ᠤ ᠤᠯᠤᠰ ᠤᠨ | ᠶᠡᠭᠡ ᠬᠢᠩᠭᠠᠨ ᠳᠠᠪᠠᠭ᠎ᠠ ᠶᠢᠨ ᠠᠭᠤᠯᠠ ᠨᠢᠷᠤᠭᠤ ᠶᠠᠭ ᠡᠨᠡᠭᠦᠷ ᠥᠩᠭᠡᠷᠡᠨ᠎ᠡ᠃ ᠳᠤᠮᠳᠠᠳᠤ ᠬᠡᠰᠡᠭ ᠨᠢ ᠨᠠᠮᠬᠠᠨ᠂ ᠪᠣᠭᠤᠨᠢ ᠠᠭᠤᠯᠠ ᠳᠣᠪᠣᠷᠬᠠᠭ ᠤᠨ ᠭᠠᠵᠠᠷ ᠤᠨ | ᠲᠥᠷᠬᠦ ᠪᠠᠶᠢᠵᠤ᠂ ᠠᠭᠤᠯᠠᠷᠬᠠᠭ ᠭᠠᠵᠠᠷ ᠠᠴᠠ ᠥᠨᠳᠥᠷ ᠲᠠᠯ᠎ᠠ ᠭᠠᠵᠠᠷ ᠲᠡᠶᠢᠰᠢ ᠰᠢᠯᠵᠢᠬᠦ ᠰᠢᠯᠵᠢᠯᠲᠡ ᠶᠢᠨ ᠣᠷᠣᠨ ᠪᠦᠰᠡ ᠪᠣᠯᠣᠨ᠎ᠠ᠂ ᠪᠣᠭᠤᠨᠢ ᠠᠭᠤᠯᠠ ᠪᠠ | ᠳᠣᠪᠣᠷᠬᠠᠭ ᠨᠢ ᠠᠯᠠᠭᠯᠠᠨ ᠲᠠᠷᠬᠠᠵᠤ᠂ ᠳᠠᠯᠠᠶ ᠶᠢᠨ ᠲᠦᠪᠰᠢᠨ ᠠᠴᠠ 800 — 1000 ᠮᠧᠲᠷ ᠡᠷᠭᠦᠭᠳᠡᠵᠦ᠂ ᠠᠭᠤᠯᠠᠨ ᠣᠷᠣᠢ ᠪᠠ ᠳᠣᠪᠣᠴᠠᠭ ᠨᠢ | ᠬᠠᠷᠢᠴᠠᠩᠭᠤᠢ ᠲᠡᠭᠰᠢᠬᠡᠨ᠂ ᠬᠥᠨᠳᠡᠢ ᠭᠠᠵᠠᠷ ᠨᠢ ᠨᠡᠯᠢᠶᠡᠳ ᠥᠷᠭᠡᠨ ᠠᠭᠤᠳᠠᠮ᠂ ᠭᠤᠣᠯ ᠣᠰᠣᠨ ᠰᠦᠯᠵᠢᠯᠳᠦᠵᠦ᠂ ᠤᠰᠤᠨ ᠤ ᠰᠤᠷᠪᠤᠯᠵᠢ ᠪᠠᠷ ᠨᠡᠯᠢᠶᠡᠳ ᠡᠯᠪᠡᠭ | ᠪᠠᠶᠠᠯᠢᠭ ᠪᠠᠶᠢᠳᠠᠭ᠃ ᠪᠣᠭᠤᠨᠢ ᠠᠭᠤᠯᠠ ᠳᠣᠪᠣᠷᠬᠠᠭ ᠠᠴᠠ ᠪᠠᠷᠠᠭᠤᠨᠰᠢ ᠪᠣᠯ ᠬᠥᠯᠥᠨ ᠪᠤᠶᠢᠷ ᠤᠨ ᠥᠨᠳᠥᠷ ᠲᠠᠯ᠎ᠠ ᠭᠠᠵᠠᠷ ᠤᠨ ᠨᠢᠭᠡ ᠬᠡᠰᠡᠭ ᠪᠠᠶᠢᠵᠤ᠂ ᠭᠠᠵᠠᠷ ᠤᠨ | ᠭᠠᠳᠠᠷᠭᠤ ᠨᠢ ᠥᠷᠭᠡᠨ ᠲᠡᠭᠰᠢ᠂ ᠵᠢᠭᠠᠬᠠᠨ ᠳᠣᠯᠭᠢᠶᠠᠯᠠᠨ ᠥᠷᠬᠦᠯᠵᠢᠯᠡᠬᠦ ᠪᠠᠶᠢᠳᠠᠯ ᠲᠠᠢ᠂ ᠭᠤᠣᠯ ᠮᠥᠷᠡᠨ ᠴᠥᠭᠡᠨ᠂ ᠭᠤᠣᠯ ᠤᠨ ᠤᠰᠤ ᠨᠢ ᠨᠡᠯᠢᠶᠡᠳ ᠭᠦᠢᠬᠡᠨ᠂ | ᠭᠤᠣᠯ ᠤᠨ ᠰᠠᠪ ᠭᠠᠵᠠᠷ ᠨᠢ ᠥᠷᠭᠡᠨ ᠨᠠᠷᠢᠨ ᠮᠤᠷᠤᠢ ᠰᠠᠷᠤᠢ ᠪᠠᠶᠢᠵᠤ᠂ ᠥᠷᠭᠡᠨ ᠠᠭᠤᠳᠠᠮ ᠭᠤᠣᠯ ᠤᠨ ᠲᠠᠩ ᠪᠠ ᠭᠤᠣᠯ ᠤᠨ ᠬᠥᠨᠳᠡᠢ ᠶᠢᠨ ᠬᠤᠲᠣᠭᠤᠷ | ᠭᠠᠵᠠᠷ ᠢ ᠪᠣᠶ ᠪᠣᠯᠭᠠᠭᠰᠠᠨ ᠪᠠᠶᠢᠨ᠎ᠠ᠃ ᠬᠠᠮᠤᠭ ᠤᠨ ᠳᠣᠣᠷ᠎ᠠ ᠴᠡᠭ ᠨᠢ ᠬᠤᠰᠢᠭᠤ ᠵᠠᠰᠠᠭ ᠪᠠᠶᠢᠭ᠎ᠠ ᠪᠠᠶᠠᠨᠲᠤᠬᠠᠢ ᠪᠠᠯᠭᠠᠰᠤᠨ ᠤ ᠬᠤᠶᠢᠲᠤ ᠭᠤᠣᠯ ᠤᠨ ᠬᠥᠨᠳᠡᠢ | ᠪᠣᠯᠣᠨ᠎ᠠ᠂ ᠲᠡᠯᠡᠶ ᠶᠢᠨ ᠲᠦᠪᠰᠢᠨ ᠠᠴᠠ 602 ᠮᠧᠲᠷ ᠡᠷᠭᠦᠭᠳᠡᠭᠰᠡᠨ ᠪᠠᠶᠢᠨ᠎ᠠ᠃ | ᠬᠤᠶᠠᠷ᠂ ᠠᠭᠤᠷ ᠠᠮᠢᠰᠬᠤᠯ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯ ᠳᠤᠮᠳᠠ ᠠᠴᠠ ᠥᠨᠳᠥᠷ ᠥᠷᠭᠡᠷᠢᠭ ᠲᠤ ᠣᠷᠣᠰᠢᠵᠤ᠂ ᠳᠤᠮᠳᠠ ᠰᠡᠷᠢᠭᠦᠨ ᠪᠦᠰᠡ ᠶᠢᠨ | ᠬᠠᠭᠠᠰ ᠭᠠᠩ ᠬᠠᠭᠤᠷᠠᠢ ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠨ᠎ᠠ᠃ ᠡᠪᠦᠯ ᠤᠨ ᠤᠯᠠᠷᠢᠯ ᠣᠷᠳᠣ ᠪᠥᠭᠡᠳ ᠬᠠᠬᠢᠷ ᠬᠦᠢᠲᠡᠨ᠂ ᠭᠠᠩ | ᠬᠠᠭᠤᠷᠠᠢ ᠰᠠᠯᠬᠢ ᠶᠡᠬᠡᠲᠡᠢ᠂ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ -22.9℃ ᠪᠠᠶᠢᠳᠠᠭ︔ ᠵᠣᠨ ᠤ ᠤᠯᠠᠷᠢᠯ ᠳᠤ ᠳᠤᠯᠠᠭᠠᠨ ᠣᠬᠤᠷ᠂ ᠬᠤᠷ᠎ᠠ | ᠲᠤᠨᠳᠠᠰᠤ ᠨᠡᠯᠢᠶᠡᠳ ᠲᠥᠪᠯᠡᠷᠡᠵᠦ᠂ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ 19.3℃ ᠪᠠᠶᠢᠳᠠᠭ ᠂ ᠬᠠᠪᠤᠷ ᠨᠠᠮᠤᠷ ᠤᠨ ᠬᠤᠶᠠᠷ ᠤᠯᠠᠷᠢᠯ ᠳᠤ | ᠠᠭᠤᠷ ᠠᠮᠢᠰᠬᠤᠯ ᠤᠨ ᠬᠤᠪᠢᠷᠠᠯᠲᠠ ᠰᠢᠷᠦᠭᠦᠨ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠤᠷ᠎ᠠ ᠲᠤᠨᠳᠠᠰᠤ ᠪᠠᠭ᠎ᠠ᠂ ᠶᠡᠭᠡ ᠰᠠᠯᠬᠢ ᠶᠡᠬᠡᠲᠡᠢ᠂ ᠴᠠᠭ | ᠠᠭᠤᠷ ᠤᠨ ᠬᠤᠪᠢᠷᠠᠯᠲᠠ ᠪᠤᠳᠤᠯᠢᠶᠠᠨᠲᠠᠢ ᠪᠠᠶᠢᠳᠠᠭ᠃ ᠵᠢᠯ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ 40.1℃᠂ ᠵᠢᠯ ᠤᠨ ᠬᠠᠮᠤᠭ ᠤᠨ ᠳᠣᠣᠷ᠎ᠠ | ᠠᠭᠠᠷ ᠤᠨ ᠳᠤᠯᠠᠭᠠᠨ ᠨᠢ -46.5℃᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ -2.2℃ ~ 0.7℃ ᠪᠣᠯᠣᠨ᠎ᠠ᠂ ᠵᠢᠯ ᠤᠨ ᠳᠤᠮᠳᠠᠴᠢ ᠠᠭᠠᠷ ᠤᠨ | ᠳᠤᠯᠠᠭᠠᠨ ᠤ ᠭᠠᠵᠠᠷ ᠵᠦᠢ ᠶᠢᠨ ᠲᠠᠷᠬᠠᠯᠲᠠ ᠨᠢ ᠵᠡᠭᠦᠨ ᠡᠮᠦᠨ᠎ᠡ ᠠᠴᠠ ᠪᠠᠷᠠᠭᠤᠨ ᠬᠤᠶᠢᠰᠢ ᠠᠭᠠᠵᠢᠮ ᠢᠶᠠᠷ ᠨᠡᠮᠡᠭᠳᠡᠨ᠎ᠡ᠃ ᠵᠢᠯ ᠤᠨ ᠳᠤᠮᠳᠠᠴᠢ ᠬᠢᠷᠠᠭᠤ ᠦᠭᠡᠢ | ᠬᠤᠭᠤᠴᠠᠭ᠎ᠠ ᠨᠢ 91 ~ 169 ᠡᠳᠦᠷ᠂ ᠡᠬᠢᠨ ᠤ ᠬᠢᠷᠠᠭᠤ ᠦᠭᠡᠢ ᠡᠳᠦᠷ ᠨᠢ ᠶᠡᠷᠦ ᠳᠡᠭᠡᠨ 9 ᠰᠠᠷ᠎ᠠ ᠶᠢᠨ ᠳᠤᠮᠳᠠᠴᠢ ᠪᠠᠶᠢᠳᠠᠭ᠃ ᠬᠢᠯᠢ ᠶᠢᠨ ᠳᠣᠲᠣᠷᠠᠬᠢ | ᠲᠤᠨᠳᠠᠰᠤ ᠨᠢ ᠵᠡᠭᠦᠨ ᠡᠮᠦᠨ᠎ᠡ ᠠᠴᠠ ᠪᠠᠷᠠᠭᠤᠨ ᠬᠤᠶᠢᠰᠢ ᠪᠠᠭᠤᠷᠠᠵᠤ᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 332.2 ᠮᠢᠯᠢᠮᠧᠲᠷ᠂ ᠣᠯᠠᠩᠬᠢ ᠳᠠᠭᠠᠨ | 7 ᠰᠠᠷ᠎ᠠ ᠪᠠ 8 ᠰᠠᠷ᠎ᠠ ᠳᠤ ᠲᠥᠪᠯᠡᠷᠡᠵᠦ ᠪᠠᠶᠢᠨ᠎ᠠ᠃ ᠭᠡᠷᠡᠯ ᠢᠯᠴᠢ ᠶᠢᠨ ᠡᠬᠢ ᠪᠠᠶᠠᠯᠢᠭ ᠡᠯᠪᠡᠭ᠂ ᠵᠢᠯ ᠤᠨ ᠳᠤᠮᠳᠠᠴᠢ ᠨᠡᠷᠡᠨ ᠤ ᠲᠤᠰᠤᠯᠲᠠ ᠶᠢᠨ ᠴᠠᠭ ᠨᠢ | 2896.2 ᠴᠠᠭ ᠂ 0℃ ᠠᠴᠠ ᠶᠡᠭᠡ ᠪᠤᠶᠤ ᠲᠡᠩᠴᠡᠭᠦᠦ ᠬᠤᠷᠠᠮᠳᠤᠭᠰᠠᠨ ᠳᠤᠯᠠᠭᠠᠨ ᠤ ᠬᠡᠮᠵᠢᠶ᠎ᠡ ᠨᠢ 2943.0℃᠂ ᠵᠤᠨ ᠤ ᠤᠯᠠᠷᠢᠯ ᠳᠤ ᠬᠠᠮᠤᠭ | ᠣᠷᠳᠣ ᠳᠠᠭᠠᠨ 16 ᠴᠠᠭ ᠪᠠᠶᠢᠵᠤ᠂ ᠨᠡᠷᠡᠨ ᠤ ᠲᠤᠰᠤᠯᠲᠠ ᠶᠢᠨ ᠴᠠᠭ ᠨᠢ ᠣᠷᠳᠣ ᠪᠠᠶᠢᠳᠠᠭ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠥᠭᠵᠢᠭᠦᠯᠬᠦ ᠳᠤ | ᠲᠤᠶᠢᠯ ᠤᠨ ᠠᠰᠢᠭᠲᠠᠢ ᠪᠠᠶᠢᠳᠠᠭ᠃ ᠰᠠᠯᠬᠢᠨ ᠤ ᠬᠦᠴᠦᠨ ᠤ ᠶᠡᠭᠡ ᠪᠠᠭ᠎ᠠ ᠨᠢ ᠭᠠᠵᠠᠷ ᠤᠨ ᠪᠠᠶᠢᠴᠠ ᠶᠢᠨ ᠨᠥᠯᠥᠭᠡ ᠶᠢ ᠭᠥᠷᠳᠡᠵᠦ᠂ ᠵᠢᠯ ᠪᠦᠷᠢ ᠶᠢᠨ ᠰᠠᠯᠬᠢᠨ ᠤ | ᠬᠤᠷᠳᠤᠴᠠ ᠨᠢ ᠵᠡᠭᠦᠨ ᠡᠮᠦᠨ᠎ᠡ ᠠᠴᠠ ᠪᠠᠷᠠᠭᠤᠨ ᠬᠤᠶᠢᠰᠢ ᠠᠭᠠᠵᠢᠮ ᠢᠶᠠᠷ ᠨᠡᠮᠡᠭᠳᠡᠵᠦ᠂ ᠵᠢᠯ ᠤᠨ ᠳᠤᠮᠳᠠᠴᠢ ᠰᠠᠯᠬᠢᠨ ᠤ ᠬᠤᠷᠳᠤᠴᠠ ᠨᠢ 2.9 ᠮᠧᠲᠷ\ ᠰᠧᠺᠦ᠋ᠨ᠋ᠳ᠋ | ᠪᠠᠶᠢᠳᠠᠭ᠃ | ᠭᠤᠷᠪᠠ᠂ ᠤᠰᠤᠨ ᠤ ᠡᠬᠢ ᠪᠠᠶᠠᠯᠢᠭ | ︵ᠨᠢᠭᠡ︶ ᠭᠠᠵᠠᠷ ᠤᠨ ᠭᠠᠳᠠᠷᠭᠤ ᠶᠢᠨ ᠤᠰᠤ | 1. ᠭᠤᠣᠯ ᠮᠥᠷᠡᠨ | ᠬᠤᠰᠢᠭᠤᠨ ᠤ ᠬᠢᠯᠢ ᠳᠣᠲᠣᠷᠠᠬᠢ ᠭᠤᠣᠯ ᠮᠥᠷᠡᠨ ᠪᠣᠯ ᠬᠠᠷᠠᠮᠥ᠋ᠷᠡᠨ ᠤ ᠳᠡᠭᠡᠳᠦ ᠤᠷᠤᠰᠬᠠᠯ ᠤᠨ ᠡᠷᠭᠦᠨ᠎ᠡ ᠭᠤᠣᠯ ᠪᠣᠯᠣᠨ ᠬᠠᠶᠢᠯᠠᠷ ᠭᠤᠣᠯ ᠤᠨ ᠤᠰᠤᠨ | ᠰᠢᠰᠲ᠋ᠧᠮ ᠳᠤ ᠬᠠᠷᠢᠶᠠᠯᠠᠭᠳᠠᠵᠤ᠂ ᠬᠢᠯᠢ ᠶᠢᠨ ᠳᠣᠲᠣᠷᠠᠬᠢ 263 ᠭᠤᠣᠯ ᠮᠥᠷᠡᠨ ᠤ ᠳᠣᠲᠣᠷ᠎ᠠ᠂ ᠭᠤᠣᠯ ᠤᠨ ᠣᠷᠳᠣ ᠨᠢ 20 ᠺᠢᠯᠣᠮᠧᠲᠷ ᠠᠴᠠ ᠳᠡᠭᠡᠭᠰᠢ ᠭᠤᠣᠯ | ᠮᠦᠷᠡᠨ 31 ᠪᠠᠶᠢᠵᠤ᠂ ᠭᠤᠣᠯ ᠤᠨ ᠶᠡᠷᠦᠩᠬᠡᠢ ᠣᠷᠳᠣ ᠨᠢ 5397.97 ᠺᠢᠯᠣᠮᠧᠲᠷ ᠪᠣᠯᠣᠨ᠎ᠠ᠂ ᠭᠤᠣᠯ ᠤᠨ ᠵᠠᠮ ᠤᠨ ᠤᠰᠤᠨ ᠤ ᠭᠠᠳᠠᠷᠭᠤ ᠶᠢᠨ ᠲᠠᠯᠠᠪᠠᠶ ᠨᠢ | 108.8 ᠲᠡᠭᠰᠢ ᠳᠥᠷᠪᠡᠯᠵᠢᠨ ᠺᠢᠯᠣᠮᠧᠲᠷ ᠂ ᠣᠯᠠᠨ ᠵᠢᠯ ᠤᠨ ᠳᠤᠮᠳᠠᠴᠢ ᠤᠷᠤᠰᠬᠠᠯ ᠤᠨ ᠬᠡᠮᠵᠢᠶ᠎ᠡ ᠨᠢ 10.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠪᠠᠶᠢᠳᠠᠭ᠃ ᠡᠭᠦᠨ ᠳᠤ ᠭᠤᠣᠯᠳᠠᠭᠤ ᠢᠮᠢᠨ ᠭᠤᠣᠯ᠂ ᠬᠤᠢ ᠭᠤᠣᠯ᠂ ᠮᠡᠭᠡᠷᠲᠦ ᠭᠤᠣᠯ᠂ ᠵᠠᠨᠢ ᠭᠤᠣᠯ᠂ ᠰᠢᠨᠡᠭᠡᠨ ᠭᠤᠣᠯ᠂ ᠤᠭᠤᠨᠤ ᠭᠤᠣᠯ᠂ ᠬᠦᠢᠲᠡᠨ ᠭᠤᠣᠯ | ᠵᠡᠷᠭᠡ ᠪᠣᠯᠣᠨ᠎ᠠ᠃ ᠢᠮᠢᠨ ᠭᠤᠣᠯ ᠪᠣᠯ ᠪᠥᠬᠦ ᠬᠤᠰᠢᠭᠤᠨ ᠤ ᠬᠠᠮᠤᠭ ᠤᠨ ᠶᠡᠭᠡ ᠭᠤᠣᠯ ᠮᠥᠷᠡᠨ ᠪᠠᠶᠢᠵᠤ᠂ ᠡᠮᠦᠨ᠎ᠡ ᠠᠴᠠ ᠤᠮᠠᠷᠠᠰᠢ ᠪᠥᠬᠦ ᠬᠤᠰᠢᠭᠤ ᠶᠢ | ᠲᠣᠭᠤᠯᠵᠣ ᠣᠷᠣᠰᠣᠨ᠂ ᠬᠠᠶᠢᠯᠠᠷ ᠲᠣᠭᠤᠷᠢᠭ ᠢ ᠳᠡᠮᠵᠢᠨ ᠬᠠᠶᠢᠯᠠᠷ ᠭᠤᠣᠯ ᠳᠤ ᠤᠷᠤᠰᠤᠨ ᠣᠷᠣᠨ᠎ᠠ᠂ ᠭᠤᠣᠯ ᠤᠷᠤᠰᠬᠠᠯ ᠤᠨ ᠣᠷᠳᠣ ᠨᠢ 359.4 ᠺᠢᠯᠣᠮᠧᠲᠷ᠂ | ᠭᠤᠣᠯ ᠴᠢᠳᠬᠤᠯᠠᠩ ᠤᠨ ᠣᠷᠳᠣ ᠨᠢ 3998.46 ᠺᠢᠯᠣᠮᠧᠲᠷ᠂ ᠰᠠᠪᠠ ᠭᠠᠵᠠᠷ ᠤᠨ ᠲᠠᠯᠠᠪᠠᠶ ᠨᠢ 22570 ᠲᠡᠭᠰᠢ ᠳᠥᠷᠪᠡᠯᠵᠢᠨ ᠺᠢᠯᠣᠮᠧᠲᠷ᠂ ᠤᠰᠤᠨ ᠤ | ᠲᠠᠯᠠᠪᠠᠶ ᠨᠢ 86.4 ᠲᠡᠭᠰᠢ ᠳᠥᠷᠪᠡᠯᠵᠢᠨ ᠺᠢᠯᠣᠮᠧᠲᠷ ᠂ ᠣᠯᠠᠨ ᠵᠢᠯ ᠤᠨ ᠳᠤᠮᠳᠠᠴᠢ ᠤᠷᠤᠰᠬᠠᠯ ᠤᠨ ᠬᠡᠮᠵᠢᠶ᠎ᠡ ᠨᠢ 10.8 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠪᠠᠶᠢᠳᠠᠭ᠃ ᠬᠤᠢ ᠭᠤᠣᠯ ᠪᠣᠯ ᠢᠮᠢᠨ ᠭᠤᠣᠯ ᠤᠨ ᠬᠠᠮᠤᠭ ᠶᠡᠭᠡ ᠰᠠᠯᠠᠭ᠎ᠠ ᠤᠷᠣᠰᠬᠠᠯ᠂ ᠥᠪᠡᠷᠲᠡᠭᠡᠨ ᠵᠠᠰᠠᠬᠤ ᠬᠤᠰᠢᠭᠤᠨ ᠤ ᠳᠣᠲᠣᠭᠠᠳᠤ ᠭᠤᠣᠯ | ᠪᠣᠯᠣᠨ᠎ᠠ᠂ ᠭᠤᠣᠯ ᠤᠷᠤᠰᠬᠠᠯ ᠤᠨ ᠣᠷᠳᠣ ᠨᠢ 362.5 ᠺᠢᠯᠣᠮᠧᠲᠷ᠂ ᠭᠤᠣᠯ ᠴᠢᠳᠬᠤᠯᠠᠩ ᠤᠨ ᠪᠦᠬᠦ ᠣᠷᠳᠣ ᠨᠢ 1279.76 ᠺᠢᠯᠣᠮᠧᠲᠷ᠂ ᠪᠦᠬᠦ ᠰᠠᠪᠠ | ᠭᠠᠵᠠᠷ ᠤᠨ ᠲᠠᠯᠠᠪᠠᠶ ᠨᠢ 11465 ᠲᠡᠭᠰᠢ ᠳᠥᠷᠪᠡᠯᠵᠢᠨ ᠺᠢᠯᠣᠮᠧᠲᠷ᠂ ᠣᠯᠠᠨ ᠵᠢᠯ ᠤᠨ ᠳᠤᠮᠳᠠᠴᠢ ᠤᠷᠤᠰᠬᠠᠯ ᠤᠨ ᠬᠡᠮᠵᠢᠶ᠎ᠡ ᠨᠢ 1.12 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠠᠶᠢᠳᠠᠭ᠃ | 2. ᠨᠠᠭᠤᠷ ᠴᠥᠭᠦᠷᠥᠮ | ᠥᠪᠡᠷᠲᠡᠭᠡᠨ ᠵᠠᠰᠠᠬᠤ ᠬᠤᠰᠢᠭᠤᠨ ᠤ ᠬᠢᠯᠢ ᠳᠣᠲᠣᠷ᠎ᠠ ᠮᠠᠰᠢ ᠣᠯᠠᠨ ᠨᠠᠭᠤᠷ ᠴᠥᠭᠦᠷᠥᠮ ᠲᠠᠷᠬᠠᠨ ᠲᠦᠭᠡᠵᠦ ᠪᠠᠶᠢᠳᠠᠭ᠂ ᠶᠡᠭᠡ ᠪᠠᠭ᠎ᠠ ᠨᠠᠭᠤᠷ ᠴᠥᠭᠦᠷᠥᠮ | ᠨᠡᠶᠢᠲᠡ 1465 ᠪᠠᠶᠢᠵᠤ᠂ ᠨᠠᠭᠤᠷ ᠤᠨ ᠤᠰᠤᠨ ᠤ ᠶᠡᠷᠦᠩᠬᠡᠢ ᠲᠠᠯᠠᠪᠠᠶ ᠨᠢ 127 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠡᠭᠦᠨ ᠤ ᠳᠣᠲᠣᠷ᠎ᠠ ᠲᠤᠰᠠᠭᠠᠷ | ᠨᠠᠭᠤᠷ 570 ᠂ ᠤᠰᠤᠨ ᠤ ᠲᠠᠯᠠᠪᠠᠶ ᠨᠢ 39 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠣᠯᠠᠩᠬᠢ ᠨᠢ ᠬᠤᠢ ᠭᠤᠣᠯ ᠤᠨ ᠰᠠᠪᠠ ᠭᠠᠵᠠᠷ ᠲᠤ ᠲᠥᠪᠯᠡᠷᠡᠵᠦ | ᠪᠠᠶᠢᠨ᠎ᠠ᠃ | ︵ᠬᠤᠶᠠᠷ︶ ᠭᠠᠵᠠᠷ ᠳᠣᠣᠷᠠᠬᠢ ᠤᠰᠤ | ᠥᠪᠡᠷᠲᠡᠭᠡᠨ ᠵᠠᠰᠠᠬᠤ ᠬᠤᠰᠢᠭᠤᠨ ᠤ ᠭᠠᠵᠠᠷ ᠳᠣᠣᠷᠠᠬᠢ ᠤᠰᠤᠨ ᠤ ᠬᠠᠳᠠᠭᠠᠯᠠᠭᠳᠠᠴᠠ ᠨᠡᠯᠢᠶᠡᠳ ᠡᠯᠪᠡᠭ᠂ ᠶᠡᠬᠡᠩᠬᠢ ᠬᠡᠰᠡᠭ ᠨᠢ ᠨᠡᠭᠡᠭᠡᠨ ᠮᠠᠯᠲᠠᠬᠤ ᠳᠤ | ᠠᠮᠠᠷᠬᠠᠨ᠂ ᠶᠡᠷᠦᠩᠬᠡᠢ ᠬᠠᠳᠠᠭᠠᠯᠠᠭᠳᠠᠴᠠ ᠨᠢ 5.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠳᠠᠭ᠃ | ᠳᠥᠷᠪᠡ᠂ ᠭᠠᠵᠠᠷ ᠲᠠᠷᠢᠶ᠎ᠠ | ︵ᠨᠢᠭᠡ︶ ᠲᠠᠷᠬᠠᠯᠲᠠ | ᠥᠪᠡᠷᠲᠡᠭᠡᠨ ᠵᠠᠰᠠᠬᠤ ᠬᠤᠰᠢᠭᠤᠨ ᠤ ᠬᠥᠷᠥᠰᠥ ᠰᠢᠷᠣᠢ ᠪᠣᠯ ᠵᠡᠭᠦᠨ ᠠᠴᠠ ᠪᠠᠷᠠᠭᠤᠨᠰᠢ ᠶᠡᠭᠡ ᠲᠥᠯᠥᠪ ᠬᠦᠷᠡᠩ ᠥᠩᠭᠡᠲᠡᠢ ᠰᠢᠯᠮᠦᠦᠰᠦᠲᠦ ᠣᠶ ᠶᠢᠨ | ᠰᠢᠷᠣᠢ᠂ ᠰᠠᠭᠠᠷᠠᠯ ᠥᠩᠭᠡᠲᠡᠢ ᠣᠶ ᠶᠢᠨ ᠰᠢᠷᠣᠢ᠂ ᠬᠠᠷ᠎ᠠ ᠺᠠᠯᠽᠳᠤ ᠰᠢᠷᠣᠢ᠂ ᠬᠦᠷᠡᠩ ᠺᠠᠯᠽᠳᠤ ᠰᠢᠷᠣᠢ ᠵᠡᠷᠭᠡ 4 ᠬᠥᠷᠥᠰᠥᠨ ᠤ ᠪᠦᠰᠡ ᠪᠠᠶᠢᠳᠠᠭ᠃ | ︵ᠬᠤᠶᠠᠷ︶ ᠬᠥᠷᠥᠰᠥᠨ ᠤ ᠠᠩᠭᠢᠯᠠᠯ | ᠭᠠᠵᠠᠷ ᠤᠨ ᠪᠠᠶᠢᠴᠠ᠂ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠤᠨ ᠨᠥᠯᠥᠭᠡ ᠠᠴᠠ ᠪᠣᠯᠵᠤ᠂ ᠲᠣᠰ ᠬᠤᠰᠢᠭᠤᠨ ᠤ ᠬᠥᠷᠥᠰᠥ ᠰᠢᠷᠣᠢ ᠶᠢᠨ | ᠲᠥᠷᠥᠯ ᠵᠦᠢᠯ ᠨᠠᠷᠢᠨ ᠪᠤᠳᠤᠯᠢᠶᠠᠨᠲᠠᠢ ᠪᠥᠭᠡᠳ ᠣᠯᠠᠨ ᠶᠠᠩᠵᠤ ᠶᠢᠨ ᠪᠠᠶᠢᠳᠠᠭ᠃ ᠪᠥᠬᠦ ᠬᠤᠰᠢᠭᠤᠨ ᠳᠤ ᠨᠡᠶᠢᠲᠡ 9 ᠲᠥᠷᠥᠯ ᠵᠦᠢᠯ᠂ 22 ᠳᠡᠳ᠋ ᠲᠥᠷᠥᠯ | ᠵᠦᠢᠯ᠂ 43 ᠰᠢᠷᠣᠢ ᠶᠢᠨ ᠲᠥᠷᠥᠯ ᠲᠠᠢ᠂ ᠭᠤᠣᠯ ᠪᠣᠯᠬᠤ ᠬᠥᠷᠥᠰᠥᠨ ᠤ ᠲᠥᠷᠥᠯ ᠵᠦᠢᠯ ᠨᠢ ᠳᠣᠣᠷᠠᠬᠢ ᠮᠡᠲᠦ ᠬᠡᠳᠦᠨ ᠵᠦᠢᠯ ᠪᠣᠶ᠄ | ᠬᠦᠷᠡᠩ ᠥᠩᠭᠡᠲᠡᠢ ᠰᠢᠯᠮᠦᠦᠰᠦᠲᠦ ᠣᠶ ᠶᠢᠨ ᠬᠥᠷᠥᠰᠥ ᠨᠢ ᠵᠡᠭᠦᠨ ᠡᠮᠦᠨᠡᠲᠦ ᠬᠡᠰᠡᠭ ᠤᠨ ᠠᠭᠤᠯᠠᠷᠬᠠᠭ ᠭᠠᠵᠠᠷ ᠤᠨ ᠳᠠᠯᠠᠶ ᠶᠢᠨ ᠲᠦᠪᠰᠢᠨ ᠠᠴᠠ1200 | ᠮᠧᠲᠷ ᠠᠴᠠ ᠳᠡᠭᠡᠭᠰᠢ ᠡᠷᠭᠦᠭᠳᠡᠭᠰᠡᠨ ᠣᠷᠣᠨ ᠪᠦᠰᠡ ᠪᠠᠷ ᠲᠠᠷᠬᠠᠵᠤ᠂ ᠣᠶᠢᠵᠢᠭᠤᠯᠬᠤ ᠳᠤ ᠲᠣᠬᠢᠷᠠᠮᠵᠢᠲᠠᠢ᠂ ᠤᠷᠭᠤᠮᠠᠯ ᠤᠨ ᠬᠤᠴᠢᠯᠭ᠎ᠠ ᠨᠢ ᠬᠢᠩᠭᠠᠨ ᠤ ᠬᠠᠷᠭᠠᠢ | ᠪᠠ ᠣᠶ ᠶᠢᠨ ᠬᠤᠷᠮᠣᠢ ᠶᠢᠨ ᠪᠣᠳᠠ ᠮᠣᠳᠣ ᠪᠠᠷ ᠭᠤᠣᠯᠯᠠᠳᠠᠭ᠃ ᠲᠠᠯᠠᠪᠠᠶ ᠨᠢ 94742 ᠾᠧᠺᠲ᠋ᠠᠷ᠂ ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ | ᠲᠠᠯᠠᠪᠠᠶ ᠶᠢᠨ 5.06% ᠶᠢ ᠡᠵᠡᠯᠡᠨ᠎ᠡ᠃ | ᠬᠥᠷᠡᠩ ᠰᠢᠯᠮᠤᠤᠰᠣᠳᠣ ᠣᠶ ᠶᠢᠨ ᠬᠥᠷᠥᠰᠥ ᠨᠢ ᠲᠡᠯᠡᠶ ᠶᠢᠨ ᠲᠦᠪᠰᠢᠨ ᠠᠴᠠ 950 ~ 1200 ᠮᠧᠲᠷ ᠤᠨ ᠨᠠᠮᠬᠠᠨ ᠠᠭᠤᠯᠠ ᠳᠣᠪᠣᠷᠬᠠᠭ ᠤᠨ ᠣᠷᠣᠨ | ᠪᠦᠰᠡ ᠪᠠᠷ ᠲᠠᠷᠬᠠᠵᠤ᠂ ᠣᠶᠢᠵᠢᠭᠤᠯᠬᠤ ᠳᠤ ᠲᠣᠬᠢᠷᠠᠮᠵᠢᠲᠠᠢ ᠰᠠᠶᠢᠨ ᠬᠥᠷᠥᠰᠥ ᠰᠢᠷᠣᠢ᠂ ᠣᠶ ᠰᠢᠭᠤᠢ ᠨᠤᠲᠤᠭ ᠪᠡᠯᠴᠢᠭᠡᠷ ᠤᠨ ᠰᠢᠷᠣᠢ ᠶᠢᠨ ᠰᠢᠯᠵᠢᠯᠲᠡ ᠶᠢᠨ | ᠲᠥᠷᠥᠯ ᠬᠡᠯᠪᠡᠷᠢ ᠪᠣᠯᠣᠨ᠎ᠠ᠃ ᠲᠠᠯᠠᠪᠠᠶ ᠨᠢ 283970 ᠾᠧᠺᠲ᠋ᠠᠷ ᠂ ᠪᠥᠬᠦ ᠬᠤᠰᠢᠭᠤᠨ ᠤ ᠬᠥᠷᠥᠰᠥ ᠰᠢᠷᠣᠢ ᠶᠢᠨ ᠶᠡᠷᠦᠩᠬᠡᠢ ᠲᠠᠯᠠᠪᠠᠶ ᠶᠢᠨ 15.18% ᠶᠢ | ᠡᠵᠡᠯᠡᠨ᠎ᠡ᠃ | ᠥᠨᠳᠥᠷ ᠲᠠᠯ᠎ᠠ ᠭᠠᠵᠠᠷ ᠢᠶᠠᠷ ᠲᠠᠷᠬᠠᠵᠤ᠂ ᠣᠶᠢᠵᠢᠭᠤᠯᠬᠤ ᠳᠤ ᠲᠣᠬᠢᠷᠠᠮᠵᠢᠲᠠᠢ᠂ ᠮᠠᠯᠵᠢᠬᠤ ᠳᠤ ᠲᠣᠬᠢᠷᠠᠮᠵᠢᠲᠠᠢ᠂ ᠲᠠᠷᠢᠶᠠᠯᠠᠬᠤ ᠳᠤ ᠲᠣᠬᠢᠷᠠᠮᠵᠢᠲᠠᠢ ᠰᠠᠶᠢᠨ | ᠬᠥᠷᠥᠰᠥ ᠰᠢᠷᠣᠢ ᠪᠣᠯᠣᠨ᠎ᠠ᠃ ᠲᠠᠯᠠᠪᠠᠶ ᠨᠢ 429166 ᠾᠧᠺᠲ᠋ᠠᠷ᠂ ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 22.95% ᠶᠢ | ᠡᠵᠡᠯᠡᠨ᠎ᠡ᠃ | ᠬᠦᠷᠡᠩ ᠺᠠᠯᠽᠳᠤ ᠬᠥᠷᠥᠰᠥ ᠪᠣᠯ ᠬᠠᠷ᠎ᠠ ᠺᠠᠯᠽᠳᠤ ᠬᠦᠷᠦᠰᠦᠨ ᠠᠴᠠ ᠪᠠᠷᠠᠭᠤᠨᠰᠢᠬᠢ ᠥᠷᠭᠡᠨ ᠠᠭᠤᠳᠠᠮ ᠳᠣᠯᠭᠢᠶᠠᠯᠢᠭ ᠥᠨᠳᠥᠷ ᠲᠠᠯ᠎ᠠ ᠭᠠᠵᠠᠷ ᠪᠠ ᠬᠡᠰᠡᠭ | ᠭᠤᠣᠯ ᠤᠨ ᠬᠥᠨᠳᠡᠢ ᠶᠢᠨ ᠲᠤᠨᠤᠮᠠᠯ ᠲᠠᠯ᠎ᠠ ᠭᠠᠵᠠᠷ ᠢᠶᠠᠷ ᠳᠠᠯᠠᠶ ᠶᠢᠨ ᠲᠦᠪᠰᠢᠨ ᠠᠴᠠ 610 ~ 800 ᠮᠧᠲᠷ ᠤᠨ ᠣᠷᠣᠨ ᠪᠦᠰᠡ ᠪᠠᠷ ᠲᠠᠷᠬᠠᠵᠤ᠂ ᠶᠤᠰᠣᠲᠠᠢ | ᠵᠠᠭᠤᠨ ᠬᠤᠪᠢ ᠶᠢᠨ ᠲᠠᠯ᠎ᠠ ᠨᠤᠲᠤᠭ ᠤᠨ ᠤᠷᠣᠨ ᠪᠦᠰᠡ᠂ ᠪᠠᠶᠢᠭᠠᠯᠢᠭ ᠪᠡᠯᠴᠢᠭᠡᠷ ᠪᠠ ᠰᠢᠯᠢᠳᠡᠭ ᠬᠠᠳᠤᠯᠠᠩ ᠪᠣᠯᠣᠨ᠎ᠠ᠃ ᠲᠠᠯᠠᠪᠠᠶ ᠨᠢ 540714 ᠾᠧᠺᠲ᠋ᠠᠷ᠂ | ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 29.20% ᠶᠢ ᠡᠵᠡᠯᠡᠨ᠎ᠡ᠃ | ᠨᠤᠭᠤ ᠶᠢᠨ ᠬᠥᠷᠥᠰᠥ ᠨᠢ ᠪᠥᠬᠦ ᠬᠤᠰᠢᠭᠤᠨ ᠤ ᠡᠯ᠎ᠡ ᠪᠦᠰᠡᠯᠢᠭ ᠬᠥᠷᠥᠰᠥ ᠰᠢᠷᠣᠢ ᠶᠢᠨ ᠣᠷᠣᠨ ᠢᠶᠠᠷ ᠲᠠᠷᠬᠠᠵᠤ᠂ ᠵᠤᠷᠪᠤᠰ ᠪᠦᠰᠡ ᠪᠠᠷ ᠰᠠᠯᠠᠭᠠᠯᠠᠨ | ᠰᠤᠩᠬᠤ ᠪᠤᠶᠤ ᠪᠦᠰᠡᠯᠢᠭ ᠬᠥᠷᠥᠰᠥ ᠰᠢᠷᠣᠢ ᠲᠠᠢ ᠨᠡᠶᠢᠯᠡᠵᠦ ᠬᠦᠷᠦᠰᠦᠵᠢᠨ᠂ ᠤᠰᠤᠨ ᠤ ᠭᠠᠳᠠᠷᠭᠤ ᠠᠴᠠ ᠬᠦᠷᠦᠰᠦᠨ ᠤ ᠭᠠᠳᠠᠷᠭᠤ ᠳᠤ ᠰᠢᠯᠵᠢᠬᠦ ᠨᠢᠭᠡᠳᠦᠭᠡᠷ | ᠱᠠᠲᠤ ᠪᠣᠯᠤᠭᠰᠠᠨ ᠪᠠᠶᠢᠨ᠎ᠠ᠃ ᠲᠠᠯᠠᠪᠠᠶ ᠨᠢ 130952 ᠾᠧᠺᠲ᠋ᠠᠷ᠂ ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 7.0% ᠶᠢ ᠡᠵᠡᠯᠡᠨ᠎ᠡ᠃ | | ᠨᠠᠮᠤᠭ ᠤᠨ ᠬᠥᠷᠥᠰᠥ ᠨᠢ ᠪᠥᠬᠦ ᠬᠤᠰᠢᠭᠤᠨ ᠤ ᠠᠭᠤᠯᠠᠨ ᠵᠢᠯᠠᠭ᠎ᠠ ᠶᠢᠨ ᠨᠠᠮ ᠳᠣᠣᠷ᠎ᠠ ᠭᠠᠵᠠᠷ᠂ ᠭᠤᠣᠯ ᠮᠥᠷᠡᠨ ᠨᠠᠭᠤᠷ ᠴᠥᠭᠦᠷᠥᠮ ᠤᠨ ᠡᠷᠬᠢᠨ | ᠲᠣᠭᠤᠷᠢᠨ ᠤ ᠨᠠᠮ ᠴᠢᠭᠢᠭᠯᠢᠭ ᠪᠠ ᠤᠰᠤ ᠬᠤᠷᠠᠭᠰᠠᠨ ᠬᠡᠰᠡᠭ᠂ ᠬᠤᠶ ᠭᠤᠣᠯ ᠤᠨ ᠳᠤᠮᠳᠠ ᠳᠣᠣᠷᠠᠳᠤ ᠤᠷᠤᠰᠬᠠᠯ ᠤᠨ ᠨᠠᠮᠤᠭ ᠭᠠᠵᠠᠷ ᠤᠨ ᠬᠡᠰᠡᠭ ᠢᠶᠠᠷ ᠲᠠᠷᠬᠠᠵᠤ᠂ | ᠪᠥᠬᠦ ᠬᠤᠰᠢᠭᠤᠨ ᠤ ᠬᠤᠯᠤᠰᠤᠨ ᠤ ᠭᠤᠣᠯ ᠭᠠᠷᠤᠯᠲᠠ ᠶᠢᠨ ᠣᠷᠣᠨ ᠪᠣᠯᠣᠨ᠎ᠠ᠃ ᠲᠠᠯᠠᠪᠠᠶ ᠨᠢ 139775 ᠾᠧᠺᠲ᠋ᠠᠷ᠂ ᠪᠥᠬᠦ ᠬᠤᠰᠢᠭᠤᠨ ᠤ ᠭᠠᠵᠠᠷ | ᠰᠢᠷᠣᠢ ᠶᠢᠨ ᠶᠡᠷᠦᠩᠬᠡᠢ ᠲᠠᠯᠠᠪᠠᠶ ᠶᠢᠨ 7.5% ᠶᠢ ᠡᠵᠡᠯᠡᠨ᠎ᠡ᠃ | ᠰᠢᠭᠤᠷᠳᠠᠭ ᠬᠦᠷᠦᠰᠦᠨ ᠤ ᠲᠠᠷᠬᠠᠯᠲᠠ ᠥᠷᠭᠡᠨ᠂ ᠭᠤᠣᠯᠳᠠᠭᠤ ᠪᠦᠰᠡᠯᠢᠭ ᠬᠡᠯᠪᠡᠷᠢ ᠪᠠᠷ ᠬᠤᠢ ᠭᠤᠣᠯ ᠤᠨ ᠬᠤᠶᠢᠲᠤ ᠡᠷᠭᠢ ᠳᠤ ᠲᠠᠷᠬᠠᠵᠤ᠂ ᠡᠬᠡ | ᠬᠠᠭᠤᠷᠠᠢ᠂ ᠣᠶ ᠰᠢᠭᠤᠢ ᠬᠡᠭᠡᠷ᠎ᠡ ᠲᠠᠯ᠎ᠠ ᠭᠡᠬᠦ ᠬᠤᠶᠠᠷ ᠣᠷᠣᠨ ᠪᠦᠰᠡ ᠪᠠᠷ ᠠᠯᠤᠰᠯᠠᠵᠤ ᠪᠠᠶᠢᠳᠠᠭ᠃ ᠲᠠᠯᠠᠪᠠᠶ ᠨᠢ 225629 ᠾᠧᠺᠲ᠋ᠠᠷ ᠂ ᠪᠥᠬᠦ ᠬᠤᠰᠢᠭᠤᠨ ᠤ | ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 12.1% ᠶᠢ ᠡᠵᠡᠯᠡᠨ᠎ᠡ᠃ | ᠬᠤᠵᠢᠷᠯᠢᠭ ᠬᠦᠷᠦᠰᠦ ᠪᠣᠯ ᠬᠤᠢ ᠭᠤᠣᠯ ᠤᠨ ᠳᠤᠮᠳᠠᠳᠤ ᠳᠣᠣᠷᠠᠳᠤ ᠤᠷᠤᠰᠬᠠᠯ ᠤᠨ ᠡᠷᠭᠢ ᠳᠠᠭᠠᠤ ᠭᠤᠣᠯ ᠤᠨ ᠰᠠᠶᠢᠷᠭᠠᠯ ᠤᠨ ᠬᠡᠰᠡᠭ ᠨᠠᠭᠤᠷ | ᠴᠥᠭᠦᠷᠥᠮ ᠤᠨ ᠡᠷᠭᠢᠨ ᠲᠣᠭᠤᠷᠢᠨ ᠢᠶᠠᠷ ᠲᠠᠷᠬᠠᠵᠤ᠂ ᠮᠠᠯ ᠰᠦᠷᠦᠭ ᠤᠨ ︽ᠬᠤᠵᠢᠷ ᠢ ᠳᠣᠯᠢᠶᠠᠵᠤ︾ ᠬᠤᠵᠢᠷ ᠨᠥᠬᠦᠪᠦᠷᠢᠯᠡᠬᠦ ᠭᠤᠣᠯ ᠲᠠᠯᠠᠪᠤᠷ ᠪᠣᠯᠣᠨ᠎ᠠ᠃ | ᠲᠠᠯᠠᠪᠠᠶ ᠨᠢ 6888 ᠾᠧᠺᠲ᠋ᠠᠷ᠂ ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠶᠢᠨ 0.37% ᠶᠢ ᠡᠵᠡᠯᠡᠨ᠎ᠡ᠃ | ︵ᠭᠤᠷᠪᠠ︶ ᠤᠷᠭᠤᠮᠠᠯ ᠤᠨ ᠬᠤᠴᠢᠯᠭ᠎ᠠ | ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠨᠢ ᠭᠠᠵᠠᠷ ᠤᠨ ᠪᠠᠶᠢᠴᠠ ᠪᠠ ᠤᠰᠤ ᠢᠯᠴᠢ ᠶᠢᠨ ᠨᠥᠬᠦᠴᠡᠯ ᠤᠨ ᠶᠡᠷᠦᠩᠬᠡᠢ ᠨᠥᠯᠥᠭᠡ ᠶᠢ ᠭᠥᠷᠳᠡᠵᠦ᠂ ᠵᠡᠭᠦᠨ | ᠡᠮᠦᠨᠡᠲᠦ ᠶᠢᠨ ᠠᠭᠤᠯᠠᠷᠬᠠᠭ ᠭᠠᠵᠠᠷ ᠠᠴᠠ ᠪᠠᠷᠠᠭᠤᠨ ᠬᠤᠶᠢᠲᠤ ᠬᠡᠰᠡᠭ ᠤᠨ ᠥᠨᠳᠥᠷ ᠲᠠᠯ᠎ᠠ ᠭᠠᠵᠠᠷ ᠬᠦᠷᠲᠡᠯ᠎ᠡ ᠣᠶ ᠰᠢᠭᠤᠢ᠂ ᠣᠶ ᠰᠢᠭᠤᠶᠢᠲᠦ ᠨᠤᠲᠤᠭ ᠪᠡᠯᠴᠢᠭᠡᠷ | ᠂ ᠨᠤᠲᠤᠭ ᠪᠡᠯᠴᠢᠭᠡᠷ ᠵᠡᠷᠭᠡ ᠲᠠᠷᠠᠭᠠᠯᠠᠯ ᠲᠠᠢ ᠭᠤᠷᠪᠠᠨ ᠤᠷᠭᠤᠮᠠᠯ ᠤᠨ ᠬᠤᠴᠢᠯᠭ᠎ᠠ ᠶᠢᠨ ᠪᠦᠰᠡ ᠪᠣᠯᠣᠨ᠎ᠠ᠃ | ︵ᠳᠥᠷᠪᠡ︶ ᠭᠠᠵᠠᠷ ᠰᠢᠷᠣᠢ ᠶᠢᠨ ᠡᠬᠢ ᠪᠠᠶᠠᠯᠢᠭ | ᠪᠥᠬᠦ ᠬᠤᠰᠢᠭᠤᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠪᠠᠶᠢᠳᠠᠯ ᠤᠨ ᠪᠠᠶᠢᠴᠠᠭᠠᠯᠲᠠ ᠵᠢᠴᠢ ᠭᠠᠵᠠᠷ ᠰᠢᠷᠣᠢ ᠶᠢᠨ ᠬᠤᠪᠢᠷᠠᠯᠲᠠ ᠶᠢᠨ | ᠪᠠᠶᠢᠴᠠᠭᠠᠯᠲᠠ ᠶᠢᠨ ᠪᠦᠷᠢᠳᠬᠡᠯ ᠠᠴᠠ ᠦᠵᠡᠪᠡᠯ᠂ ᠪᠥᠬᠦ ᠬᠤᠰᠢᠭᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ ᠨᠢ 2798.5 ᠲᠦᠮᠡᠨ ᠮᠦ ᠪᠣᠯᠣᠨ᠎ᠠ᠃ | ᠡᠭᠦᠨ ᠳᠤ᠄ ᠣᠶ ᠰᠢᠭᠤᠢ ᠶᠢᠨ ᠲᠠᠯᠠᠪᠠᠶ 970.5 ᠲᠦᠮᠡᠨ ᠮᠦ᠂ ᠨᠤᠲᠤᠭ ᠪᠡᠯᠴᠢᠭᠡᠷ ᠤᠨ ᠲᠠᠯᠠᠪᠠᠶ 1589.4 ᠲᠦᠮᠡᠨ ᠮᠦ᠂ ᠪᠤᠰᠤᠳ ᠭᠠᠵᠠᠷ ᠰᠢᠷᠣᠢ 238. | 6 ᠲᠦᠮᠡᠨ ᠮᠦ ᠪᠠᠶᠢᠨ᠎ᠠ᠃ | ᠲᠠᠪᠤ᠂ ᠠᠮᠢᠳᠠᠨ ᠤᠷᠭᠤᠮᠠᠯ | ᠬᠢᠯᠢ ᠶᠢᠨ ᠳᠣᠲᠣᠷᠠᠬᠢ ᠬᠡᠭᠡᠷ᠎ᠡ ᠶᠢᠨ ᠤᠷᠭᠤᠮᠠᠯ 74 ᠢᠵᠠᠭᠤᠷ 298 ᠲᠥᠷᠥᠯ 682 ᠵᠦᠢᠯ ᠪᠤᠶ᠃ ᠡᠭᠦᠨ ᠳᠤ ᠭᠤᠣᠯ ᠪᠣᠯᠬᠤ ᠲᠡᠵᠢᠭᠡᠯ | ᠪᠣᠷᠳᠣᠭᠠᠨ ᠤ ᠤᠷᠭᠤᠮᠠᠯ 38 ᠢᠵᠠᠭᠤᠷ 170 ᠲᠦᠷᠦᠯ 414 ᠵᠦᠢᠯ᠂ ᠲᠡᠵᠢᠭᠡᠯ ᠪᠣᠷᠳᠣᠭᠠᠨ ᠤ ᠤᠷᠭᠤᠮᠠᠯ ᠤᠨ ᠳᠣᠲᠣᠷᠠᠬᠢ ᠰᠢᠯᠢᠳᠡᠭ ᠲᠡᠵᠢᠭᠡᠯ ᠡᠪᠡᠰᠦ 7 | ᠵᠦᠢᠯ ᠪᠤᠶ᠃ ᠪᠠᠰᠠ ᠠᠵᠤ ᠠᠬᠤᠢ ᠶᠢᠨ ᠦᠨ᠎ᠡ ᠥᠷᠲᠡᠭ ᠢᠶᠠᠷ ᠨᠡᠯᠢᠶᠡᠳ ᠥᠨᠳᠥᠷ ᠬᠡᠭᠡᠷ᠎ᠡ ᠶᠢᠨ ᠤᠷᠭᠤᠮᠠᠯ ᠪᠠ ᠬᠤᠪᠣᠷ ᠴᠤᠬᠠᠭ ᠡᠮ ᠤᠨ ᠮᠠᠲ᠋ᠧᠷᠢᠶᠠᠯ ᠪᠠᠶᠢᠨ᠎ᠠ᠂ | ᠵᠢᠱᠢᠶᠡᠯᠡᠪᠡᠯ᠂ ᠪᠠᠪᠤ᠂ ᠰᠢᠬᠢᠷ ᠡᠪᠡᠰᠦ᠂ ᠱᠦᠭᠦᠷᠭᠡᠨ᠎ᠡ᠂ ᠮᠤᠬᠤᠷ ᠴᠠᠭᠠᠨ᠂ ᠬᠠᠶᠢᠯᠠᠰᠤ᠂ ᠡᠯᠡᠰᠦᠨ ᠣᠷᠬᠤᠳᠠᠢ᠂ ᠴᠠᠨ᠎ᠠ᠂ ᠣᠶᠢᠮ᠎ᠠ᠂ ᠰᠢᠷ᠎ᠠ ᠴᠡᠴᠡᠭ᠂ ᠵᠡᠷᠯᠢᠭ | ᠭᠤᠭᠤᠳ᠂ ᠴᠠᠭᠠᠨ ᠮᠥᠭᠦ᠂ ᠵᠡᠷᠯᠢᠭ ᠬᠦᠢᠯᠡᠰᠦ᠂ ᠤᠯᠠᠭᠠᠨ ᠪᠤᠷᠴᠠᠭ᠂ ᠵᠦᠷᠵᠢᠯᠢᠭ ᠵᠡᠷᠭᠡ᠃ | ᠮᠣᠳᠣᠯᠢᠭ ᠤᠷᠭᠤᠮᠠᠯ 11 ᠢᠵᠠᠭᠤᠷ 47 ᠵᠦᠢᠯ ᠪᠤᠶ᠃ ᠥᠪᠡᠷᠲᠡᠭᠡᠨ ᠵᠠᠰᠠᠬᠤ ᠬᠤᠰᠢᠭᠤᠨ ᠤ ᠬᠢᠯᠢ ᠳᠣᠲᠣᠷᠠᠬᠢ ᠵᠢᠭᠠᠷᠲᠤ ᠨᠠᠷᠠᠰᠤ ᠪᠣᠯ ᠤᠯᠤᠰ ᠤᠨ | ᠬᠤᠶᠠᠳᠤᠭᠠᠷ ᠳᠡᠰ ᠤᠨ ᠮᠣᠳᠣᠨ ᠤ ᠲᠥᠷᠥᠯ ᠪᠣᠯᠣᠨ᠎ᠠ᠂ ᠲᠡᠷᠡ ᠨᠢ ᠬᠥᠷᠥᠰᠥ ᠰᠢᠷᠣᠢ ᠲᠠᠴᠢᠷ ᠡᠯᠡᠰᠦᠷᠬᠡᠭ ᠪᠦᠰᠡᠨ ᠳᠤ ᠤᠷᠭᠤᠵᠤ᠂ ᠰᠠᠯᠬᠢᠨ ᠢ ᠬᠠᠯᠬᠠᠯᠠᠨ | ᠡᠯᠡᠰᠦ ᠶᠢ ᠲᠣᠭᠲᠠᠪᠤᠷᠢᠵᠢᠭᠤᠯᠬᠤ ᠰᠢᠯᠢᠳᠡᠭ ᠰᠠᠶᠢᠨ ᠮᠣᠳᠣᠨ ᠤ ᠲᠥᠷᠥᠯ ᠪᠣᠯᠣᠨ᠎ᠠ᠃ | ᠬᠡᠭᠡᠷ᠎ᠡ ᠶᠢᠨ ᠠᠮᠢᠲᠠᠨ 49 ᠵᠦᠢᠯ ᠪᠤᠶ᠃ ᠡᠭᠦᠨ ᠤ ᠳᠣᠲᠣᠷ᠎ᠠ ᠤᠯᠤᠰ ᠤᠨ ᠬᠠᠮᠠᠭᠠᠯᠠᠯᠲᠠ ᠳᠤ ᠣᠷᠣᠭᠤᠯᠤᠭᠰᠠᠨ ᠬᠤᠪᠣᠷ ᠴᠤᠬᠠᠭ ᠠᠮᠢᠲᠠᠨ 12 ᠵᠦᠢᠯ | ᠪᠤᠶ᠃ ᠡᠭᠦᠨ ᠳᠤ ᠲᠤᠷᠤᠭ ᠪᠤᠭᠤ᠂ ᠬᠠᠨᠳᠠᠭᠠᠢ᠂ ᠵᠡᠭᠡᠷ᠎ᠡ᠂ ᠬᠠᠷ᠎ᠠ ᠪᠠᠭᠠᠪᠠᠭᠠᠢ᠂ ᠴᠠᠰᠤᠨ ᠲᠠᠤᠯᠠᠢ᠂ ᠰᠢᠯᠦᠭᠦᠰᠦ᠂ ᠪᠣᠷᠣ ᠡᠯᠪᠡᠭᠡᠰᠦ᠂ ᠲᠠᠷᠪᠠᠭ᠎ᠠ ᠵᠡᠷᠭᠡ ᠪᠤᠶ᠃ | ᠵᠢᠭᠦᠷᠲᠡᠨ 140 ᠵᠦᠢᠯ ᠪᠤᠶ᠃ ᠡᠭᠦᠨ ᠤ ᠳᠣᠲᠣᠷ᠎ᠠ ᠤᠯᠤᠰ ᠤᠨ ᠬᠠᠮᠠᠭᠠᠯᠠᠯᠲᠠ ᠳᠤ ᠪᠠᠶᠢᠭ᠎ᠠ ᠰᠢᠪᠠᠭᠤᠨ ᠤ ᠲᠥᠷᠥᠯ 49 ᠪᠣᠶ᠃ ᠬᠤᠨ ᠭᠠᠯᠠᠭᠤ᠂ ᠠᠯ | ᠰᠡᠭᠦᠯᠲᠦ ᠲᠣᠭᠤᠷᠤᠤ᠂ ᠨᠤᠭᠲᠤᠷᠤ᠂ ᠬᠠᠷ᠎ᠠ ᠶᠰᠣᠲᠣ ᠲᠠᠬᠢᠶ᠎ᠠ᠂ ᠬᠠᠯᠢᠭᠤᠨ ᠭᠠᠯᠠᠭᠤ᠂ ᠪᠦᠳᠦᠨ᠎ᠡ᠂ ᠬᠠᠯᠢᠭᠤᠨ ᠭᠠᠯᠠᠭᠤ᠂ ᠬᠠᠶᠢᠷᠠᠭᠤᠴᠠᠢ᠂ ᠬᠥᠬᠦᠭᠡ᠂ ᠴᠠᠭᠠᠨ | ᠤᠷᠠᠨ᠂ ᠵᠢᠷᠭᠢᠮᠡᠯ᠂ ᠭᠤᠷᠭᠤᠤᠯ᠂ ᠬᠡᠭᠡᠷ᠎ᠡ ᠶᠢᠨ ᠨᠤᠭᠤᠰᠤ ᠵᠡᠷᠭᠡ ᠪᠠᠶᠢᠨ᠎ᠠ᠃ | ᠥᠪᠡᠷᠲᠡᠭᠡᠨ ᠵᠠᠰᠠᠬᠤ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠳᠤ ᠨᠡᠯᠢᠶᠡᠳ ᠡᠯᠪᠡᠭ ᠳᠡᠯᠪᠡᠭ ᠵᠢᠭᠠᠰᠤᠨ ᠤ ᠲᠥᠷᠥᠯ ᠤᠨ ᠪᠦᠲᠦᠭᠡᠭᠳᠡᠬᠦᠨ ᠲᠠᠢ | ᠂ ᠭᠤᠣᠯᠳᠠᠭᠤ ᠬᠡᠯᠲᠡᠭᠡ ᠵᠢᠭᠠᠰᠤ᠂ ᠮᠥᠷᠭᠦ ᠵᠢᠭᠠᠰᠤ᠂ ᠵᠢᠷᠠ ᠵᠢᠭᠠᠰᠤ᠂ ᠨᠠᠷᠢᠨ ᠬᠠᠶᠢᠷᠰᠤᠲᠤ ᠵᠢᠭᠠᠰᠤ᠂ ᠨᠣᠬᠠᠢ ᠵᠢᠭᠠᠰᠤ᠂ ᠴᠤᠯᠪᠤᠷᠲᠤ ᠵᠢᠭᠠᠰᠤ ᠵᠢᠴᠢ ᠮᠣᠭᠠᠢ | ᠵᠢᠷᠠᠰᠤ᠂ ᠪᠤᠷᠭᠠᠰᠤᠨ ᠤ ᠦᠨᠳᠦᠰᠦ᠂ ᠭᠤᠣᠯ ᠤᠨ ᠰᠠᠮ ᠬᠤᠷᠣᠬᠠᠢ ᠵᠡᠷᠭᠡ ᠪᠣᠶ᠃ | ᠬᠤᠢ ᠭᠤᠣᠯ ᠤᠨ ᠳᠤᠮᠳᠠᠳᠤ ᠳᠣᠣᠷᠠᠳᠤ ᠤᠷᠤᠰᠬᠠᠯ ᠤᠨ ᠬᠤᠶᠠᠷ ᠡᠷᠭᠢ ᠶᠢᠨ 150 ᠺᠢᠯᠣᠮᠧᠲᠷ ᠤᠨ ᠥᠷᠭᠡᠨ ᠠᠭᠤᠳᠠᠮ ᠨᠠᠮᠤᠭ ᠭᠠᠵᠠᠷ ᠤᠨ ᠪᠦᠰᠡᠨ ᠳᠤ | ᠲᠥᠪᠯᠡᠷᠡᠨ ᠵᠠᠯᠭᠠᠯᠳᠤᠭᠰᠠᠨ᠂ ᠡᠭᠡᠳᠡᠩ ᠠᠷᠪᠢᠨ ᠭᠠᠷᠳᠠᠭ᠂ ᠴᠢᠨᠠᠷ ᠰᠠᠶᠢᠲᠠᠢ ᠪᠠᠶᠢᠭᠠᠯᠢ ᠶᠢᠨ ᠬᠤᠯᠤᠰᠤ ᠤᠷᠭᠤᠵᠤ᠂ ᠴᠠᠭᠠᠰᠤ ᠬᠢᠬᠦ ᠠᠵᠤ ᠦᠢᠯᠡᠳᠪᠦᠷᠢ ᠶᠢᠨ | ᠰᠢᠯᠢᠳᠡᠭ ᠲᠦᠭᠦᠬᠡᠢ ᠮᠠᠲ᠋ᠧᠷᠢᠶᠠᠯ ᠪᠣᠯᠤᠭᠰᠠᠨ ᠪᠠᠶᠢᠨ᠎ᠠ᠃ | ᠵᠢᠷᠭᠤᠭ᠎ᠠ᠂ ᠠᠭᠤᠷᠬᠠᠢ ᠶᠢᠨ ᠡᠬᠢ ᠪᠠᠶᠠᠯᠢᠭ | ᠥᠪᠡᠷᠲᠡᠭᠡᠨ ᠵᠠᠰᠠᠬᠤ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠮᠠᠰᠢ ᠡᠯᠪᠡᠭ᠂ ᠣᠨᠴᠠᠭᠠᠶᠢᠯᠠᠨ ᠨᠡᠭᠦᠷᠡᠰᠦᠨ ᠤ ᠡᠬᠢ ᠪᠠᠶᠠᠯᠢᠭ ᠤᠨ | ᠬᠠᠳᠠᠭᠠᠯᠠᠭᠳᠠᠴᠠ ᠶᠢᠨ ᠬᠡᠮᠵᠢᠶ᠎ᠡ ᠨᠢ 103.12 ᠳ᠋ᠦᠩᠰᠢᠭᠤᠷ ᠲᠣᠨ ᠠᠴᠠ ᠳᠡᠭᠡᠭᠰᠢ ᠪᠠᠶᠢᠬᠤ ᠶᠢ ᠬᠠᠶᠢᠨ ᠲᠣᠳᠣᠯᠠᠵᠠᠢ᠃ ᠪᠠᠰᠠ ᠲᠡᠮᠦᠷ ᠤᠨ ᠠᠭᠤᠷᠬᠠᠢ᠂ | ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠢᠴᠢ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠪᠣᠯᠣᠷ᠂ ᠬᠤᠵᠢᠷ ᠵᠡᠷᠭᠡ ᠪᠠᠶᠢᠨ᠎ᠠ᠃ | ︵ᠨᠢᠭᠡ︶ ᠨᠡᠭᠦᠷᠡᠰᠦᠨ ᠤ ᠡᠬᠢ ᠪᠠᠶᠠᠯᠢᠭ | ᠳ᠋ᠠ ᠶᠠᠨ ᠨᠡᠭᠦᠷᠡᠰᠦᠨ ᠠᠭᠤᠷᠬᠠᠢ ᠪᠣᠯ ᠥᠪᠡᠷᠲᠡᠭᠡᠨ ᠵᠠᠰᠠᠬᠤ ᠬᠤᠰᠢᠭᠤᠨ ᠤ ᠵᠡᠭᠦᠨ ᠬᠤᠶᠢᠲᠤ ᠦᠵᠦᠭᠦᠷ᠂ ᠪᠢᠨ ᠵᠧᠦ ᠲᠡᠮᠦᠷ ᠵᠠᠮ ᠪᠠ 301 | ᠤᠯᠤᠰ ᠤᠨ ᠵᠠᠮ ᠤᠨ ᠠᠭᠤᠷᠬᠠᠢ ᠶᠢᠨ ᠣᠷᠣᠨ ᠢ ᠬᠥᠨᠳᠡᠯᠡᠨ ᠢᠶᠠᠷ ᠬᠤᠯᠪᠣᠭᠰᠠᠨ ᠪᠠᠶᠢᠳᠠᠭ᠃ ᠨᠢᠭᠡᠨᠲᠡ ᠬᠠᠶᠢᠨ ᠲᠣᠳᠣᠯᠠᠭᠰᠠᠨ ᠨᠡᠭᠦᠷᠡᠰᠦᠨ ᠤ ᠡᠬᠢ ᠪᠠᠶᠠᠯᠢᠭ ᠤᠨ | ᠶᠡᠷᠦᠩᠬᠡᠢ ᠬᠠᠳᠠᠭᠠᠯᠠᠭᠳᠠᠴᠠ ᠨᠢ 93.41 ᠳ᠋ᠦᠩᠰᠢᠭᠤᠷ ᠲᠣᠨ᠂ ᠬᠦᠷᠡᠩ ᠨᠡᠭᠦᠷᠡᠰᠦᠨ ᠤ ᠲᠥᠷᠥᠯ ᠪᠣᠯᠣᠨ᠎ᠠ᠃ | ᠢᠮᠢᠨ ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠬᠤᠰᠢᠭᠤᠨ ᠤ ᠳᠤᠮᠳᠠᠳᠤ ᠬᠡᠰᠡᠭ ᠤᠨ ᠢᠮᠢᠨ ᠭᠤᠣᠯ ᠤᠨ ᠬᠥᠪᠡᠭᠡᠨ ᠳᠤ ᠪᠠᠶᠢᠷᠢᠯᠠᠵᠤ᠂ | ᠬᠤᠰᠢᠭᠤ ᠵᠠᠰᠠᠭ ᠰᠠᠭᠤᠭ᠎ᠠ ᠪᠠᠶᠠᠨᠲᠤᠬᠠᠶ ᠪᠠᠯᠭᠠᠰᠤ ᠠᠴᠠ 68 ᠺᠢᠯᠣᠮᠧᠲᠷ ᠵᠠᠶᠢᠲᠠᠢ ᠪᠠᠶᠢᠵᠤ᠂ ᠲᠡᠮᠦᠷ ᠵᠠᠮ ᠪᠠ ᠵᠠᠰᠠᠮᠠᠯ ᠵᠠᠮ ᠨᠢ ᠬᠠᠶᠢᠯᠠᠷ ᠬᠤᠲᠠ ᠲᠠᠢ | ᠵᠠᠯᠭᠠᠯᠳᠤᠵᠤ ᠪᠠᠶᠢᠳᠠᠭ᠃ ᠬᠠᠶᠢᠨ ᠲᠣᠳᠣᠯᠠᠭᠰᠠᠨ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠨᠢ 49.82 ᠳ᠋ᠦᠩᠰᠢᠭᠤᠷ ᠲᠣᠨ ᠪᠣᠯᠣᠨ᠎ᠠ᠃ | ᠲᠠᠪᠤᠳᠤᠭᠠᠷ ᠮᠠᠯᠵᠢᠯ ᠤᠨ ᠲᠠᠯᠠᠪᠠᠢ ᠶᠢᠨ ᠨᠡᠭᠦᠷᠡᠰᠦᠨ ᠠᠭᠤᠷᠬᠠᠢ ᠪᠣᠯ ᠢᠮᠢᠨ ᠨᠡᠭᠦᠷᠡᠰᠦᠨ ᠠᠭᠤᠷᠬᠠᠢ ᠶᠢᠨ ᠬᠤᠶᠢᠲᠤ ᠬᠡᠰᠡᠭ ᠲᠤ ᠪᠠᠶᠢᠷᠢᠯᠠᠵᠤ᠂ ᠵᠠᠰᠠᠮᠠᠯ | ᠵᠠᠮ ᠢᠶᠠᠷ ᠨᠡᠪᠲᠡᠷᠡᠳᠡᠭ᠃ ᠡᠬᠢ ᠪᠠᠶᠠᠯᠢᠭ ᠤᠨ ᠬᠠᠳᠠᠭᠠᠯᠠᠭᠳᠠᠴᠠ11.06 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ ᠳᠠᠪᠬᠤᠷᠭ᠎ᠠ ᠳᠤ ᠬᠦᠷᠡᠩ ᠨᠡᠭᠦᠷᠡᠰᠦ᠂ | ᠴᠠᠩ ᠯᠢᠨ ᠨᠡᠭᠦᠷᠡᠰᠦ᠂ ᠬᠡᠶᠢᠵᠢᠭᠦᠯᠦᠭᠰᠡᠨ ᠨᠡᠭᠦᠷᠡᠰᠦ᠂ ᠬᠡᠥᠷᠰᠦ ᠨᠡᠭᠦᠷᠡᠰᠦ᠂ ᠶᠠᠳᠠᠭᠤᠯᠢᠭ ᠨᠡᠭᠦᠷᠡᠰᠦ᠂ ᠮᠠᠭᠤ ᠨᠡᠭᠦᠷᠡᠰᠦ᠂ ᠰᠤᠯᠠ ᠪᠠᠷᠢᠯᠳᠤᠬᠤ ᠨᠡᠭᠦᠷᠡᠰᠦ ᠪᠠ | ᠥᠯᠥ ᠪᠠᠷᠢᠯᠳᠤᠬᠤ ᠨᠡᠭᠦᠷᠡᠰᠦ ᠵᠡᠷᠭᠡ ᠣᠯᠠᠨ ᠵᠦᠢᠯ ᠪᠤᠶ᠃ | ᠬᠤᠩᠭᠤᠯᠵᠢ ᠨᠡᠭᠦᠷᠡᠰᠦᠨ ᠠᠭᠤᠷᠬᠠᠢ ᠪᠣᠯ ᠢᠮᠢᠨ ᠨᠡᠭᠦᠷᠡᠰᠦᠨ ᠠᠭᠤᠷᠬᠠᠢ ᠶᠢᠨ ᠡᠮᠦᠨ᠎ᠡ ᠬᠡᠰᠡᠭ ᠤᠨ ᠬᠤᠩᠭᠤᠯᠵᠢ ᠪᠠᠯᠭᠠᠰᠤᠨ ᠤ ᠬᠢᠯᠢ ᠳᠤ ᠪᠠᠶᠢᠷᠢᠯᠠᠵᠤ᠂ | ᠵᠠᠰᠠᠮᠠᠯ ᠵᠠᠮ ᠨᠡᠪᠲᠡᠷᠡᠳᠡᠭ᠃ 20 ᠳ᠋ᠤᠭᠠᠷ ᠵᠠᠭᠤᠨ ᠤ ᠨᠠᠶᠠᠭᠠᠳ ᠣᠨ ᠳᠤ ᠠᠩᠬ᠎ᠠ ᠠᠯᠬᠤᠮ ᠤᠨ ᠬᠠᠶᠢᠨ ᠰᠢᠨᠵᠢᠯᠡᠯᠲᠡ ᠳᠤ᠂ ᠬᠠᠳᠠᠭᠠᠯᠠᠭᠳᠠᠴᠠ ᠨᠢ ᠪᠠᠷᠤᠭ 15 | ᠳ᠋ᠦᠩᠰᠢᠭᠤᠷ ᠲᠣᠨ ᠪᠠᠶᠢᠪᠠ᠃ | ᠡᠭᠦᠨ ᠠᠴᠠ ᠭᠠᠳᠠᠨ᠎ᠠ ᠪᠠᠰᠠ ᠲᠡᠮᠡᠭᠡᠬᠦᠵᠦᠭᠦᠦ ᠨᠡᠭᠦᠷᠡᠰᠦᠨ ᠠᠭᠤᠷᠬᠠᠢ ᠶᠢᠨ ᠨᠡᠭᠦᠷᠡᠰᠦᠨ ᠤ ᠬᠠᠳᠠᠭᠠᠯᠠᠭᠳᠠᠴᠠ 3494 ᠲᠦᠮᠡᠨ ᠲᠣᠨ ᠪᠠᠶᠢᠨ᠎ᠠ᠂ ᠨᠠᠨ | ᠲᠦᠨ ᠤ ᠨᠡᠭᠦᠷᠡᠰᠦᠨ ᠠᠭᠤᠷᠬᠠᠢ ᠶᠢᠨ ᠠᠯᠤᠰ ᠤᠨ ᠵᠢᠱᠢᠯᠲᠡ ᠪᠠᠷ ᠪᠤᠯᠠᠭᠳᠠᠴᠠ ᠶᠢᠨ ᠬᠡᠮᠵᠢᠶ᠎ᠡ ᠨᠢ 4.78 ᠳ᠋ᠦᠩᠰᠢᠭᠤᠷ ᠲᠣᠨ ᠳᠤ ᠬᠦᠷᠴᠡᠢ᠃ ᠬᠤᠷᠸᠠᠬᠠᠨ | ᠨᠡᠭᠦᠷᠡᠰᠦᠨ ᠠᠭᠤᠷᠬᠠᠢ ᠶᠢᠨ ᠬᠠᠳᠠᠭᠠᠯᠠᠭᠳᠠᠴᠠ ᠨᠢ 7.2 ᠳ᠋ᠦᠩᠰᠢᠭᠤᠷ ᠲᠣᠨ ᠳᠤ ᠬᠦᠷᠬᠦ ᠪᠠᠷ ᠠᠯᠤᠰ ᠵᠢᠱᠢᠯᠲᠡ ᠲᠠᠢ ᠪᠠᠶᠢᠨ᠎ᠠ᠃ | ︵ᠬᠤᠶᠠᠷ︶ ᠬᠠᠷ᠎ᠠ ᠲᠡᠮᠦᠷᠯᠢᠭ | ᠥᠪᠡᠷᠲᠡᠭᠡᠨ ᠵᠠᠰᠠᠬᠤ ᠬᠤᠰᠢᠭᠤᠨ ᠤ ᠬᠢᠯᠢ ᠳᠤ ᠢᠯᠡᠷᠡᠭᠦᠯᠦᠭᠰᠡᠨ ᠬᠠᠷ᠎ᠠ ᠲᠡᠮᠦᠷᠯᠢᠭ ᠤᠨ ᠣᠯᠠᠩᠬᠢ ᠨᠢ ᠲᠡᠮᠦᠷ ᠤᠨ ᠠᠭᠤᠷᠬᠠᠢ ᠪᠠᠶᠢᠵᠤ᠂ | ᠬᠠᠳᠠᠭᠠᠯᠠᠭᠳᠠᠴᠠ ᠶᠢᠨ ᠬᠡᠪᠴᠢᠶ᠎ᠡ ᠨᠢ ᠳᠤᠮᠳᠠ ᠵᠢᠵᠢᠭ ᠬᠡᠯᠪᠡᠷᠢ ᠶᠢᠨ ᠪᠠᠶᠢᠳᠠᠭ᠃ | ᠯᠢ ᠽᠢ ᠱᠠᠨ ᠲᠡᠮᠦᠷ ᠤᠨ ᠠᠭᠤᠷᠬᠠᠢ ᠪᠣᠯ ᠥᠪᠡᠷᠲᠡᠭᠡᠨ ᠵᠠᠰᠠᠬᠤ ᠬᠤᠰᠢᠭᠤᠨ ᠤ ᠵᠡᠭᠦᠨ ᠡᠮᠦᠨ᠎ᠡ ᠪᠡᠶ᠎ᠡ ᠶᠢᠨ ᠵᠠᠬ᠎ᠠ ᠳᠤ ᠪᠠᠶᠢᠷᠢᠯᠠᠵᠤ᠂ ᠲᠤᠰᠬᠠᠢ ᠵᠠᠰᠠᠮᠠᠯ | ᠵᠠᠮ ᠢᠶᠠᠷ ᠠᠭᠤᠷᠬᠠᠢ ᠶᠢᠨ ᠣᠷᠣᠨ ᠳᠤ ᠨᠡᠪᠲᠡᠷᠡᠳᠡᠭ᠃ ᠬᠠᠳᠠᠭᠠᠯᠠᠭᠳᠠᠴᠠ ᠶᠢᠨ ᠬᠡᠮᠵᠢᠶ᠎ᠡ ᠨᠢ 680 ᠲᠦᠮᠡᠨ ᠲᠣᠨ ᠣᠷᠴᠢᠮ ᠪᠠᠶᠢᠵᠤ᠂ ᠳᠤᠮᠳᠠ ᠵᠡᠷᠭᠡ ᠶᠢᠨ | ᠬᠡᠪᠴᠢᠶᠡᠨ ᠤ ᠲᠡᠮᠦᠷ ᠤᠨ ᠪᠠᠶᠠᠯᠢᠭ ᠠᠭᠤᠷᠬᠠᠢ ᠳᠤ ᠬᠠᠷᠢᠶᠠᠯᠠᠭᠳᠠᠨ᠎ᠠ᠃ | ᠵᠥᠩ ᠳ᠋ᠣᠣ ᠱᠠᠨ ᠲᠡᠮᠦᠷ ᠤᠨ ᠠᠭᠤᠷᠬᠠᠢ ᠪᠣᠯ ᠯᠢ ᠽᠢ ᠱᠠᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠵᠠᠮ ᠬᠠᠷᠢᠯᠴᠠᠭ᠎ᠠ ᠳᠥᠭᠦᠮ ᠳᠥᠲᠡ | ᠪᠠᠶᠢᠳᠠᠭ᠃ ᠶᠡᠷᠦᠩᠬᠡᠢ ᠬᠠᠳᠠᠭᠠᠯᠠᠭᠳᠠᠴᠠ ᠨᠢ 33.7 ᠲᠦᠮᠡᠨ ᠲᠣᠨ ᠪᠠᠶᠢᠵᠤ᠂ ᠵᠢᠵᠢᠭ ᠬᠡᠯᠪᠡᠷᠢ ᠶᠢᠨ ᠰᠣᠷᠢᠨᠵᠢᠨ ᠲᠡᠮᠦᠷ ᠤᠨ ᠠᠭᠤᠷᠬᠠᠢ ᠳᠤ ᠬᠠᠷᠢᠶᠠᠯᠠᠭᠳᠠᠨ᠎ᠠ᠃ | ᠲᠠᠷᠴᠢ ᠶᠢᠨ ᠲᠡᠮᠦᠷ ᠤᠨ ᠠᠭᠤᠷᠬᠠᠢ ᠪᠣᠯ ᠥᠪᠡᠷᠲᠡᠭᠡᠨ ᠵᠠᠰᠠᠬᠤ ᠬᠤᠰᠢᠭᠤᠨ ᠤ ᠵᠡᠭᠦᠨ ᠡᠮᠦᠨ᠎ᠡ ᠪᠠ ᠶᠠᠭᠰᠢ ᠶᠢᠨ ᠠᠭᠤᠯᠵᠠᠷ ᠲᠤ ᠣᠷᠣᠰᠢᠵᠤ᠂ ᠲᠡᠮᠦᠷ ᠤᠨ | ᠠᠭᠤᠷᠬᠠᠢ ᠠᠴᠠ ᠪᠠᠷᠠᠭᠤᠨ ᠬᠤᠶᠢᠰᠢ 9 ᠺᠢᠯᠣᠮᠧᠲᠷ ᠤᠨ ᠭᠠᠵᠠᠷ ᠲᠤ ᠵᠠᠰᠠᠮᠠᠯ ᠵᠠᠮ ᠢᠶᠠᠷ ᠥᠩᠭᠡᠷᠡᠵᠦ ᠪᠠᠶᠢᠨ᠎ᠠ᠃ ᠬᠠᠶᠢᠨ ᠲᠣᠳᠣᠯᠠᠭᠰᠠᠨ ᠬᠠᠳᠠᠭᠠᠯᠠᠭᠳᠠᠴᠠ ᠨᠢ | 551 ᠲᠦᠮᠡᠨ ᠲᠣᠨ᠂ ᠬᠦᠳᠡᠷ ᠤᠨ ᠪᠦᠷᠢᠯᠳᠦᠭᠦᠨ ᠨᠢ ᠲᠥᠬᠦᠮ᠂ ᠪᠦᠬᠦᠯᠢ ᠳᠤ ᠨᠢ ᠠᠪᠴᠣ ᠠᠰᠢᠭᠯᠠᠬᠤ ᠱᠠᠭᠠᠷᠳᠠᠯᠭ᠎ᠠ ᠳᠤ ᠭᠦᠷᠦᠭᠰᠡᠨ ᠦᠭᠡᠢ᠃ | ᠡᠭᠦᠨ ᠠᠴᠠ ᠭᠠᠳᠠᠨ᠎ᠠ ᠪᠠᠰᠠ ᠴᠢᠯᠠᠭᠤᠨ ᠲᠣᠰᠣ᠂ ᠵᠡᠰ᠂ ᠴᠠᠶᠢᠷ᠂ ᠪᠧᠷᠢᠯᠢ᠂ ᠪᠣᠯᠣᠷ᠂ ᠪᠠᠶᠢᠭᠠᠯᠢ ᠶᠢᠨ ᠰᠢᠲᠠᠮᠠᠬᠠᠢ ᠬᠡᠢ᠂ ᠪᠣᠷᠵᠢᠨ ᠴᠢᠯᠠᠭᠤᠯᠢᠭ᠂ ᠲᠣᠮᠣ | ᠰᠦᠯᠢᠶᠥᠦ ᠴᠢᠯᠠᠭᠤᠯᠢᠭ᠂ ᠴᠣᠬᠤᠢ ᠶᠢᠨ ᠴᠢᠯᠠᠭᠤᠯᠢᠭ ᠵᠡᠷᠭᠡ ᠪᠠᠶᠢᠨ᠎ᠠ᠃ | | | | | |